ᠪᠥᠬᠦ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/5/31

      5 ᠰᠠᠷ᠎ᠠ ᠶᠢᠨ 27 ᠤ ᠡᠳᠦᠷ᠂ ᠪᠦᠬᠦ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃
      ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠣᠰ ᠲᠣᠰ ᠴᠣᠬᠤᠯᠠᠪᠤᠷᠢ ᠥᠭᠴᠡᠶ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠵᠠᠶ᠃
      ᠱᠢ ᠲᠠᠢ ᠹᠧᠩ ᠴᠣᠬᠤᠯᠠᠪᠤᠷᠢ ᠳᠠᠭᠠᠨ᠂ ᠬᠢᠲᠠᠳ ᠡᠮ ᠡᠮᠨᠡᠯᠭᠡ ᠪᠣᠯ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠮᠥᠨ᠂ ᠮᠠᠨ ᠤ ᠤᠯᠤᠰ ᠤᠨ ᠥᠪᠡᠷᠮᠢᠴᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠮᠥᠨ᠂ ᠪᠥᠬᠦ ᠠᠷᠠᠳ ᠤᠨ ᠡᠷᠡᠭᠦᠯ ᠮᠡᠨᠳᠦ ᠳᠤ ᠴᠢᠬᠤᠯᠠ ᠦᠢᠯᠡᠳᠦᠯ ᠪᠠᠳᠠᠷᠠᠭᠤᠯᠵᠤ ᠪᠠᠶᠢᠳᠠᠭ᠃ ᠪᠥᠬᠦ ᠣᠷᠣᠨ ᠤ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠦᠪᠯᠡᠨ ᠤᠯᠠᠮᠵᠢᠯᠠᠬᠤ ᠪᠠ ᠰᠢᠨ᠎ᠡ ᠶᠢ ᠡᠭᠦᠳᠬᠦ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢᠨ ᠰᠢᠰᠲ᠋ᠧᠮ᠂ ᠬᠠᠮᠢᠶᠠᠷᠤᠯᠲᠠ ᠶᠢᠨ ᠰᠢᠰᠲ᠋ᠧᠮ᠂ ᠦᠢᠯᠡᠴᠢᠯᠡᠭᠡᠨ ᠤ ᠰᠢᠰᠲ᠋ᠧᠮ᠂ ᠦᠨᠡᠯᠡᠯᠲᠡ ᠪᠠ ᠪᠠᠷᠢᠮᠵᠢᠶᠠᠨ ᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠥ᠂ ᠮᠠᠨ ᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠢ ᠰᠡᠷᠭᠡᠶᠢᠯᠡᠨ ᠵᠠᠰᠠᠬᠤ ᠥᠪᠡᠷᠮᠢᠴᠡ ᠳᠠᠪᠠᠭᠤᠯᠢᠭ ᠪᠠ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠲᠦᠮᠡᠨ ᠳᠤ ᠨᠠᠩ ᠰᠠᠶᠢᠨ ᠪᠤᠶᠠᠨ ᠦᠢᠯᠡᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃
      ᠪᠦ᠋ ᠰᠢᠶᠤᠤ ᠯᠢᠨ ᠴᠣᠬᠤᠯᠠᠪᠤᠷᠢ ᠳᠠᠭᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠥᠨᠢ ᠤᠳᠠᠭᠠᠨ ᠲᠡᠦᠬᠡ ᠲᠠᠢ ᠶᠤᠮ᠂ ᠦᠷᠭᠦᠯᠵᠢ ᠲᠣᠬᠢᠶᠠᠯᠳᠤᠬᠤ ᠡᠪᠡᠳᠴᠢᠨ᠂ ᠣᠯᠠᠨ ᠡᠭᠦᠰᠬᠦ ᠡᠪᠡᠳᠴᠢᠨ ᠪᠠ ᠲᠦᠪᠡᠭᠲᠡᠶ ᠡᠪᠡᠳᠴᠢᠨ ᠢ ᠰᠡᠷᠭᠡᠶᠢᠯᠡᠨ ᠵᠠᠰᠠᠬᠤ ᠲᠠᠯ᠎ᠠ ᠪᠠᠷ ᠥᠪᠡᠷᠮᠢᠴᠡ ᠳᠠᠪᠠᠭᠤᠯᠢᠭ ᠲᠠᠢ ᠪᠠᠶᠢᠵᠤ᠂ ᠤᠯᠠᠨ ᠮᠢᠩᠭᠠᠨ ᠵᠢᠯ ᠤᠨ ᠲᠤᠷᠰᠢ ᠳᠤᠮᠳᠠᠳᠤ ᠶᠢᠨ ᠦᠨᠳᠦᠰᠦᠲᠡᠨ ᠤ ᠦᠷᠡᠵᠢᠨ ᠴᠡᠴᠡᠭᠯᠡᠵᠦ ᠦᠷᠨᠢᠨ ᠬᠥᠭᠵᠢᠬᠦ ᠳᠤ ᠴᠢᠬᠤᠯᠠ ᠬᠤᠪᠢ ᠨᠡᠮᠡᠷᠢ ᠦᠵᠡᠭᠦᠯᠵᠡᠶ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠢᠨ ᠳᠠᠷᠤᠢ ᠲᠦᠷᠭᠡᠨ ᠤᠷᠤᠯᠴᠠᠵᠤ᠂ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ ᠪᠠ ᠡᠷᠡᠭᠦᠯᠵᠢᠭᠦᠯᠬᠦ ᠪᠦᠬᠦ ᠶᠠᠪᠤᠴᠠ ᠳᠤ ᠬᠦᠨᠵᠡᠬᠡᠢ ᠣᠷᠣᠯᠴᠠᠨ᠂ ᠬᠢᠵᠢᠭ ᠲᠠᠢ ᠲᠡᠮᠡᠴᠡᠬᠦ ᠳᠤ ᠴᠢᠬᠤᠯᠠ ᠦᠢᠯᠡᠳᠦᠯ ᠪᠠᠳᠠᠷᠠᠭᠤᠯᠵᠠᠢ᠃ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠬᠰᠠᠨ ᠨᠠᠮ ᠤᠨ ᠲᠥᠪ ᠬᠤᠷᠢᠶ᠎ᠠ ᠬᠢᠲᠠᠳ ᠡᠮ ᠡᠮᠨᠡᠯᠭᠡ ᠶᠢᠨ ᠠᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠪᠠ᠃ ᠪᠢᠳᠡ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠪᠣᠯᠤᠨ ᠧᠦ᠋ᠷᠣᠫᠠ ᠡᠮ ᠡᠮᠨᠡᠯᠭᠡ ᠶᠢᠨ ᠬᠠᠷᠢᠯᠴᠠᠨ ᠨᠥᠬᠦᠪᠥᠷᠢᠯᠡᠬᠦ᠂ ᠵᠣᠬᠢᠴᠠᠩᠭᠤᠶ ᠪᠠᠷ ᠬᠥᠭᠵᠢᠬᠦ ᠶᠢ ᠠᠬᠢᠭᠤᠯᠤᠨ᠂ ᠥᠪᠥᠷ ᠮᠣᠩᠭᠤᠯ ᠤᠨ ᠣᠨᠴᠠᠯᠢᠭ ᠪᠥᠬᠦᠶ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠬᠥᠭᠵᠢᠯᠳᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠠᠷᠠᠳ ᠣᠯᠠᠨ ᠤ ᠠᠵᠠ ᠵᠢᠷᠭᠠᠯ ᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ ᠬᠡᠵᠥ ᠵᠢᠭᠠᠵᠥ ᠭᠠᠷᠭᠠᠪᠠ᠃
      ᠬᠤᠷᠠᠯ ᠠᠴᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠬᠦ ᠪᠣᠯ ᠲᠦᠮᠡᠨ ᠢ ᠲᠤᠰᠠᠯᠠᠵᠤ ᠠᠷᠠᠳ ᠲᠤ ᠠᠰᠢᠭ ᠬᠦᠷᠲᠡᠭᠡᠬᠦ᠂ ᠬᠥᠮᠦᠨ ᠲᠥᠷᠥᠯᠬᠢᠲᠡᠨ ᠳᠤ ᠪᠤᠶᠠᠨ ᠦᠢᠯᠡᠳᠬᠦ ᠦᠢᠯᠡᠰ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠪᠠᠨ ᠨᠢᠭᠡᠳᠬᠡᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠦᠪᠯᠡᠨ ᠤᠯᠠᠮᠵᠢᠯᠠᠬᠤ ᠪᠠ ᠰᠢᠨ᠎ᠡ ᠶᠢ ᠡᠭᠦᠳᠦᠨ ᠬᠦᠭᠵᠢᠬᠦᠯᠬᠦ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠶ︔ ᠣᠬᠢ ᠰᠣᠳᠣ ᠶᠢ ᠨᠢ ᠦᠪᠯᠡᠨ ᠤᠯᠠᠮᠵᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠦᠪᠯᠡᠨ ᠤᠯᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ︔ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠦᠪᠯᠡᠨ ᠤᠯᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃
      ᠶᠡᠭᠡ ᠬᠤᠷᠠᠯ ᠠᠴᠠ ᠪᠥᠬᠦ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳ᠋ᠦᠩᠨᠡᠵᠦ᠂ ᠰᠢᠨ᠎ᠡ ᠴᠠᠭ ᠦᠶ᠎ᠡ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠦᠪᠯᠡᠨ ᠤᠯᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠬᠠᠷᠠᠯᠲᠠ ᠡᠭᠦᠷᠭᠡ ᠶᠢ ᠲᠣᠳᠣᠷᠬᠠᠶᠢᠯᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠦᠪᠯᠡᠨ ᠤᠯᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
      ᠲᠤᠰ ᠤᠳᠠᠭ᠎ᠠ ᠶᠢᠨ ᠶᠡᠭᠡ ᠬᠤᠷᠠᠯ ᠸᠢᠳᠢᠣ᠋ ᠬᠡᠯᠪᠡᠷᠢ ᠪᠠᠷ ᠬᠤᠷᠠᠯᠳᠤᠵᠤ᠂ ᠡᠯ᠎ᠡ ᠠᠶᠢᠮᠠᠭ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃ ᠬᠤᠷᠠᠯ ᠳᠡᠭᠡᠷ᠎ᠡ᠂ ᠤᠯᠠᠭᠠᠨᠬᠠᠳᠠ ᠬᠤᠲᠠ᠂ ᠣᠷᠳᠣᠰ ᠬᠤᠲᠠ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ