ᠲᠤᠯᠤᠨ ᠨᠠᠭᠤᠷ ᠰᠢᠶᠠᠨ ᠪᠦᠬᠦ ᠴᠠᠭ ᠪᠦᠬᠦ ᠬᠢᠵᠠᠭᠠᠷ ᠲᠤ ᠪᠦᠬᠦ ᠮᠠᠯ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2021/5/26

     ᠬᠢᠯᠪᠠᠷ ᠪᠤᠰᠤ ᠪᠠᠷ ᠣᠯᠤᠭᠰᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠭᠦᠢᠴᠡᠳ ᠪᠠᠶᠢᠴᠠᠭᠠᠨ ᠰᠤᠳᠤᠯᠬᠤ ᠪᠠᠷ ᠳᠡᠮᠵᠢᠨ᠂ 2021 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠲᠤᠯᠤᠨ ᠨᠠᠭᠤᠷ ᠰᠢᠶᠠᠨ ᠥᠩᠭᠡᠷᠡᠭᠰᠡᠨ ᠤ ᠤᠯᠠᠷᠢᠯ ᠤᠨ ᠴᠢᠨᠠᠷᠲᠠᠶ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠪᠠᠨ ᠪᠥᠬᠦ ᠴᠠᠭ᠂ ᠪᠥᠬᠦ ᠬᠢᠵᠠᠭᠠᠷ᠂ ᠪᠥᠬᠦ ᠮᠠᠯ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠯᠭᠠᠨ ᠳᠣᠭᠢᠷᠠᠭᠤᠯᠪᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠨᠡᠩ ᠴᠢᠩᠭ᠎ᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠵᠤ᠂ ᠲᠤᠯᠤᠨ ᠨᠠᠭᠤᠷ ᠰᠢᠶᠠᠨ 216 ᠲᠦᠮᠡᠨ ᠮᠦ ᠨᠤᠲᠤᠭ ᠪᠡᠯᠴᠢᠭᠡᠷ ᠢ ᠠᠮᠤᠷᠵᠢᠭᠤᠯᠤᠨ ᠰᠡᠷᠭᠦᠭᠡᠵᠦ᠂ 221 ᠲᠦᠮᠡᠨ ᠮᠦ ᠤᠢ ᠰᠢᠭᠤᠢ ᠶᠢᠨ ᠠᠮᠢ ᠠᠬᠤᠢ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠲᠤᠯᠤᠨ ᠨᠠᠭᠤᠷ ᠤᠨ ᠲᠡᠭᠷᠢ ᠶᠢ ᠨᠡᠩ ᠴᠡᠯᠮᠡᠭ᠂ ᠨᠤᠲᠤᠭ ᠤᠰᠤ ᠶᠢ ᠨᠡᠩ ᠨᠣᠭᠤᠭᠠᠨ᠂ ᠣᠷᠴᠢᠨ ᠲᠣᠭᠤᠷᠢᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠬᠤ ᠪᠠᠷ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ