ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/5/20
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                  ᠥᠪᠥᠷ ᠵᠠᠰᠠᠭ ᠠᠯᠪᠠᠨ ᠲᠠᠷᠬᠠᠭᠠᠭᠰᠠᠨ  ﹇2021﹈ 6 ᠳ᠋ᠤᠭᠠᠷ ᠲᠣᠭᠠᠲᠤ      ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ ︵ᠳᠣᠷᠣᠭᠰᠢ ᠬᠠᠮᠲᠤᠷᠠᠨ ᠬᠥᠳᠡᠯᠦᠯᠴᠡᠬᠦ ᠲᠣᠭᠲᠠᠴᠠ ᠭᠡᠵᠦ ᠲᠣᠪᠴᠢᠯᠠᠨ᠎ᠠ︶ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠨᠢ ᠪᠠᠷᠠᠭᠠᠨ ᠤ ᠦᠨ᠎ᠡ ᠶᠢᠨ ᠥᠰᠥᠯᠲᠡ ᠶᠢᠨ ᠨᠥᠯᠥᠭᠡ ᠶᠢ ᠨᠠᠮᠳᠠᠭᠤᠯᠬᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠳᠤ ᠴᠢᠬᠤᠯᠠ ᠦᠢᠯᠡᠳᠦᠯ ᠲᠠᠢ ᠶᠤᠮ᠃ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠵᠡᠮᠰᠢᠨ᠂ ᠬᠥᠲᠥᠯᠥᠨ ᠳᠠᠭᠠᠭᠤᠯᠵᠤ᠂ ᠣᠳᠣᠬᠠᠨ ᠤ ᠦᠨ᠎ᠡ ᠬᠠᠩᠰᠢ ᠶᠢᠨ ᠠᠵᠢᠯᠯᠠᠭᠠᠨ ᠤ ᠰᠢᠨ᠎ᠡ ᠣᠨᠴᠠᠯᠢᠭ᠂ ᠰᠢᠨ᠎ᠡ ᠬᠤᠪᠢᠷᠠᠯᠲᠠ ᠶᠢ ᠪᠦᠲᠦᠮᠵᠢᠲᠡᠶ ᠠᠷᠭᠠᠴᠠᠭᠠᠵᠤ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠮᠠᠨ ᠤ ᠣᠷᠣᠨ ᠳᠠᠬᠢ ᠪᠠᠷᠠᠭᠠᠨ ᠤ ᠦᠨ᠎ᠡ ᠥᠰᠦᠭᠰᠡᠨ ᠠᠴᠠ ᠪᠣᠯᠵᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠢᠷᠢ ᠲᠦᠪᠰᠢᠨ ᠤ ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠮᠠᠨ ᠤ ᠣᠷᠣᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃      ᠨᠢᠭᠡ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ      ᠬᠠᠮᠲᠤᠷᠠᠨ ᠬᠥᠳᠡᠯᠦᠯᠴᠡᠬᠦ ᠲᠣᠭᠲᠠᠴᠠ ᠶᠢ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ ᠡᠬᠢᠯᠡᠭᠦᠯᠵᠦ᠂ ᠳᠤᠤᠷᠠᠬᠢ ᠳᠤᠷ᠎ᠠ ᠶᠢᠨ ᠨᠢᠭᠡ ᠨᠥᠬᠦᠴᠡᠯ ᠢ ᠬᠠᠩᠭᠠᠪᠠᠯ ᠳᠠᠷᠤᠶ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠄      ︵ᠨᠢᠭᠡ︶ ᠠᠶᠢᠮᠠᠭ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ ︵CPI︶ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ ᠬᠡᠮᠵᠢᠶ᠎ᠡ ᠶᠢ 3 % ᠳᠤ ᠬᠦᠷᠭᠡᠨ᠎ᠡ᠃      ︵ᠬᠤᠶᠠᠷ︶ ᠠᠶᠢᠮᠠᠭ ᠬᠤᠲᠠ ᠶᠢᠨ CPI ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ ᠬᠡᠮᠵᠢᠶ᠎ᠡ ᠶᠢ 6 % ᠳᠤ ᠬᠦᠷᠭᠡᠨ᠎ᠡ᠃      ᠬᠤᠶᠠᠷ᠂ ᠪᠠᠲᠤᠯᠠᠭ᠎ᠠ ᠬᠦᠷᠲᠡᠬᠦ ᠡᠲᠡᠭᠡᠳ      ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠳᠡᠭᠡᠳᠦ ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠪᠠᠭᠲᠠᠨ᠎ᠠ᠃      ᠭᠤᠷᠪᠠ᠂ ᠨᠡᠮᠡᠭᠦᠷᠢ ᠥᠭᠬᠦ ᠪᠠᠷᠢᠮᠵᠢᠶ᠎ᠠ      ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ ᠣᠯᠭᠤᠬᠤ ᠨᠡᠮᠡᠭᠦᠷᠢ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠨᠡᠮᠡᠭᠦᠷᠢ ᠶᠢᠨ ᠪᠠᠷᠢᠮᠵᠢᠶ᠎ᠠ ᠶᠢ ᠳᠣᠣᠷᠠᠬᠢ ᠲᠣᠮᠢᠶ᠎ᠠ ᠶᠣᠰᠣᠭᠠᠷ ᠰᠠᠷ᠎ᠠ ᠪᠠᠷ ᠵᠢᠱᠢᠵᠦ ᠪᠣᠳᠣᠨ᠎ᠠ᠄      ︵ᠨᠢᠭᠡ︶ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ = ᠠᠶᠢᠮᠠᠭ ᠬᠤᠲᠠ ᠳᠠᠬᠢ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢ ᠪᠠᠲᠤᠯᠠᠬᠤ ᠪᠠᠲᠤᠯᠠᠭ᠎ᠠ ᠶᠢᠨ ᠪᠠᠷᠢᠮᠵᠢᠶ᠎ᠠ × ᠠᠶᠢᠮᠠᠭ ᠬᠤᠲᠠ ᠳᠠᠬᠢ ᠬᠤᠲᠠ ᠪᠠᠯᠭᠠᠰᠤᠨ ᠤ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ ᠬᠡᠮᠵᠢᠶ᠎ᠡ᠃      ︵ᠬᠤᠶᠠᠷ︶ ᠮᠠᠯᠵᠢᠬᠤ ᠲᠠᠷᠢᠶᠠᠯᠠᠬᠤ ᠣᠷᠣᠨ ᠳᠠᠬᠢ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ = ᠠᠶᠢᠮᠠᠭ ᠬᠤᠲᠠ ᠳᠠᠬᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢ ᠪᠠᠲᠤᠯᠠᠬᠤ ᠪᠠᠲᠤᠯᠠᠭ᠎ᠠ ᠶᠢᠨ ᠪᠠᠷᠢᠮᠵᠢᠶ᠎ᠠ × ᠠᠶᠢᠮᠠᠭ ᠬᠤᠲᠠ ᠳᠠᠬᠢ ᠬᠤᠲᠠ ᠪᠠᠯᠭᠠᠰᠤᠨ ᠤ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ ᠬᠡᠮᠵᠢᠶ᠎ᠡ᠃      ᠬᠤᠲᠠ ᠶᠢᠨ ᠬᠥᠮᠦᠨ ᠪᠦᠷᠢ ᠶᠢᠨ ᠰᠠᠷ᠎ᠠ ᠶᠢᠨ ᠨᠡᠮᠡᠭᠦᠷᠢ ᠨᠢ 30 ᠲᠥᠭᠦᠷᠢᠭ ᠲᠤ ᠬᠦᠷᠬᠦ ᠦᠭᠡᠶ ᠪᠠᠶᠢᠪᠠᠯ 30 ᠲᠥᠭᠦᠷᠢᠭ ᠢᠶᠠᠷ ᠣᠯᠭᠤᠵᠣ᠂ 30 ᠲᠥᠭᠦᠷᠢᠭ ᠠᠴᠠ ᠳᠠᠪᠠᠭᠰᠠᠨ ᠪᠠᠶᠢᠪᠠᠯ ᠪᠣᠳᠠᠲᠠᠢ ᠪᠠᠶᠢᠳᠠᠯ ᠢ ᠨᠢ ᠦᠨᠳᠦᠰᠦᠯᠡᠨ ᠥᠭᠬᠦ ᠬᠡᠷᠡᠭᠲᠡᠶ︔ ᠮᠠᠯᠵᠢᠬᠤ ᠲᠠᠷᠢᠶᠠᠯᠠᠬᠤ ᠣᠷᠣᠨ ᠤ ᠬᠥᠮᠦᠨ ᠪᠦᠷᠢ ᠶᠢᠨ ᠰᠠᠷ᠎ᠠ ᠶᠢᠨ ᠨᠡᠮᠡᠭᠦᠷᠢ ᠨᠢ 15 ᠲᠥᠭᠦᠷᠢᠭ ᠲᠤ ᠬᠦᠷᠬᠦ ᠦᠭᠡᠶ ᠪᠠᠶᠢᠪᠠᠯ 15 ᠲᠥᠭᠦᠷᠢᠭ ᠢᠶᠠᠷ ᠣᠯᠭᠤᠵᠤ᠂ 15 ᠲᠥᠭᠦᠷᠢᠭ ᠠᠴᠠ ᠳᠠᠪᠠᠭᠰᠠᠨ ᠪᠠᠶᠢᠪᠠᠯ ᠪᠣᠳᠠᠲᠠᠢ ᠪᠠᠶᠢᠳᠠᠯ ᠢ ᠨᠢ ᠦᠨᠳᠦᠰᠦᠯᠡᠨ ᠣᠯᠭᠤᠨ᠎ᠠ᠃      ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠶᠢᠨ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠳᠡᠭᠡᠳᠦ ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠥᠭᠬᠦ ᠨᠡᠮᠡᠭᠦᠷᠢ ᠶᠢᠨ ᠪᠠᠷᠢᠮᠵᠢᠶ᠎ᠠ ᠶᠢ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃      ᠳᠥᠷᠪᠡ᠂ ᠪᠡᠯᠡ ᠮᠥᠩᠭᠦᠨ ᠤ ᠢᠷᠡᠯᠲᠡ      ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠳᠡᠭᠡᠳᠦ ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠯᠠ ᠮᠥᠩᠭᠦ ᠶᠢ ᠠᠳᠠᠯᠢ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠭᠤᠤᠯᠳᠠᠭᠤ ᠱᠠᠩᠨᠠᠵᠤ ᠨᠥᠬᠦᠪᠥᠷᠢᠯᠡᠬᠦ ᠬᠡᠯᠪᠡᠷᠢ ᠪᠠᠷ ᠳᠠᠮᠵᠢᠭᠤᠯᠤᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠮᠲᠤᠷᠠᠨ ᠬᠥᠳᠡᠯᠦᠯᠴᠡᠬᠦ ᠨᠡᠮᠡᠭᠦᠷᠢ ᠶᠢᠨ ᠪᠠᠯᠠ ᠮᠥᠩᠭᠦ ᠳᠤ ᠨᠢ ᠨᠥᠬᠦᠪᠥᠷᠢ ᠣᠯᠭᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠪᠣᠯ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠬᠦᠴᠢᠷᠳᠡᠯᠲᠡᠶ ᠣᠯᠠᠨ ᠲᠦᠮᠡᠨ ᠢ ᠲᠡᠩᠭᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠠᠴᠠ ᠭᠠᠷᠭᠠᠵᠤ ᠪᠣᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠶᠢ ᠨᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠨ᠎ᠠ᠃      ᠲᠠᠪᠤ᠂ ᠨᠡᠮᠡᠭᠦᠷᠢ ᠥᠭᠬᠦ ᠠᠷᠭ᠎ᠠ ᠮᠠᠶ᠋ᠢᠭ      ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠳᠤ ︽ᠰᠠᠷ᠎ᠠ ᠪᠠᠷ ᠵᠢᠱᠢᠨ ᠪᠣᠳᠣᠵᠤ᠂ ᠰᠠᠷ᠎ᠠ ᠪᠠᠷ ᠣᠯᠭᠤᠬᠤ︾ ᠠᠷᠭ᠎ᠠ ᠶᠢ ᠠᠪᠴᠤ᠂ ᠡᠬᠢᠯᠡᠭᠦᠯᠬᠦ ᠨᠥᠬᠦᠴᠡᠯ ᠳᠤ ᠬᠦᠷᠦᠭᠰᠡᠨ ᠠᠶᠢᠮᠠᠭ ᠬᠤᠲᠠ ᠨᠢ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠲᠣᠭᠲᠠᠭᠠᠭᠠᠳ ᠨᠡᠶᠢᠲᠡᠯᠡᠭᠰᠡᠨ ᠤ ᠳᠠᠷᠠᠭ᠎ᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠶ ᠳᠤ ᠨᠢ ᠡᠬᠢᠯᠡᠭᠦᠯᠬᠦ ᠶᠢᠨ ᠬᠠᠮᠲᠤ᠂ ᠵᠢᠭᠠᠯᠲᠠ ᠲᠤᠭ᠎ᠠ ᠶᠢ ᠨᠡᠶᠢᠲᠡᠯᠡᠭᠰᠡᠨ ᠤ ᠳᠠᠷᠠᠭ᠎ᠠ 20 ᠠᠵᠢᠯᠯᠠᠬᠤ ᠡᠳᠦᠷ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠠᠵᠢᠯ ᠢᠶᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠣᠳᠣ ᠶᠢᠨ ᠪᠠᠶᠢᠭ᠎ᠠ ᠠᠷᠭ᠎ᠠ ᠵᠠᠮ ᠢᠶᠠᠷ ᠳᠠᠮᠵᠢᠭᠤᠯᠤᠨ ᠬᠦᠴᠢᠷᠳᠡᠯᠲᠡᠶ ᠣᠯᠠᠨ ᠲᠦᠮᠡᠨ ᠳᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠳᠤ ᠪᠠᠨ᠂ ᠣᠯᠭᠤᠭᠰᠠᠨ ᠨᠡᠮᠡᠭᠦᠷᠢ ᠶᠢ ᠪᠠᠨ ︽ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ︾ ᠭᠡᠵᠦ ᠲᠣᠳᠣᠷᠬᠠᠶᠢᠯᠠᠬᠤ ᠬᠡᠷᠡᠭᠲᠡᠶ᠃ ᠲᠣᠰ ᠰᠠᠷ᠎ᠠ ᠶᠢᠨ ᠠᠯᠢᠪᠠ ᠡᠬᠢᠯᠡᠭᠦᠯᠬᠦ ᠨᠥᠬᠦᠴᠡᠯ ᠨᠢ ᠴᠥᠮ ᠬᠠᠨᠤᠮᠵᠢ ᠥᠬᠡᠶ ᠪᠠᠶᠢᠪᠠᠯ ᠳᠠᠷᠤᠢ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠪᠠᠨ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠠᠵᠢᠯ ᠢᠶᠠᠨ ᠵᠣᠭᠰᠣᠭᠠᠨ᠎ᠠ᠃      ᠵᠢᠷᠭᠤᠭ᠎ᠠ᠂ ᠠᠵᠢᠯ ᠤᠨ ᠲᠣᠭᠲᠠᠴᠠ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠮᠲᠤᠷᠠᠨ ᠬᠥᠳᠡᠯᠦᠯᠴᠡᠬᠦ ᠲᠣᠭᠲᠠᠴᠠ ᠳᠤ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠯᠴᠠᠨ ᠲᠣᠭᠲᠠᠮᠠᠯ ᠬᠤᠭᠤᠴᠠᠭ᠎ᠠ ᠲᠠᠢ ᠵᠥᠪᠳᠡᠯᠴᠡᠬᠦ ᠠᠵᠢᠯ ᠢ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠪᠠᠷᠠᠭᠠᠨ ᠤ ᠦᠨ᠎ᠡ ᠶᠢᠨ ᠥᠰᠥᠯᠲᠡ ᠶᠢᠨ ᠨᠥᠯᠥᠭᠡ ᠶᠢ ᠨᠢᠭᠲᠠ ᠠᠩᠬᠠᠷᠬᠤ ᠬᠡᠷᠡᠭᠲᠡᠶ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠡᠯ᠎ᠡ ᠬᠤᠲᠠ ᠶᠢᠨ ᠳᠡᠰ ᠤᠨ ᠪᠠᠶᠢᠴᠠᠭᠠᠯᠲᠠ ᠶᠢᠨ ᠠᠩᠭᠢ ᠨᠢ ᠬᠠᠮᠢᠶ᠎ᠠ ᠪᠦᠬᠦᠢ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠬᠠᠩᠭᠠᠵᠤ ᠥᠭᠬᠦ ᠬᠡᠷᠡᠭᠲᠡᠶ︔ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠵᠢᠭᠠᠯᠲᠠ ᠲᠤᠭ᠎ᠠ ᠶᠢᠨ ᠬᠤᠪᠢᠷᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠶ ᠳᠤ ᠨᠢ ᠡᠬᠢᠯᠡᠭᠦᠯᠬᠦ ᠪᠤᠶᠤ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ ᠶᠢ ᠣᠨᠣᠪᠴᠢᠲᠠᠶ ᠵᠢᠱᠢᠨ ᠪᠤᠳᠤᠬᠤ ᠬᠡᠷᠡᠭᠲᠡᠶ︔ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠶᠢ ᠢᠳᠡᠪᠬᠢᠲᠡᠶ ᠲᠣᠬᠢᠷᠠᠭᠤᠯᠬᠤ ᠬᠡᠷᠡᠭᠲᠡᠶ︔ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠠ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠨᠢ ᠲᠣᠰ ᠰᠠᠯᠠᠭ᠎ᠠ ᠮᠥᠴᠢᠷ᠂ ᠲᠣᠰ ᠨᠢᠭᠡᠴᠢ ᠶᠢᠨ ᠪᠠᠲᠤᠯᠠᠭ᠎ᠠ ᠬᠦᠷᠲᠡᠭᠡᠬᠦ ᠡᠲᠡᠭᠡᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠶᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃      ᠲᠤᠯᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠪᠤᠶᠤ ᠵᠣᠭᠰᠣᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠠ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠳᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃      ︵ᠬᠤᠶᠠᠷ︶ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠠᠵᠢᠯ ᠢ ᠪᠣᠳᠠᠲᠠᠢ ᠬᠠᠷᠢᠭᠤᠴᠠᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠪᠠᠲᠤᠯᠠᠭ᠎ᠠ ᠬᠦᠷᠲᠡᠬᠦ ᠡᠲᠡᠭᠡᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠠᠵᠢᠯ ᠢ ᠪᠣᠳᠠᠲᠠᠶ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠣᠯᠭᠤᠬᠤ ᠨᠡᠮᠡᠭᠦᠷᠢ ᠶᠢᠨ ᠪᠠᠷᠢᠮᠵᠢᠶ᠎ᠠ ᠶᠢ ᠳᠡᠭᠡᠳᠦ ᠰᠤᠷᠭᠠᠭᠤᠯᠢ ᠶᠢᠨ ᠪᠠᠶᠢᠭ᠎ᠠ ᠭᠠᠵᠠᠷ ᠤᠨ ᠨᠡᠮᠡᠭᠦᠷᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠶ᠃ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯᠤᠨ ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠨᠢ ᠠᠶᠢᠮᠠᠭ ᠬᠤᠲᠠ ᠵᠢᠴᠢ ᠬᠤᠰᠢᠭᠤ ᠰᠢᠶᠠᠨ ᠤ ᠱᠠᠲᠤᠨ ᠤ ᠪᠠᠲᠤᠯᠠᠭ᠎ᠠ ᠬᠦᠷᠲᠡᠬᠦ ᠡᠲᠡᠭᠡᠳ ᠤᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠯᠠ ᠮᠥᠩᠭᠦ ᠣᠯᠭᠤᠬᠤ ᠠᠵᠢᠯ ᠢ ᠪᠣᠳᠠᠲᠠᠶ ᠬᠠᠷᠢᠭᠤᠴᠠᠬᠤ ᠬᠡᠷᠡᠭᠲᠡᠢ᠃      ︵ᠭᠤᠷᠪᠠ︶ ᠡᠯ᠎ᠡ ᠠᠶᠢᠮᠠᠭ ᠬᠤᠲᠠ ᠨᠢ ᠲᠣᠭᠲᠠᠭᠠᠭᠰᠠᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠬᠡᠪᠴᠢᠶ᠎ᠡ ᠪᠠ ᠬᠦᠷᠲᠡᠬᠦ ᠡᠲᠡᠭᠡᠳ ᠲᠤ ᠨᠡᠮᠡᠭᠦᠷᠢ ᠣᠯᠭᠤᠬᠤ ᠠᠵᠢᠯ ᠢ ᠴᠢᠩᠳᠠᠯᠠᠵᠤ᠂ ᠪᠠᠲᠤᠯᠠᠭ᠎ᠠ ᠬᠦᠷᠲᠡᠬᠦ ᠡᠲᠡᠭᠡᠳ ᠤᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠰᠢᠨᠡᠳᠬᠡᠨ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠨᠥᠬᠦᠪᠥᠷᠢᠯᠡᠪᠡᠰᠦ ᠵᠣᠬᠢᠬᠤ ᠳᠤ ᠨᠢ ᠪᠦᠬᠦᠨ ᠢ ᠨᠥᠬᠦᠪᠥᠷᠢᠯᠡᠬᠦ︾ ᠶᠢ ᠭᠦᠢᠴᠡᠳᠬᠡᠭᠰᠡᠨ ᠪᠠᠶᠢᠬᠤ ᠬᠡᠷᠡᠭᠲᠡᠶ᠃      ︵ᠳᠥᠷᠪᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ ᠪᠤᠶᠤ ᠵᠣᠭᠰᠣᠭᠠᠭᠰᠠᠨ ᠪᠠᠶᠢᠳᠠᠯ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠭᠰᠠᠨ ᠪᠠᠶᠢᠳᠠᠯ ᠢᠶᠠᠨ ᠰᠠᠷ᠎ᠠ ᠰᠠᠷ᠎ᠠ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠡᠯ᠎ᠡ ᠠᠶᠢᠮᠠᠭ ᠬᠤᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠠᠵᠢᠯ ᠳᠤ ᠬᠢᠨᠠᠯᠲᠠ ᠲᠠᠯᠪᠢᠵᠤ᠂ ᠮᠡᠳᠡᠭᠡ ᠵᠠᠩᠭᠢ ᠪᠠᠨ ᠦᠨᠡᠨ ᠪᠣᠳᠠᠲᠠᠶ ᠮᠡᠳᠡᠭᠦᠯᠵᠦ ᠬᠦᠷᠭᠡᠭᠰᠡᠨ ᠦᠭᠡᠢ᠂ ᠴᠠᠭ ᠲᠤᠬᠠᠶ ᠳᠤ ᠨᠢ ᠨᠡᠮᠡᠭᠦᠷᠢ ᠣᠯᠭᠤᠭᠰᠠᠨ ᠦᠭᠡᠢ ᠠᠶᠢᠮᠠᠭ ᠬᠤᠲᠠ ᠶᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠶ᠃      ︵ᠲᠠᠪᠤ︶ ᠲᠣᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ 15 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃      2021 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2021 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ