|
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠥᠷᠭᠡᠨ ᠬᠡᠷᠡᠭᠴᠡᠭᠡᠨ ᠤ ᠲᠠᠸᠠᠷ ᠤᠨ | ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠵᠡᠷᠭᠡ ᠠᠵᠢᠯ ᠢ ᠪᠠᠶᠢᠷᠢᠯᠠᠭᠤᠯᠪᠠ |
|
|
ᠨᠡᠶᠢᠲᠡᠯᠡᠭᠰᠡᠨ ᠴᠠᠭ᠄
2021/5/20
|
|
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ ᠥᠷᠭᠡᠨ ᠬᠡᠷᠡᠭᠴᠡᠭᠡᠨ ᠤ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠲᠤᠬᠠᠶ ᠪᠠᠶᠢᠷᠢᠯᠠᠭᠤᠯᠪᠠ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ ᠠᠬᠤᠶᠢᠯᠠᠯ ᠳᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠵᠢᠯ ᠢ ᠨᠠᠩ ᠰᠠᠶᠢᠲᠤᠷ ᠬᠢᠬᠦ ᠪᠠᠷ ᠪᠣᠢ ︽ᠭᠠᠭ᠋ᠠᠶ ᠨᠢᠲᠤᠯᠬᠤ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠪᠠᠲᠤᠯᠠᠪᠠ
ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠳ᠋ᠤᠭᠠᠷ ᠰᠠᠷ᠎ᠠ ᠶᠢᠨ 19 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠷᠭᠡᠨ ᠬᠡᠷᠡᠭᠴᠡᠭᠡᠨ ᠤ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠲᠤᠬᠠᠢ ᠪᠠᠶᠢᠷᠢᠯᠠᠭᠤᠯᠪᠠ︔ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ ᠠᠬᠤᠶᠢᠯᠠᠯ ᠳᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠵᠢᠯ ᠢ ᠨᠡᠩ ᠰᠠᠶᠢᠲᠤᠷ ᠬᠢᠬᠦ ᠪᠠᠷ ᠪᠣᠢ︔ ︽ᠭᠠᠭ᠋ᠠᠶ ᠨᠢᠲᠤᠯᠬᠤ ᠬᠠᠮᠢᠶᠠᠷᠤᠯᠲᠠ ᠶᠢᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠪᠠᠲᠤᠯᠠᠪᠠ᠃ ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠠᠴᠠ ᠨᠠᠭᠠᠰᠢ᠂ ᠭᠤᠣᠯᠳᠠᠭᠤ ᠣᠯᠠᠨ ᠤᠯᠤᠰ ᠤᠨ ᠳᠠᠮᠵᠢᠭᠤᠯᠭ᠎ᠠ ᠵᠡᠷᠭᠡ ᠣᠯᠠᠨ ᠵᠦᠢᠯ ᠤᠨ ᠬᠦᠴᠦᠨ ᠵᠦᠢᠯ ᠤᠨ ᠨᠥᠯᠥᠭᠡᠯᠡᠯ ᠢᠶᠠᠷ ᠥᠷᠭᠡᠨ ᠬᠡᠷᠡᠭᠴᠡᠭᠡᠨ ᠤ ᠬᠡᠰᠡᠭ ᠲᠠᠸᠠᠷ ᠤᠨ ᠦᠨ᠎ᠡ ᠦᠷᠭᠦᠯᠵᠢᠯᠡᠨ ᠥᠰᠴᠦ᠂ ᠵᠠᠷᠢᠮ ᠲᠥᠷᠥᠯ ᠵᠦᠢᠯ ᠤᠨ ᠦᠨ᠎ᠡ ᠬᠠᠩᠰᠢ ᠵᠠᠯᠭᠠᠭ᠎ᠠ ᠪᠠᠷ ᠰᠢᠨ᠎ᠡ ᠲᠡᠮᠳᠡᠭᠯᠡᠯ ᠢ ᠡᠭᠦᠳᠪᠡ᠃ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠥᠰᠦᠭᠰᠡᠨ ᠠᠴᠠ ᠪᠣᠯᠤᠭᠰᠠᠨ ᠨᠠᠵᠠᠭᠠᠢ ᠨᠥᠯᠥᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ᠂ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠵᠠᠬ᠎ᠠ ᠳᠡᠯᠭᠡᠭᠦᠷ ᠤᠨ ᠬᠤᠪᠢᠷᠠᠯᠲᠠ ᠳᠤ ᠴᠢᠭᠯᠡᠭᠦᠯᠦᠨ᠂ ᠭᠤᠣᠯᠳᠠᠯᠭ᠎ᠠ ᠶᠢ ᠲᠤᠪᠤᠶᠢᠯᠭᠠᠨ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠥᠷᠭᠡᠨ ᠬᠡᠷᠡᠭᠴᠡᠭᠡᠨ ᠤ ᠲᠠᠸᠠᠷ ᠤᠨ ᠬᠠᠩᠭᠠᠯᠭ᠎ᠠ ᠶᠢ ᠪᠠᠲᠤᠯᠠᠨ᠂ ᠦᠨ᠎ᠡ ᠬᠠᠩᠰᠢ ᠶᠢᠨ ᠵᠤᠬᠢᠰ ᠦᠭᠡᠢ ᠥᠰᠥᠯᠲᠡ ᠶᠢ ᠬᠤᠷᠢᠭᠯᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠵᠦᠭ ᠳᠠᠮᠵᠢᠭᠳᠠᠬᠤ ᠶᠢ ᠴᠢᠷᠮᠠᠶᠢᠨ ᠰᠡᠷᠭᠡᠶᠢᠯᠡᠬᠦ ᠬᠡᠷᠡᠭᠲᠡᠶ᠃ ᠨᠢᠭᠡ ᠳᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠩᠭᠠᠯᠭ᠎ᠠ ᠬᠡᠷᠡᠭᠴᠡᠭᠡ ᠶᠢᠨ ᠬᠤᠣᠰ ᠴᠢᠭᠯᠡᠯ ᠤᠨ ᠲᠣᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠶ᠃ ᠬᠡᠰᠡᠭ ᠪᠤᠯᠤᠳ ᠲᠡᠮᠤᠷ ᠤᠨ ᠦᠢᠯᠡᠳᠬᠦᠨ ᠤ ᠭᠠᠳᠠᠭᠠᠳᠤ ᠳᠤ ᠭᠠᠷᠭᠠᠬᠤ ᠪᠣᠭᠤᠮᠲᠠ ᠶᠢᠨ ᠭᠠᠶᠢᠯᠢ ᠶᠢ ᠳᠡᠭᠡᠭᠰᠢᠯᠡᠭᠦᠯᠬᠦ᠂ ᠰᠢᠷᠡᠮᠦ ᠵᠢᠴᠢ ᠬᠠᠶᠠᠭᠳᠠᠮᠠᠯ ᠪᠤᠯᠤᠳ ᠵᠡᠷᠭᠡ ᠶᠢ ᠭᠠᠳᠠᠭᠠᠳᠤ ᠠᠴᠠ ᠣᠷᠣᠭᠤᠯᠬᠤ ᠳᠤ ᠲᠦᠷ ᠲᠣᠭᠲᠠᠭᠠᠭᠰᠠᠨ ᠲᠡᠭ ᠭᠠᠶᠢᠯᠢ ᠶᠢᠨ ᠨᠤᠷᠮ᠎ᠠ ᠶᠢ ᠬᠡᠷᠡᠭᠵᠢᠭᠦᠯᠬᠦ᠂ ᠬᠡᠰᠡᠭ ᠪᠤᠯᠤᠳ ᠲᠡᠮᠤᠷ ᠤᠨ ᠦᠢᠯᠡᠳᠬᠦᠨ ᠤ ᠭᠠᠳᠠᠭᠠᠳᠤ ᠳᠤ ᠭᠠᠷᠭᠠᠬᠤ ᠭᠠᠶᠢᠯᠢ ᠶᠢᠨ ᠪᠤᠴᠠᠭᠠᠯᠲᠠ ᠶᠢ ᠬᠦᠴᠦᠨ ᠦᠭᠡᠢ ᠪᠣᠯᠭᠠᠬᠤ ᠵᠡᠷᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠠᠬᠢᠭᠤᠯᠬᠤ ᠬᠡᠷᠡᠭᠲᠡᠢ᠃ ᠪᠦᠲᠦᠴᠡ ᠶᠢ ᠬᠦᠴᠦᠯᠡᠨ ᠲᠣᠬᠢᠷᠠᠭᠤᠯᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠲᠥᠷᠥᠯ ᠵᠦᠢᠯ ᠢ ᠬᠤᠷᠢᠭᠯᠠᠬᠤ ᠬᠡᠷᠡᠭᠲᠡᠢ᠃ ᠮᠠᠨ ᠤ ᠤᠯᠤᠰ ᠤᠨ ᠨᠡᠭᠦᠷᠡᠰᠦᠨ ᠤ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠭᠤᠣᠯᠳᠠᠯᠭ᠎ᠠ ᠲᠠᠢ ᠨᠡᠭᠦᠷᠡᠰᠦᠨ ᠤ ᠠᠵᠤ ᠠᠬᠤᠶᠢᠯᠠᠯ ᠤᠨ ᠠᠶᠤᠯ ᠦᠭᠡᠢ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠭᠠᠷᠤᠯᠲᠠ ᠪᠠ ᠬᠠᠩᠭᠠᠯᠭ᠎ᠠ ᠪᠠᠨ ᠨᠡᠮᠡᠭᠳᠡᠭᠦᠯᠬᠦ ᠶᠢ ᠰᠢᠮᠳᠠᠭᠤᠯᠤᠨ ᠱᠠᠭᠠᠷᠳᠠᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ᠂ ᠤᠰᠤᠨ ᠴᠠᠬᠢᠯᠭᠠᠨ᠂ ᠴᠥᠮ᠎ᠡ ᠶᠢᠨ ᠴᠠᠬᠢᠯᠭᠠᠨ ᠵᠡᠷᠭᠡ ᠶᠢᠨ ᠭᠠᠷᠭᠠᠬᠤ ᠬᠦᠴᠦᠨ ᠢ ᠨᠡᠮᠡᠭᠳᠡᠭᠦᠯᠵᠦ᠂ ᠵᠤᠨ ᠤ ᠤᠷᠬᠢᠯ ᠢ ᠤᠭᠲᠤᠨ ᠥᠩᠭᠡᠷᠡᠭᠡᠬᠦ ᠡᠨᠧᠷᠭᠢ ᠶᠢᠨ ᠰᠤᠷᠪᠤᠯᠵᠢ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠭᠠᠳᠠᠭᠠᠳᠤ ᠨᠡᠭᠡᠭᠡᠯᠳᠡ ᠶᠢ ᠥᠷᠭᠡᠳᠬᠡᠬᠦ ᠶᠢ ᠪᠠᠷᠢᠮᠲᠠᠯᠠᠨ᠂ ᠥᠷᠭᠡᠨ ᠬᠡᠷᠡᠭᠴᠡᠭᠡᠨ ᠤ ᠲᠠᠸᠠᠷ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠ ᠨᠥᠭᠡᠴᠡᠯᠡᠨ ᠲᠣᠬᠢᠷᠠᠭᠤᠯᠬᠤ ᠠᠵᠢᠯ ᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠳᠤ ᠳᠥᠭᠦᠮ ᠦᠵᠡᠭᠦᠯᠬᠦ ᠶᠢ ᠠᠬᠢᠭᠤᠯᠵᠤ᠂ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠨᠡᠩ ᠰᠠᠶᠢᠲᠤᠷ ᠠᠰᠢᠭᠯᠠᠵᠤ᠂ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠬᠤᠶᠠᠷ ᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠠᠵᠢᠯ ᠲᠥᠷᠥᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠵᠤ᠂ ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠢ ᠴᠢᠩᠭᠠᠳᠬᠠᠬᠤ ᠬᠡᠷᠡᠭᠲᠡᠢ᠃ ᠬᠤᠭᠤᠴᠠᠭᠠᠲᠤ ᠪᠠᠷᠠᠭ᠎ᠠ ᠪᠣᠯᠣᠨ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠬᠤᠯᠪᠣᠭᠠᠯᠠᠨ ᠬᠥᠳᠡᠯᠦᠯᠴᠡᠵᠦ ᠬᠢᠨᠠᠯᠲᠠ ᠬᠠᠮᠢᠶᠠᠷᠤᠯᠲᠠ ᠬᠢᠬᠦ ᠶᠢ ᠴᠢᠩᠭᠠᠳᠬᠠᠵᠤ᠂ ᠴᠠᠭ ᠲᠤᠬᠠᠢ ᠳᠤ ᠨᠢ ᠴᠢᠭᠯᠡᠯᠲᠦ ᠴᠢᠨᠠᠷᠲᠠᠶ ᠠᠷᠭ᠎ᠠ ᠬᠡᠮᠵᠢᠶ᠎ᠡ ᠶᠢ ᠲᠣᠬᠢᠷᠠᠭᠤᠯᠤᠨ ᠬᠡᠷᠡᠭᠯᠡᠵᠦ᠂ ᠬᠡᠪ ᠤᠨ ᠪᠤᠰᠤ ᠠᠷᠠᠯᠵᠢᠶ᠎ᠠ ᠪᠠ ᠮᠠᠭᠤ ᠰᠠᠨᠠᠭ᠎ᠠ ᠲᠠᠢ ᠪᠠᠷ ᠬᠥᠭᠡᠷᠭᠡᠳᠡᠬᠦ ᠦᠢᠯᠡ ᠠᠵᠢᠯᠯᠠᠭ᠎ᠠ ᠶᠢ ᠢᠯᠭᠠᠨ ᠪᠠᠶᠢᠴᠠᠭᠠᠬᠤ ᠬᠡᠷᠡᠭᠲᠡᠢ᠃ ᠭᠠᠭᠴᠠᠭᠠᠷ ᠡᠵᠡᠮᠰᠢᠯ ᠤᠨ ᠬᠡᠯᠡᠯᠴᠡᠭᠡᠷ ᠢ ᠬᠡᠷᠡᠭᠵᠢᠭᠦᠯᠬᠦ ᠪᠠᠷ ᠲᠣᠭᠲᠠᠭᠰᠠᠨ᠂ ᠬᠤᠳᠠᠯ ᠬᠠᠭᠤᠷᠮᠠᠭ ᠮᠡᠳᠡᠭᠡ ᠵᠠᠩᠭᠢ ᠶᠢ ᠲᠠᠷᠬᠠᠭᠠᠭᠰᠠᠨ᠂ ᠦᠨ᠎ᠡ ᠬᠠᠩᠰᠢ ᠶᠢ ᠲᠦᠷᠭᠢᠯᠳᠦᠨ ᠥᠰᠬᠡᠭᠰᠡᠨ ᠢᠯᠠᠩᠭᠤᠶ᠎ᠠ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠭᠰᠠᠨ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠢᠯᠡ ᠪᠠᠷ ᠢᠯᠡᠴᠢᠯᠡᠬᠦ ᠬᠡᠷᠡᠭᠲᠡᠢ᠃ ᠭᠤᠷᠪᠠ ᠳᠤ᠂ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠲᠣᠭᠲᠠᠭᠤᠨ ᠴᠢᠨᠠᠷ ᠪᠠ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢ ᠦᠨᠳᠦᠰᠦᠨ ᠳᠤ ᠪᠠᠨ ᠵᠦᠢ ᠵᠣᠬᠢᠰᠲᠠᠶ ᠪᠥᠭᠡᠳ ᠲᠡᠩᠴᠡᠭᠦᠷᠢᠲᠡᠶ ᠲᠦᠪᠰᠢᠨ ᠳᠤ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠵᠦᠢ ᠵᠣᠬᠢᠰᠲᠠᠶ ᠬᠥᠲᠥᠯᠥᠨ ᠵᠢᠯᠣᠭᠤᠳᠬᠤ ᠬᠡᠷᠡᠭᠲᠡᠶ᠃ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠬᠠᠪᠰᠤᠷᠴᠤ ᠪᠠᠶᠢᠭᠠᠳ ᠥᠪᠡᠷ ᠤᠨ ᠦᠷᠳᠡᠭ ᠳᠡᠭᠡᠭᠰᠢᠯᠡᠭᠰᠡᠨ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠢ ᠨᠢ ᠠᠷᠭᠠᠴᠠᠭᠠᠬᠤ ᠬᠡᠷᠡᠭᠲᠡᠢ᠃ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠠᠶᠢᠯᠢ ᠶᠢ ᠬᠠᠰᠤᠵᠤ ᠬᠥᠩᠭᠡᠯᠡᠬᠦ᠂ ᠲᠡᠷᠢᠭᠦᠨ ᠤ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠳᠤ ᠰᠠᠷ᠎ᠠ ᠪᠠᠷ ᠨᠢᠭᠡᠴᠢ ᠪᠣᠯᠭᠠᠨ ᠥᠷᠲᠡᠭ ᠨᠡᠮᠡᠭᠳᠡᠯ ᠤᠨ ᠭᠠᠶᠢᠯᠢ ᠶᠢ ᠪᠦᠬᠦ ᠲᠤᠭ᠎ᠠ ᠪᠠᠷ ᠪᠤᠴᠠᠭᠠᠵᠤ ᠪᠠᠶᠢᠭᠠᠳ ᠦᠯᠡᠳᠡᠭᠡᠨ ᠲᠤᠯᠭᠠᠬᠤ ᠭᠠᠶᠢᠯᠢ ᠶᠢᠨ ᠬᠡᠮᠵᠢᠶ᠎ᠡ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠭᠦᠢᠴᠡᠳᠬᠡᠬᠦ ᠭᠠᠷᠳᠠᠮ ᠢ ᠴᠤᠮᠬᠠᠳᠬᠠᠬᠤ ᠬᠡᠷᠡᠭᠲᠡᠢ᠃ ᠰᠢᠭᠤᠳ ᠬᠦᠷᠬᠦ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠪᠠᠭᠠᠵᠢ ᠶᠢ ᠰᠠᠶᠢᠲᠤᠷ ᠬᠡᠷᠡᠭᠵᠢᠭᠦᠯᠵᠦ᠂ ᠲᠠᠬᠢᠨ ᠵᠢᠭᠡᠯᠡᠭᠦᠯᠬᠦ ᠲᠠᠬᠢᠨ ᠪᠡᠯᠡᠨ ᠵᠣᠭᠤᠰ ᠥᠭᠬᠦ ᠶᠢ ᠳᠡᠮᠵᠢᠬᠦ ᠲᠦᠭᠡᠮᠡᠯ ᠬᠠᠷᠠᠭᠠᠯᠵᠠᠯᠳᠤ ᠮᠥᠩᠭᠦᠨ ᠭᠦᠢᠯᠭᠡᠭᠡᠨ ᠤ ᠡᠷᠴᠢᠮ ᠢ ᠴᠢᠩᠭᠠᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ᠂ ᠳᠠᠭᠠᠭᠠᠯᠲᠠ ᠬᠢᠬᠦ᠂ ᠰᠦᠢᠳᠬᠡᠯ ᠢ ᠪᠠᠭᠤᠷᠠᠭᠤᠯᠬᠤ᠂ ᠱᠠᠩᠨᠠᠯ ᠨᠥᠬᠦᠪᠥᠷᠢ ᠥᠭᠬᠦ ᠵᠡᠷᠭᠡ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠩᠬᠢ ᠶᠢ ᠬᠥᠲᠥᠯᠥᠨ ᠵᠢᠯᠣᠭᠤᠳᠴᠤ ᠪᠠᠶᠢᠭᠠᠳ ᠢᠲᠡᠭᠡᠮᠵᠢᠲᠦ ᠵᠢᠭᠡᠯᠡᠯᠭᠡ ᠶᠢ ᠥᠷᠭᠡᠳᠬᠡᠬᠦ ᠬᠡᠷᠡᠭᠲᠡᠢ ᠭᠡᠵᠡᠢ᠃ ᠬᠤᠷᠠᠯ ᠠᠴᠠ ᠵᠢᠭᠠᠬᠤ ᠳᠤ ᠪᠠᠨ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠡᠨᠡ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠪᠠ ᠠᠷᠠᠳ ᠲᠤ ᠨᠡᠩ ᠲᠦᠬᠦᠮ ᠦᠵᠡᠭᠦᠯᠵᠦ ᠠᠰᠢᠭ ᠬᠦᠷᠲᠡᠭᠡᠬᠦ ᠳᠤ ᠠᠰᠢᠭᠲᠠᠢ ᠶᠤᠮ᠃ ᠨᠢᠭᠡ ᠳᠤ᠂ ᠠᠯᠪᠠᠨ ᠭᠡᠷᠡᠴᠢᠯᠡᠭᠡ ᠶᠢᠨ ᠭᠡᠷᠡᠴᠢᠯᠡᠬᠦ ᠮᠠᠲ᠋ᠧᠷᠢᠶᠠᠯ ᠢ ᠴᠣᠮᠬᠠᠳᠬᠠᠵᠤ᠂ ᠵᠢᠯ ᠤᠨ ᠡᠴᠦᠰ ᠠᠴᠠ ᠡᠮᠦᠨ᠎ᠡ ᠭᠡᠷᠡᠴᠢᠯᠡᠬᠦ ᠮᠠᠲ᠋ᠧᠷᠢᠶᠠᠯ ᠤᠨ ᠨᠠᠷᠢᠨ ᠬᠠᠭᠤᠳᠠᠰᠤ ᠶᠢᠨ ᠲᠦᠷᠢᠮ᠂ ᠨᠢᠭᠡ ᠯᠡ ᠤᠳᠠᠭ᠎ᠠ ᠳᠤ ᠮᠡᠳᠡᠭᠳᠡᠬᠦ ᠲᠦᠷᠢᠮ ᠢ ᠨᠡᠶᠢᠳᠡᠮ ᠬᠡᠷᠡᠭᠵᠢᠭᠦᠯᠬᠦ ᠬᠡᠷᠡᠭᠲᠡᠶ᠃ ᠬᠤᠪᠢ ᠬᠥᠮᠦᠨ ᠤ ᠬᠦᠴᠦᠨ ᠪᠥᠬᠦᠶ ᠭᠡᠷᠡᠴᠢ ᠦᠨᠡᠮᠯᠡᠯ ᠢᠶᠠᠷ ᠭᠡᠷᠡᠴᠢᠯᠡᠬᠦ ᠪᠤᠶᠤ ᠰᠠᠯᠠᠭ᠎ᠠ ᠮᠥᠴᠢᠷ ᠤᠳ ᠬᠤᠭᠤᠷᠤᠨᠳᠤ ᠪᠠᠨ ᠮᠡᠳᠡᠭᠡ ᠵᠠᠩᠭᠢ ᠪᠠᠨ ᠬᠠᠮᠲᠤ ᠪᠠᠷ ᠬᠤᠪᠢᠶᠠᠯᠴᠠᠬᠤ ᠪᠠᠷ ᠳᠡᠮᠵᠢᠨ ᠬᠠᠷᠭᠤᠭᠤᠯᠤᠨ ᠪᠠᠶᠢᠴᠠᠭᠠᠵᠤ ᠪᠣᠯᠬᠤ ᠭᠡᠷᠡᠴᠢ ᠮᠠᠲ᠋ᠧᠷᠢᠶᠠᠯ ᠪᠦᠬᠦᠨ ᠢ ᠲᠤᠬᠠᠶ ᠶᠢᠨ ᠬᠥᠮᠦᠨ ᠢᠶᠠᠷ ᠳᠠᠪᠬᠤᠷᠳᠠᠭᠤᠯᠤᠨ ᠬᠠᠩᠭᠠᠯᠭᠠᠵᠤ ᠪᠣᠯᠬᠤ ᠥᠬᠡᠶ᠃ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ᠂ ᠬᠡᠷᠡᠭᠯᠡᠬᠦ ᠳᠠᠪᠲᠠᠮᠵᠢ ᠨᠡᠯᠢᠶᠡᠳ ᠥᠨᠳᠥᠷ ᠠᠯᠪᠠᠨ ᠭᠡᠷᠡᠴᠢᠯᠡᠭᠡ ᠪᠠᠷ ᠭᠡᠷᠡᠴᠢᠯᠡᠬᠦ ᠵᠦᠢᠯᠡᠰ ᠲᠤ ᠮᠡᠳᠡᠭᠳᠡᠨ ᠠᠮᠠᠯᠠᠯᠲᠠ ᠬᠢᠬᠦ ᠲᠦᠷᠢᠮ ᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠢ᠃ ᠬᠤᠶᠠᠷ ᠲᠤ᠂ ᠠᠯᠪᠠᠨ ᠭᠡᠷᠡᠴᠢᠯᠡᠭᠡ ᠪᠠᠷ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠲᠡᠭᠦᠯᠳᠡᠷᠵᠢᠭᠦᠯᠬᠦ ᠬᠡᠷᠡᠭᠲᠡᠶ᠃ ᠨᠡᠩ ᠤᠯᠠᠨ ᠠᠯᠪᠠᠨ ᠭᠡᠷᠡᠴᠢᠯᠡᠭᠡ ᠶᠢᠨ ᠵᠦᠢᠯᠡᠰ ᠢ ︽ᠪᠦᠬᠦ ᠮᠤᠵᠢ ᠳᠤ ᠨᠡᠶᠢᠳᠡᠮ ᠭᠦᠢᠴᠡᠳᠬᠡᠬᠦ︾ ᠶᠢ ᠠᠬᠢᠭᠤᠯᠬᠤ ᠬᠡᠷᠡᠭᠲᠡᠢ᠃ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠪᠠ ᠵᠢᠯᠣᠭᠤᠴᠢ ᠶᠢᠨ ᠦᠨᠡᠮᠯᠡᠯ ᠵᠡᠷᠭᠡ ᠥᠨᠳᠥᠷ ᠳᠠᠪᠲᠠᠮᠵᠢᠲᠤ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠵᠦᠢᠯᠡᠰ ᠲᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ᠂ ︽ ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠬᠦ ᠬᠡᠷᠡᠭᠲᠡᠢ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠠᠯᠪᠠᠨ ᠭᠡᠷᠡᠴᠢᠯᠡᠭᠡ ᠶᠢᠨ ︽ᠰᠠᠭᠠᠳ ᠥᠬᠡᠶ ᠨᠡᠪᠲᠡᠷᠡᠬᠦ ᠵᠠᠮ︾ ᠭᠠᠷᠭᠠᠵᠤ᠂ ᠪᠠᠯᠠ ᠲᠣᠬᠢᠷᠠᠭᠤᠯᠭ᠎ᠠ ᠶᠢ ᠥᠷᠭᠡᠳᠬᠡᠬᠦ᠂ ᠪᠠᠯᠠ ᠮᠥᠩᠭᠦ ᠶᠢᠨ ᠡᠷᠭᠢᠯᠲᠡ ᠶᠢ ᠥᠷᠭᠡᠳᠬᠡᠬᠦ ᠵᠡᠷᠭᠡ ᠵᠦᠢᠯᠡᠰ ᠲᠤ ︽ᠨᠢᠭᠡᠳ ᠨᠢᠭᠡ ᠪᠠᠷ ᠳᠠᠭᠠᠭᠠᠨ ᠠᠪᠬᠤ︾ ᠦᠢᠯᠡᠴᠢᠯᠡᠭᠡ ᠶᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠲᠣᠭᠲᠠᠭᠠᠯ ᠠᠴᠠ ᠵᠥᠷᠢᠴᠡᠨ ᠠᠯᠪᠠᠨ ᠭᠡᠷᠡᠴᠢᠯᠡᠭᠡ ᠶᠢᠨ ᠰᠦᠢᠳᠬᠡᠯ ᠬᠤᠷᠢᠶᠠᠭᠰᠠᠨ ᠪᠠ ︽ᠡᠭᠦᠳᠡ ᠣᠷᠣᠬᠤ ᠳᠤ ᠬᠦᠴᠢᠷᠲᠡᠢ᠂ ᠤᠴᠢᠷ ᠰᠢᠢᠳᠪᠦᠷᠢᠯᠡᠬᠦ ᠳᠤ ᠪᠡᠷᠬᠡᠲᠡᠢ᠂ ᠣᠪᠣᠷ ᠰᠤᠷᠲᠠᠯ ᠪᠠᠷᠤᠭᠲᠠᠶ︾ ᠵᠡᠷᠭᠡ ᠠᠰᠠᠭᠤᠳᠠᠯ ᠢ ᠴᠡᠭᠴᠡᠯᠡᠨ ᠵᠠᠰᠠᠵᠤ᠂ ᠠᠯᠪᠠᠨ ᠭᠡᠷᠡᠴᠢᠯᠡᠭᠡ ᠶᠢ ᠬᠠᠭᠤᠷᠮᠠᠭ ᠢᠶᠠᠷ ᠵᠣᠬᠢᠶᠠᠭᠰᠠᠨ ᠶᠠᠪᠤᠳᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠠᠤᠯᠢ ᠲᠣᠭᠲᠠᠭᠠᠯ ᠠᠴᠠ ᠵᠥᠷᠢᠴᠡᠨ ᠠᠵᠢᠯ ᠡᠷᠬᠢᠯᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠢᠳᠬᠡᠬᠦ ᠬᠡᠷᠡᠭᠲᠡᠢ ᠭᠡᠵᠡᠢ᠃ ᠬᠤᠷᠠᠯ ᠠᠴᠠ ︽ᠭᠠᠭ᠋ᠠᠢ ᠨᠢᠲᠤᠯᠬᠤ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠪᠠᠲᠤᠯᠠᠵᠤ᠂ ᠭᠠᠭ᠋ᠠᠢ ᠶᠢᠨ ᠲᠥᠭᠦᠬᠡᠢ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠵᠤ᠂ ᠤᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢ ᠠᠬᠢᠭᠤᠯᠪᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|