ᠪᠣᠭᠤᠲᠤ ᠬᠤᠲᠠ ᠶᠢᠨ ᠡᠯ᠎ᠡ ᠱᠠᠲᠤ ᠡᠯ᠎ᠡ ᠲᠥᠷᠥᠯ ᠤᠨ ᠦᠨᠳᠦᠷ ᠳᠠᠪᠲᠠᠮᠵᠢᠲᠤ ᠬᠡᠷᠡᠭᠯᠡᠭᠡ ᠶᠢ ︽ᠮᠦᠩᠬᠡ ᠰᠤᠪᠠᠭ︾ ᠲᠡᠶᠢᠰᠢ ᠲᠦᠷᠭᠡᠨ ᠲᠥᠪᠯᠡᠷᠡᠭᠦᠯᠪᠡ
ᠨᠡᠶᠢᠲᠡᠯᠡᠭᠰᠡᠨ ᠴᠠᠭ᠄
2021/5/7

     ᠣᠶᠢᠷ᠎ᠠ ᠶᠢᠨ ᠵᠢᠯ ᠳᠤ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠲᠦᠮᠡᠨ ᠪᠣᠯᠤᠨ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠪᠥᠬᠦ ᠬᠤᠲᠠ ᠶᠢᠨ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠪᠠ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠲᠦᠷᠭᠡᠳᠬᠡᠵᠦ᠂ ᠡᠯ᠎ᠡ ᠱᠠᠲᠤ ᠡᠯ᠎ᠡ ᠲᠥᠷᠥᠯ ᠤᠨ ᠥᠨᠳᠥᠷ ᠳᠠᠪᠲᠠᠮᠵᠢᠲᠤ ᠬᠡᠷᠡᠭᠯᠡᠭᠡᠨ ᠢ ︽ᠮᠦᠩᠬᠡ ᠰᠤᠪᠠᠭ︾ ᠲᠤ ᠲᠦᠷᠭᠡᠯᠡᠨ ᠵᠠᠯᠭᠠᠨ ᠣᠷᠤᠭᠤᠯᠬᠤ ᠶᠢ ᠦᠷᠭᠦᠯᠵᠢᠯᠡᠨ ᠠᠬᠢᠭᠤᠯᠵᠤ᠂ ᠥᠷᠭᠡᠨ ᠣᠯᠠᠨ ᠣᠯᠠᠨ ᠲᠦᠮᠡᠨ ᠠᠵᠤ ᠠᠬᠤᠶᠢᠯᠠᠯ ᠳᠤ ︽ᠨᠢᠭᠡ ᠦᠷᠲᠡᠭᠡᠴᠢᠯᠡᠭᠰᠡᠨ ᠮᠠᠶ᠋ᠢᠭ︾ ᠤᠨ ᠠᠯᠠᠭᠠᠨ ᠳᠡᠭᠡᠷ᠎ᠡ ᠬᠠᠶᠢᠨ ᠯᠠᠪᠯᠠᠬᠤ᠂ ᠠᠯᠠᠭᠠᠨ ᠳᠡᠭᠡᠷ᠎ᠡ ᠪᠣᠯᠵᠣᠬᠤ᠂ ᠠᠯᠠᠭᠠᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠦᠨᠡᠯᠡᠬᠦ ᠪᠥᠬᠦ ᠴᠤᠪᠤᠷᠠᠯ ᠤᠨ ᠰᠢᠯᠵᠢᠮᠡᠯ ᠦᠵᠦᠭᠦᠷ ᠤᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠠᠩᠭᠠᠵᠤ᠂ ᠣᠯᠠᠨ ᠲᠦᠮᠡᠨ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ᠂ ᠲᠠᠭᠠᠰᠢᠶᠠᠯ ᠤᠨ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠵᠡᠢ᠃ ᠣᠲᠣ ᠪᠣᠯᠬᠤ ᠳᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠳᠠᠭᠠᠳᠬᠠᠯ᠂ ᠣᠷᠣᠨ ᠰᠠᠭᠤᠴᠠ᠂ ᠡᠮ ᠡᠮᠨᠡᠯᠭᠡ ᠶᠢᠨ ᠳᠠᠭᠠᠳᠬᠠᠯ᠂ ᠵᠠᠮ ᠬᠠᠷᠢᠯᠴᠠᠭ᠎ᠠ᠂ ᠡᠷᠡᠭᠦᠯ ᠮᠡᠨᠳᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ᠂ ᠬᠠᠤᠯᠢ ᠴᠠᠭᠠᠵᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠳᠤ ᠬᠤᠯᠪᠣᠭᠳᠠᠭᠰᠠᠨ ᠡᠯ᠎ᠡ ᠲᠥᠷᠥᠯ ᠤᠨ ᠥᠨᠳᠥᠷ ᠳᠠᠪᠲᠠᠮᠵᠢᠲᠤ ᠬᠡᠷᠡᠭᠯᠡᠭᠡ ᠶᠢ ᠨᠢᠭᠡᠨᠲᠡ 100 ᠰᠢᠬᠠᠮ ᠵᠠᠯᠭᠠᠨ ᠣᠷᠣᠭᠤᠯᠤᠭᠰᠠᠨ ᠪᠠᠶᠢᠨ᠎ᠠ᠃ ᠣᠯᠠᠨ ᠲᠦᠮᠡᠨ ︽ᠮᠦᠩᠬᠡ ᠰᠤᠪᠠᠭ︾ ᠤᠨ APP ᠶᠢ ᠪᠠᠭᠤᠯᠭᠠᠨ ᠠᠪᠴᠤ ᠳᠠᠩᠰᠠᠯᠠᠨ ᠲᠡᠮᠳᠡᠭᠯᠡᠭᠰᠡᠨ ᠤ ᠳᠠᠷᠠᠭ᠎ᠠ᠂ ᠪᠤᠭᠤᠲᠤ ᠶᠢᠨ ᠣᠷᠣᠨ ᠤ ᠬᠤᠪᠢᠶᠠᠷᠢᠯᠠᠯ ᠢ ᠰᠣᠩᠭᠤᠵᠤ᠂ ︽ᠠᠷᠠᠳ ᠲᠤ ᠲᠥᠬᠦᠮ ᠦᠵᠡᠭᠦᠯᠬᠦ︾ ᠬᠡᠰᠡᠭ ᠢ ᠲᠣᠪᠴᠢᠳᠠᠪᠠᠯ ᠰᠦᠯᠵᠢᠶᠡᠨ ᠳᠤ ᠭᠠᠷᠤᠭᠰᠠᠨ ᠠᠷᠪᠠᠨ ᠶᠡᠭᠡ ᠲᠥᠷᠥᠯ ᠤᠨ ᠠᠷᠠᠳ ᠲᠤ ᠲᠥᠬᠦᠮ ᠦᠵᠡᠭᠦᠯᠬᠦ ᠥᠨᠳᠥᠷ ᠲᠠᠪᠳᠠᠮᠵᠢᠳᠤ ᠬᠡᠷᠡᠭᠯᠡᠭᠡ ᠶᠢ ᠣᠯᠵᠤ ᠬᠠᠷᠠᠵᠤ ᠪᠣᠯᠤᠨ᠎ᠠ᠂ ᠡᠭᠦᠨ ᠳᠤ ᠭᠤᠤᠯᠳᠠᠭᠤ ︽ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ︾᠂ ︽ᠲᠠᠪᠤᠨ ᠳᠠᠭᠠᠳᠬᠠᠯ ᠨᠢᠭᠡ ᠮᠥᠩᠭᠦ︾᠂ ︽ᠡᠷᠡᠭᠦᠯ ᠮᠡᠨᠳᠦ ᠡᠮᠴᠢᠯᠡᠭᠡ︾᠂ ︽ᠬᠠᠤᠯᠢ ᠴᠠᠭᠠᠵᠠ ᠶᠢᠨ ᠠᠯᠪᠠᠨ ᠭᠡᠷᠡᠴᠢᠯᠡᠭᠡ︾᠂ ︽ᠵᠠᠮ ᠬᠠᠷᠢᠯᠴᠠᠭ᠎ᠠ ᠶᠠᠪᠤᠵᠤ ᠰᠠᠭᠤᠬᠤ︾᠂ ︽ᠬᠡᠷ ᠬᠥᠷᠥᠩᠭᠡ ᠶᠢᠨ ᠦᠢᠯᠡᠴᠢᠯᠡᠭᠡ︾᠂ ︽ᠰᠣᠶᠣᠯ ᠲᠠᠮᠢᠷ ᠰᠤᠷᠭᠠᠨ ᠬᠥᠮᠦᠵᠢᠯ︾᠂ ︽ᠠᠮᠢᠳᠤᠷᠠᠯ ᠤᠨ ᠦᠢᠯᠡᠴᠢᠯᠡᠭᠡ︾᠂ ︽ᠠᠷᠠᠳ ᠲᠤ ᠲᠥᠬᠦᠮ ᠦᠵᠡᠭᠦᠯᠵᠦ ᠬᠠᠶᠢᠨ ᠯᠠᠪᠯᠠᠬᠤ︾᠂ ︽ᠣᠯᠠᠨ ᠨᠡᠶᠢᠲᠡ ᠶᠢᠨ ᠡᠬᠢ ᠪᠠᠶᠠᠯᠢᠭ︾ ᠵᠡᠷᠭᠡ ᠪᠠᠭᠲᠠᠵᠤ᠂ ᠣᠯᠠᠨ ᠲᠦᠮᠡᠨ ᠤ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠳᠤ ᠬᠤᠯᠪᠣᠭᠳᠠᠬᠤ ᠣᠯᠠᠨ ᠲᠣᠭᠠᠨ ᠤ ᠥᠨᠳᠥᠷ ᠲᠠᠪᠳᠠᠮᠵᠢᠳᠤ ᠵᠦᠢᠯᠡᠰ ᠢ ᠬᠠᠮᠤᠷᠴᠤ᠂ ᠥᠨᠳᠥᠷ ᠲᠠᠪᠳᠠᠮᠵᠢᠳᠤ ᠵᠦᠢᠯᠡᠰ ᠢ ︽ᠬᠤᠷᠤᠭᠤᠨ ᠦᠵᠦᠭᠦᠷ ᠭᠦᠢᠴᠡᠳᠬᠡᠬᠦ︾ ᠶᠢ ᠪᠡᠶᠡᠯᠡᠭᠦᠯᠦᠭᠰᠡᠨ ᠪᠠᠶᠢᠨ᠎ᠠ᠃

ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ