ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2021 ᠣᠨ ᠤ ᠪᠦᠬᠦᠳᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠡᠷᠡᠯ ᠢ ᠡᠰᠡᠷᠭᠦᠴᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/20
      5 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2021 ᠣᠨ ᠤ ᠪᠦᠬᠦᠳᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠡᠷᠡᠯ ᠢ ᠡᠰᠡᠷᠭᠦᠴᠡᠬᠦ ᠠᠵᠢᠯ ᠤᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠡᠷᠡᠯ ᠢ ᠡᠰᠡᠷᠭᠦᠴᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠴᠢᠨᠠᠭᠰᠢᠳᠠ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ ᠬᠤᠷᠠᠯ ᠢ ᠡᠷᠭᠢᠯᠡᠵᠡᠶ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ ᠢ ᠤᠷᠢᠵᠤ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠡᠷᠡᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠬᠢᠪᠡ᠃      ᠬᠤᠷᠠᠯ ᠠᠴᠠ᠂ ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠤᠨ᠎ᠠ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠴᠢᠩᠭᠠᠳᠬᠠᠬᠤ ᠨᠢ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠶᠤᠮ᠃ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠠ ᠬᠤᠷᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠳᠥᠷᠪᠡᠳᠦᠭᠡᠷ ᠤᠳᠠᠭ᠎ᠠ ᠶᠢᠨ ᠴᠢᠬᠡᠴᠢ ᠵᠠᠰᠠᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠣᠯᠤᠨ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠳᠤᠷ ᠣᠶᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠤᠨ᠂ ︽ᠳᠥᠷᠪᠡᠨ ᠤᠬᠠᠮᠰᠠᠷ︾ ᠢᠶᠠᠨ ᠤᠯᠠᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃      ᠬᠤᠷᠠᠯ ᠠᠴᠠ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠬᠥᠲᠥᠯᠥᠨ ᠳᠠᠭᠠᠭᠤᠯᠵᠤ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ ᠦᠢᠯᠡᠴᠢᠯᠡᠵᠤ᠂ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠬᠤ ᠬᠡᠷᠡᠭᠲᠡᠶ᠃ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ᠂ ᠲᠥᠪ ᠤᠨ ᠲᠣᠭᠤᠷᠢᠨ ᠪᠠᠶᠢᠴᠠᠭᠠᠯᠲᠠ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠣᠯᠤᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠠ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠬᠦ ᠬᠡᠷᠡᠭᠲᠡᠢ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯᠯᠠᠭ᠎ᠠ ᠵᠢᠴᠢ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠪᠠ᠃      ᠬᠤᠷᠠᠯ ᠠᠴᠠ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠤᠯᠠᠠ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠤᠯᠠᠠ ᠨᠡᠶᠢᠲᠡ ᠶᠢᠨ ᠢᠨᠵᠧᠨᠧᠷᠢᠩ ᠤᠨ ᠪᠦᠲᠦᠭᠡᠡ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ᠃ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠭᠡᠷᠡᠭᠳᠠᠢ᠃ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠵᠤ᠂ ᠠᠷᠪᠢᠯᠠᠵᠦ ᠭᠠᠷᠭᠠᠭᠰᠠᠨ ᠪᠡᠯᠡ ᠮᠥᠩᠭᠦ ᠪᠠᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠬᠡᠷᠡᠭᠯᠡᠬᠦ ᠬᠡᠷᠡᠭᠲᠡᠢ᠃ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ ᠤ ᠬᠦᠯᠢᠶᠡᠰᠦ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠬᠦ ᠭᠡᠷᠡᠭᠳᠠᠢ᠃ ᠢᠯᠵᠠᠷᠠᠯ ᠢ ᠰᠡᠷᠭᠡᠶᠢᠯᠡᠨ ᠠᠷᠢᠭᠤᠨ ᠴᠢᠬᠡᠴᠢ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠢᠯᠵᠠᠷᠠᠯ ᠤᠨ ᠠᠰᠠᠭᠤᠳᠠᠯ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠭᠡᠷᠡᠭᠳᠠᠢ᠃ ᠤᠳᠤᠷᠢᠳᠬᠤ ᠺᠠᠳ᠋ᠷᠴᠤᠳ ᠲᠦᠷᠦᠭᠦᠯᠡᠨ ᠠᠷᠢᠭᠤᠨ ᠴᠢᠬᠡᠴᠢ ᠪᠠᠶᠢᠬᠤ ᠲᠠᠯ᠎ᠠ ᠪᠠᠷ ᠪᠡᠶ᠎ᠡ ᠪᠠᠨ ᠴᠢᠩᠭ᠎ᠠ ᠱᠠᠭᠠᠷᠳᠠᠵᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ ᠶᠢ ᠵᠢᠷᠤᠮᠯᠠᠨ ᠬᠡᠷᠡᠭᠵᠢᠭᠦᠯᠬᠦ ᠵᠡᠷᠭᠡ ᠲᠠᠯ᠎ᠠ ᠪᠠᠷ ᠬᠡᠪ ᠲᠦᠷᠢᠮ ᠪᠤᠯᠵᠤ᠂ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠲᠤᠰᠬᠠᠢ ᠳᠤᠬᠢᠷᠠᠭᠤᠯᠤᠬᠰᠠᠨ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ