ᠪᠠᠶᠠᠮ᠎ᠠ
ᠨᠡᠶᠢᠲᠡᠯᠡᠭᠰᠡᠨ ᠴᠠᠭ᠄
2021/5/18
巴彦玛.jpg
      ᠪᠠᠶᠠᠮ᠎ᠠ ︵1913 ~ 1948︶ ᠡᠮᠡᠭᠲᠡᠢ᠂ ᠮᠣᠩᠭᠤᠯ ᠦᠨᠳᠦᠰᠦᠲᠡᠨ᠂ ᠰᠢᠯᠢ ᠶᠢᠨ ᠭᠤᠣᠯ ᠤᠨ ᠴᠢᠭᠤᠯᠭᠠᠨ ᠤ ᠬᠦᠪᠡᠭᠡᠲᠦ ᠰᠢᠷ᠎ᠠ ᠬᠤᠰᠢᠭᠤᠨ ᠤ ᠬᠤᠩᠭᠤᠷ ᠠᠭᠤᠯᠠ ᠰᠣᠮᠤᠨ ᠤ ᠬᠦᠮᠦᠨ᠃ 1946 ᠣᠨ ᠳᠤ ᠬᠤᠪᠢᠰᠬᠠᠯ ᠳᠤ ᠣᠷᠤᠯᠴᠠᠨ᠂ ᠬᠦᠪᠡᠭᠡᠲᠦ ᠰᠢᠷ᠎ᠠ ᠬᠤᠰᠢᠭᠤᠨ ᠤ ᠠᠷᠠᠳᠴᠢᠯᠠᠭᠰᠠᠨ ᠵᠠᠰᠠᠭ ᠤᠨ ᠣᠷᠳᠤᠨ ᠤ ᠨᠢᠭᠡᠳᠦᠭᠡᠷ ᠰᠣᠮᠤᠨ ᠤ ᠣᠪᠤᠭᠠᠨ ᠭᠤᠣᠯ ᠤᠨ ᠡᠭᠦᠷ ᠤᠨ ᠳᠠᠷᠤᠭ᠎ᠠ ᠪᠣᠯᠵᠠᠢ᠃ ᠲᠡᠷᠡ ᠤᠯᠠᠨ ᠲᠦᠮᠡᠨ ᠳᠤ ᠨᠠᠮ ᠤᠨ ᠴᠢᠭᠯᠡᠯᠲᠡ ᠲᠦ᠋ᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠤᠬᠠᠭᠤᠯᠵᠤ᠂ ᠶᠠᠳᠠᠭᠤ ᠬᠦᠴᠢᠷᠳᠡᠯᠲᠡᠶ ᠮᠠᠯᠴᠢᠳ ᠢ ᠤᠳᠤᠷᠢᠳᠤᠨ ᠴᠡᠷᠢᠭ ᠤᠨ ᠡᠳ᠋ ᠪᠠᠷᠠᠭ᠎ᠠ ᠨᠡᠶᠢᠯᠡᠭᠦᠯᠵᠦ ᠴᠤᠭᠯᠠᠭᠤᠯᠤᠨ᠂ ᠬᠠᠷᠬᠢᠰᠴᠤᠳ ᠢ ᠠᠷᠢᠯᠭᠠᠨ ᠲᠠᠩᠨᠠᠭᠤᠯ ᠢ ᠰᠡᠷᠭᠡᠶᠢᠯᠡᠵᠦ᠂ ᠴᠢᠯᠦᠭᠡᠯᠡᠬᠦ ᠳᠠᠶᠢᠨ ᠢ ᠳᠡᠮᠵᠢᠬᠦ ᠠᠵᠢᠯ ᠢ ᠢᠳᠡᠪᠬᠢᠲᠡᠢ ᠪᠠᠷ ᠬᠢᠭᠰᠡᠨ ᠪᠦᠭᠡᠳ ᠠᠷᠠᠳ ᠤᠨ ᠴᠢᠯᠦᠭᠡᠯᠡᠬᠦ ᠴᠡᠷᠢᠭ ᠲᠤ ᠣᠯᠠᠨᠲᠠ ᠴᠡᠷᠢᠭ ᠤᠨ ᠮᠡᠳᠡᠭᠡ ᠴᠤᠭᠯᠠᠭᠤᠯᠤᠨ ᠳᠠᠮᠵᠢᠭᠤᠯᠵᠤ ᠦᠭᠴᠦ ᠪᠠᠶᠢᠵᠠᠢ᠃ 1948 ᠣᠨ ᠤ 4 ᠰᠠᠷ᠎ᠠ ᠳᠤ ᠪᠠᠷᠢᠪᠴᠢᠯᠠᠭᠳᠠᠨ᠂ 18 ᠤ ᠡᠳᠦᠷ ᠬᠤᠣᠷᠯᠠᠭᠳᠠᠵᠠᠢ᠃
ᠢᠷᠡᠯᠲᠡ᠄ ︽ᠮᠣᠩᠭᠤᠯ ᠦᠨᠳᠦᠰᠦᠲᠡᠨ ᠤ ᠪᠦᠷᠢᠨ ᠲᠣᠯᠢ︾