ᠬᠢᠩᠭᠠᠨ ᠠᠶᠢᠮᠠᠭ ᠤᠨ ᠨᠠᠮ ᠤᠨ ᠬᠤᠷᠢᠶ᠎ᠠ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/31

     ᠣᠶᠢᠷ᠎ᠠ ᠳᠤ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠡᠷᠬᠢᠯᠡᠭᠴᠢ ᠵᠠᠩ ᠰᠢᠶᠤᠤ ᠪᠢᠩ ᠠᠶᠢᠮᠠᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠳᠣᠯᠣᠳᠤᠭᠠᠷ ᠤᠳᠠᠭ᠎ᠠ᠂ ᠠᠷᠪᠠᠨ ᠨᠠᠢᠮᠠᠳᠤᠭᠠᠷ ᠤᠳᠠᠭ᠎ᠠ᠂ ᠠᠷᠪᠠ ᠶᠢᠰᠦᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠬᠤᠶᠠᠳᠤᠭᠠᠷ ᠤᠳᠠᠭ᠎ᠠ᠂ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠨᠠᠩ ᠲᠡᠭᠦᠯᠳᠡᠷᠵᠢᠭᠰᠡᠨ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠪᠠᠶᠢᠭᠤᠯᠤᠯ ᠲᠣᠭᠲᠠᠴᠠ ᠶᠢ ᠪᠠᠶᠢᠭᠤᠯᠬᠤ ᠲᠤᠬᠠᠶ ᠬᠢᠩᠭᠠᠨ ᠠᠶᠢᠮᠠᠭ ᠤᠨ ᠬᠡᠷᠡᠭᠵᠢᠭᠦᠯᠬᠦ ᠲᠥᠰᠦᠯ︾ ︽ᠬᠢᠩᠭᠠᠨ ᠠᠶᠢᠮᠠᠭ ᠤᠨ ᠠᠷᠠᠯᠵᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠦᠯᠲᠡ ᠶᠢᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠬᠢᠩᠭᠠᠨ ᠠᠶᠢᠮᠠᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠠᠩᠬᠠᠨ ᠤ ᠵᠢᠯ ᠮᠥᠨ ᠪᠣᠯᠬᠤᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠰᠠᠶᠢᠲᠤᠷ ᠬᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂       ︽ᠲᠦᠷᠪᠡᠨ ᠭᠦᠨᠵᠡᠭᠡᠢ ᠬᠤᠪᠢᠰᠤᠯᠲᠠ︾ ᠶᠢᠨ ᠲᠤᠷᠰᠢᠯᠭ᠎ᠠ ᠰᠡᠩᠬᠡᠷᠡᠭᠦᠯᠦᠯ ᠢ ᠭᠦᠨᠵᠡᠭᠡᠢ ᠣᠶᠢᠯᠠᠭᠠᠵᠤ᠂ ︽ᠲᠦᠷᠪᠡ ᠶᠢ ᠤᠶᠠᠯᠳᠤᠭᠤᠯᠬᠤ︾ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠥᠯᠥᠪᠵᠢᠭᠦᠯᠬᠦ᠂ ᠠᠬᠢᠴᠠ ᠶᠢ ᠨᠢᠭᠡᠳᠦᠯᠲᠡᠢ ᠲᠥᠯᠥᠪᠵᠢᠭᠦᠯᠬᠦ᠂ ᠦᠷ᠎ᠡ ᠪᠦᠲᠦᠮᠵᠢ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠡᠭᠦᠷᠭᠡ ᠶᠢ ᠨᠠᠶᠢᠳᠠᠪᠤᠷᠢᠵᠢᠭᠤᠯᠬᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠨ᠎ᠡ ᠬᠥᠭᠵᠢᠯᠲᠡ ᠶᠢᠨ ᠱᠠᠲᠤᠨ ᠳᠠᠬᠢ ᠥᠭᠡᠷᠡᠴᠢᠯᠡᠯᠲᠡ ᠶᠢᠨ ᠠᠵᠢᠯ ᠤᠨ ᠠᠩᠬᠠᠨ ᠤ ᠠᠯᠬᠤᠮ ᠢ ᠰᠠᠶᠢᠲᠤᠷ ᠠᠯᠬᠤᠵᠤ᠂ ᠰᠢᠨ᠎ᠡ ᠪᠠᠶᠢᠳᠠᠯ ᠲᠠᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠡᠢ᠃
     ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠣᠨ ᠤ ᠠᠵᠢᠯ ᠤᠨ ᠭᠤᠤᠯᠳᠠᠯᠭ᠎ᠠ ᠳᠤ ᠲᠣᠭᠲᠠᠭᠠᠭᠰᠠᠨ ᠪᠣᠳᠠᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠳᠬᠤᠵᠤ᠂ ᠨᠢᠭᠡ ᠨᠢᠭᠡ ᠪᠠᠷ ᠬᠢᠨᠠᠮᠠᠭᠠᠶ ᠰᠤᠳᠤᠯᠤᠨ᠂ ᠠᠬᠢᠴᠠ ᠶᠢ ᠨᠢᠭᠡᠳ ᠨᠢᠭᠡ ᠪᠠᠷ ᠬᠢᠨᠠᠨ ᠪᠠᠶᠢᠴᠠᠭᠠᠵᠤ᠂ ᠨᠠᠷᠢᠨ ᠬᠠᠭᠤᠳᠠᠰᠤ ᠶᠢᠨ ᠡᠬᠡ ᠲᠠᠩᠰᠠ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠨᠢᠭᠡ ᠯᠡ ᠠᠯᠬᠤᠮ ᠢᠶᠠᠷ ᠲᠤᠭᠤᠰᠢᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠂ ᠥᠭᠡᠷᠡᠴᠢᠯᠡᠯᠲᠡ ᠶᠢᠨ ︽ᠥᠷᠢ︾ ᠶᠢ ᠦᠯᠡᠳᠡᠭᠡᠵᠦ᠂ ᠥᠭᠡᠷᠡᠴᠢᠯᠡᠯᠲᠡ ᠶᠢᠨ ︽ᠬᠤᠭᠤᠰᠤᠷᠠᠯ︾ ᠢ ᠶᠠᠭᠠᠬᠢᠭᠰᠠᠨ ᠴᠤ ᠡᠭᠦᠰᠬᠡᠵᠦ ᠪᠣᠯᠬᠤ ᠥᠬᠡᠶ᠃ ᠰᠢᠰᠲ᠋ᠧᠮ ᠤᠨ ᠴᠤᠭᠯᠠᠷᠠᠯ ᠢ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢ ᠬᠠᠮᠵᠢᠯᠴᠠᠨ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠪᠦᠬᠦ ᠲᠠᠯ᠎ᠠ ᠶᠢᠨ ᠬᠠᠷᠠᠭᠠᠰᠤ ᠪᠣᠯᠤᠨ ᠰᠢᠰᠲ᠋ᠧᠮᠲᠦ ᠰᠡᠳᠬᠢᠬᠦᠢ ᠶᠢ ᠴᠢᠩᠭᠠᠳᠬᠠᠵᠤ᠂ ᠨᠢᠭᠡᠨᠲᠡ ᠭᠠᠷᠭᠠᠭᠰᠠᠨ ᠥᠭᠡᠷᠡᠴᠢᠯᠡᠯᠲᠡ ᠶᠢᠨ ᠡᠭᠦᠷᠭᠡ ᠶᠢᠨ ᠲᠠᠯ᠎ᠠ ᠪᠠᠷ᠂ ᠨᠥᠬᠦᠴᠡᠯ ᠲᠠᠢ ᠬᠦᠷᠢᠶ᠎ᠡ ᠪᠣᠯᠤᠨ ᠡᠭᠦᠷᠭᠡ ᠶᠢ ᠰᠢᠰᠲ᠋ᠧᠮ ᠤᠨ ᠴᠤᠭᠯᠠᠷᠠᠯ ᠪᠣᠯᠭᠠᠬᠤ ᠶᠢ ᠲᠦᠷᠭᠡᠨ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ︔ ᠰᠢᠨ᠎ᠡ ᠪᠠᠷ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢᠨ ᠲᠠᠯ᠎ᠠ ᠪᠠᠷ᠂ ᠰᠢᠰᠲ᠋ᠧᠮ ᠲᠠᠢ ᠰᠡᠳᠬᠢᠬᠦᠶ᠂ ᠰᠢᠰᠲ᠋ᠧᠮ ᠲᠠᠢ ᠠᠷᠭ᠎ᠠ ᠪᠠᠷᠢᠯ᠂ ᠰᠢᠰᠲ᠋ᠧᠮ ᠲᠠᠢ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠲᠦᠷᠦ ᠶᠢᠨ ᠪᠤᠳᠤᠯᠭ᠎ᠠ ᠶᠢᠨ ᠬᠠᠨᠳᠤᠰᠢ ᠶᠢᠨ ᠬᠠᠷᠢᠯᠴᠠᠨ ᠬᠠᠮᠵᠢᠯᠴᠠᠬᠤ᠂ ᠬᠡᠷᠡᠭᠵᠢᠭᠦᠯᠬᠦ ᠶᠠᠪᠤᠴᠠ ᠶᠢᠨ ᠬᠠᠷᠢᠯᠴᠠᠨ ᠠᠬᠢᠭᠤᠯᠬᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠢᠨᠠᠯᠲᠠ ᠲᠠᠯᠪᠢᠵᠤ ᠬᠢᠨᠠᠨ ᠰᠢᠯᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠭᠤᠣᠯ ᠬᠠᠷᠢᠭᠤᠴᠠᠯᠭᠠᠲᠠᠨ ᠨᠥᠬᠦᠳ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠴᠢᠬᠤᠯᠠ ᠥᠭᠡᠷᠡᠴᠢᠯᠡᠯᠲᠡ ᠶᠢ ᠪᠡᠶ᠎ᠡ ᠪᠠᠷ ᠢᠶᠠᠨ ᠪᠠᠶᠢᠷᠢᠯᠠᠭᠤᠯᠬᠤ᠂ ᠴᠢᠬᠤᠯᠠ ᠶᠡᠭᠡ ᠲᠥᠰᠦᠯ ᠢ ᠪᠡᠶ᠎ᠡ ᠪᠠᠷ ᠢᠶᠠᠨ ᠠᠳᠬᠤᠬᠤ᠂ ᠵᠠᠩᠭᠢᠯᠠᠭ᠎ᠠ ᠶᠢᠨ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠬᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ ᠬᠢᠨᠠᠨ ᠪᠠᠶᠢᠴᠠᠭᠠᠬᠤ ᠬᠡᠷᠡᠭᠲᠡᠶ᠃ ᠠᠶᠢᠮᠠᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢᠨ ᠠᠯᠪᠠᠨ ᠬᠡᠷ ᠪᠣᠯᠤᠨ ᠡᠯ᠎ᠡ ᠲᠤᠰᠬᠠᠶ ᠳᠤᠭᠤᠶᠢᠯᠠᠩ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠠᠨ ᠲᠣᠳᠣᠷᠬᠠᠶ ᠮᠡᠳᠡᠵᠦ᠂ ᠬᠠᠷᠢᠭᠤᠴᠠᠯᠭ᠎ᠠ ᠪᠠᠨ ᠲᠤᠭᠤᠰᠢᠲᠠᠢ ᠪᠡᠶᠡᠯᠡᠭᠦᠯᠵᠦ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠡᠭᠦᠷᠭᠡᠯᠡᠵᠦ ᠪᠥᠬᠦᠶ ᠡᠯ᠎ᠡ ᠵᠦᠢᠯ ᠤᠨ ᠠᠵᠢᠯ ᠤᠨ ᠡᠭᠦᠷᠭᠡ ᠪᠠᠨ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ