ᠪᠠᠶᠠᠨᠨᠠᠭᠤᠷ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ︽ᠪᠢ ᠣᠯᠠᠨ ᠲᠦᠮᠡᠨ ᠳᠤ ᠪᠣᠳᠠᠲᠤ ᠠᠵᠢᠯ ᠬᠢᠵᠦ ᠥᠭᠬᠦ︾ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠲᠥᠷᠥᠯ ᠵᠦᠶᠯ ᠤᠳ ᠢ ᠨᠡᠶᠢᠲᠡᠯᠡᠪᠡ
ᠨᠡᠶᠢᠲᠡᠯᠡᠭᠰᠡᠨ ᠴᠠᠭ᠄
2021/5/7

     ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠵᠣᠬᠢᠶᠠᠨ ᠪᠠᠶᠢᠭᠤᠯᠵᠤ ᠥᠷᠨᠢᠭᠦᠯᠦᠭᠰᠡᠨ ︽ᠠᠮᠠᠯᠠᠯᠲᠠ ᠪᠠᠨ ᠢᠯᠡᠳᠬᠡᠵᠦ᠂ ᠪᠣᠳᠠᠲᠤ ᠠᠵᠢᠯ ᠬᠢᠬᠦ︾ ᠠᠵᠢᠯᠯᠠᠭ᠎ᠠ ᠶᠢᠨ ᠲᠣᠬᠢᠷᠠᠭᠤᠯᠤᠯᠲᠠ ᠶᠣᠰᠣᠭᠠᠷ᠂ ᠪᠠᠶᠠᠨᠨᠠᠭᠤᠷ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ︽ᠪᠢ ᠣᠯᠠᠨ ᠲᠦᠮᠡᠨ ᠳᠤ ᠪᠣᠳᠠᠲᠤ ᠠᠵᠢᠯ ᠬᠢᠵᠦ ᠥᠭᠬᠦ︾ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠲᠥᠷᠥᠯ ᠵᠦᠶᠯ ᠤᠳ ᠢ ᠨᠡᠶᠢᠲᠡᠯᠡᠵᠡᠢ᠃
     1 . ᠯᠢᠨᠾᠧ ᠲᠣᠭᠤᠷᠢᠭ ᠤᠨ ᠬᠤᠲᠠ ᠶᠢᠨ ᠲᠡᠭᠦᠷᠭᠡ ᠶᠢᠨ ᠲᠠᠷᠢᠶᠠᠴᠢᠨ ᠡᠷᠦᠬᠡ ᠨᠦᠭᠦᠳ ᠤᠨ ᠡᠪᠦᠯ ᠤᠨ ᠳᠤᠯᠠᠭᠠᠯᠠᠭ᠎ᠠ ᠶᠢ ᠨᠡᠭᠦᠷᠡᠰᠦ ᠰᠢᠲᠠᠭᠠᠵᠤ ᠪᠠᠶᠢᠭᠰᠠᠨ ᠠᠴᠠ ᠴᠠᠬᠢᠯᠭᠠᠨ ᠪᠣᠯᠭᠠᠬᠤ ᠥᠭᠡᠷᠡᠴᠢᠯᠡᠯᠲᠡ ᠬᠢᠵᠦ᠂ ᠠᠷᠠᠳ ᠤᠨ ᠬᠡᠷᠡᠭᠯᠡᠭᠡᠨ ᠤ ᠳᠤᠯᠠᠭᠠᠯᠠᠭ᠎ᠠ ᠶᠢᠨ ᠨᠡᠭᠦᠷᠡᠰᠦᠨ ᠤ ᠪᠣᠬᠢᠷᠲᠤᠯ ᠢ ᠪᠠᠭᠠᠰᠬᠠᠵᠤ᠂ ᠠᠷᠢᠭᠤᠨ ᠴᠡᠪᠡᠷ᠂ ᠨᠡᠭᠦᠷᠡᠰᠦᠲᠥ᠋ᠷᠥᠭᠴᠢ ᠪᠠᠭ᠎ᠠ᠂ ᠠᠮᠤᠷ ᠲᠦᠪᠰᠢᠨ᠂ ᠥᠨᠳᠥᠷ ᠪᠦᠲᠦᠮᠵᠢᠲᠡᠶ ᠰᠢᠨ᠎ᠡ ᠬᠡᠯᠪᠡᠷᠢ ᠶᠢᠨ ᠡᠨᠧᠷᠭᠢ ᠶᠢᠨ ᠬᠡᠷᠡᠭᠯᠡᠭᠡᠨ ᠤ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃
     2 . ᠪᠤᠭᠤᠲᠤ ᠢᠷᠭᠠᠶ ᠶᠢᠨ ᠳᠡᠭᠡᠳᠦ ᠬᠤᠷᠳᠤ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃
     3 . ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠷᠭ᠎ᠠ ᠵᠠᠮ ᠤᠨ ᠵᠠᠭᠪᠤᠷ ᠢ ᠪᠠᠬᠢᠵᠢᠭᠦᠯᠦᠨ ᠥᠷᠭᠡᠳᠬᠡᠬᠦ ᠶᠢ ᠢᠳᠡᠪᠬᠢᠲᠡᠶ ᠰᠦᠪᠡᠭᠴᠢᠯᠡᠵᠦ᠂ ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤ᠂ ᠤᠷᠠᠳ ᠤᠨ ᠬᠤᠶᠢᠲᠤ ᠬᠤᠰᠢᠭᠤᠨ ᠤ ᠰᠠᠶᠢᠨ ᠤᠰᠤ ᠲᠡᠮᠡᠭᠡ ᠵᠢᠵᠢᠭ ᠪᠠᠯᠭᠠᠰᠤ ᠪᠣᠯᠤᠨ ᠯᠢᠨᠾᠧ ᠲᠣᠭᠤᠷᠢᠭ ᠤᠨ ᠱᠤᠸᠠᠩ ᠾᠧ ᠪᠠᠯᠭᠠᠰᠤ ᠶᠢᠨ ᠳᠠᠪᠰᠢᠯᠲᠠ ᠲᠣᠰᠬᠤᠨ᠂ ᠬᠠᠩᠭᠢᠨ ᠬᠤᠶᠢᠲᠤ ᠬᠤᠰᠢᠭᠤᠨ ᠤ ᠳᠧᠦ ᠳ᠋ᠤᠤ ᠴᠢᠶᠣᠤ ᠪᠠᠯᠭᠠᠰᠤ ᠶᠢᠨ ᠯᠢᠶᠠᠨ ᠽᠧᠩ ᠲᠣᠰᠬᠤᠨ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠵᠢᠱᠢᠶ᠎ᠡ ᠦᠵᠡᠭᠦᠯᠬᠦ 32 ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃
     4 . ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠠᠬᠢᠭᠤᠯᠵᠤ᠂ ᠡᠨᠡ ᠵᠢᠯ ᠵᠠᠰᠠᠭ ᠵᠠᠬᠢᠷᠭᠠᠨ ᠤ ᠲᠣᠰᠬᠤᠨ ᠤ ᠲᠦᠷᠭᠡᠨ ᠬᠦᠷᠭᠡᠯᠲᠡ ᠶᠢᠨ ᠦᠶᠯᠡᠴᠢᠯᠡᠭᠡ ᠨᠡᠪᠲᠡᠷᠡᠭᠰᠡᠨ ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠦᠨ᠎ᠡ᠃
     5 . ᠬᠥᠮᠦᠨ ᠠᠮᠠ ᠶᠢᠨ ᠨᠠᠰᠤᠵᠢᠯᠲᠠ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠬᠤᠲᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠭᠤᠣᠯ ᠰᠤᠷᠭᠠᠭᠤᠯᠢ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠢᠴᠢ ᠵᠡᠭᠡᠯᠢ ᠭᠤᠳᠤᠮᠵᠢ ︵ᠨᠡᠶᠢᠭᠡᠮ ᠲᠣᠭᠤᠷᠢᠭ︶ ᠶᠢᠨ ᠬᠤᠪᠢᠶᠠᠷᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠠᠰᠤᠲᠠᠶᠢᠴᠤᠳ ᠤᠨ ᠣᠶᠢᠷ᠎ᠠ ᠬᠠᠪᠢ ᠳᠤ ᠪᠠᠨ ᠰᠤᠷᠤᠯᠴᠠᠬᠤ᠂ ᠣᠶᠢᠷ᠎ᠠ ᠬᠠᠪᠢ ᠳᠤ ᠪᠠᠨ ᠠᠵᠢᠯᠯᠠᠬᠤ ᠳᠤ ᠳᠥᠭᠦᠮ ᠦᠵᠡᠭᠦᠯᠦᠨ᠎ᠡ᠃
     6 . ᠪᠣᠷᠣᠲᠣᠬᠤᠶ ᠶᠢᠨ ᠰᠣᠶᠣᠯ ᠤᠷᠠᠯᠢᠭ ᠤᠨ ᠨᠠᠶᠢᠷ᠂ ᠲᠠᠷᠢᠶᠠᠴᠢᠨ ᠮᠠᠯᠴᠢᠳ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠰᠣᠶᠣᠯ ᠢ ᠬᠥᠳᠡᠭᠡ ᠬᠦᠷᠭᠡᠬᠦ ᠵᠡᠷᠭᠡ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠨᠤᠭᠤᠳ ᠢ ᠰᠠᠶᠢᠲᠤᠷ ᠡᠷᠬᠢᠯᠡᠨ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠤᠢᠭᠡᠢ ᠪᠠᠶᠠᠯᠢᠭᠵᠢᠭᠤᠯᠤᠨ᠎ᠠ᠃
     7 . ᠵᠢᠨᠴᠤᠸᠠᠨ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠰᠡᠭ᠂ ᠱᠦᠸᠧ ᠹᠠᠩ ᠲᠤᠷᠰᠢᠯᠲᠠ ᠶᠢᠨ ᠰᠤᠷᠭᠠᠭᠤᠯᠢ᠂ ᠯᠢᠨᠾᠧ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠵᠡᠷᠭᠡ ᠲᠥᠷᠥᠯ ᠵᠦᠢᠯ ᠢ ᠪᠡᠶᠡᠯᠡᠭᠦᠯᠵᠦ᠂ ᠰᠢᠯᠢᠳᠡᠭ ᠪᠠᠭᠰᠢ ᠨᠠᠷ ᠢ ᠤᠷᠢᠨ ᠬᠡᠷᠡᠭᠯᠡᠵᠦ᠂ ᠰᠤᠷᠭᠠᠨ ᠬᠥᠮᠦᠵᠢᠯ ᠤᠨ ᠡᠩᠨᠡᠭᠡ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠭᠤᠷᠪᠠᠨ ᠵᠢᠯ ᠳᠤ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠭᠤᠣᠯ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃
     8 . ᠦᠨᠳᠦᠰᠦᠨ ᠱᠠᠲᠤᠨ ᠤ ︽ᠥᠴᠦᠬᠡᠨ ᠢᠯᠵᠠᠷᠠᠯ︾ ᠢ ᠶᠡᠭᠡ ᠪᠠᠷ ᠴᠡᠪᠡᠷᠯᠡᠬᠦ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠤᠳ ᠢ ᠬᠦᠴᠦᠯᠡᠨ ᠠᠷᠢᠯᠭᠠᠨ᠎ᠠ᠃
     9 . ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ᠂ ᠨᠢᠭᠡ ᠤᠳᠠᠭ᠎ᠠ ᠳᠤ ᠮᠡᠳᠡᠭᠳᠡᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠭᠦᠢᠴᠡᠳᠭᠡᠬᠦ᠂ ᠨᠢᠭᠡ ᠨᠣᠮᠧᠷ ᠢᠶᠠᠷ ᠲᠤᠰᠬᠠᠬᠤ ᠵᠡᠷᠭᠡ ᠦᠶᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃
     10 . ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠥᠲᠥᠭᠡᠨ ᠪᠠᠶᠢᠭᠤᠯᠤᠨ᠎ᠠ᠃
     11 . ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠠᠵᠤ ᠠᠬᠤᠶᠢᠯᠠᠯ᠂ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ᠂ ᠲᠠᠷᠢᠶᠠᠴᠢᠨ ᠡᠷᠦᠬᠡ ᠶᠢᠨ ᠪᠠᠯᠠ ᠳᠣᠬᠢᠷᠠᠭᠤᠯᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠠᠬᠢᠭᠤᠯᠵᠤ᠂ ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ ᠦᠨᠡᠲᠡᠶ᠂ ᠪᠠᠯᠠ ᠲᠣᠬᠢᠷᠠᠭᠤᠯᠬᠤ ᠳᠤ ᠤᠳᠠᠭᠠᠨ ᠪᠠᠶᠢᠬᠤ ᠠᠰᠠᠭᠤᠳᠠᠯ ᠤᠳ ᠢ ᠬᠦᠴᠦᠯᠡᠨ ᠰᠢᠶᠳᠪᠦᠷᠢᠯᠡᠵᠦ᠂ ᠪᠠᠶᠠᠨᠨᠠᠭᠤᠷ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃
     12 . ᠤᠯᠠᠭᠠᠨᠰᠤᠬᠠᠢ ᠶᠢ ᠲᠣᠭᠤᠷᠢᠭᠰᠠᠨ ᠵᠠᠰᠠᠮᠠᠯ ᠵᠠᠮ ᠤᠨ ᠳᠤᠭᠤᠶ ᠲᠡᠷᠭᠡᠨ ᠤ ᠤᠷᠤᠯᠳᠤᠭᠠᠨ᠂ ᠪᠥᠬᠦ ᠤᠯᠤᠰ ᠤᠨ ᠪᠣᠬᠢᠷᠲᠤᠯ ᠥᠬᠡᠶ ᠬᠤᠲᠠ ᠶᠢᠨ ᠡᠷᠡᠭᠲᠡᠶ ᠶᠢᠨ ᠰᠠᠭᠰᠤᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃
     13᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ ᠶᠢ ᠠᠬᠢᠭᠤᠯᠵᠤ᠂ ᠨᠢᠭᠡ ᠪᠦᠯᠦᠭ ᠬᠡᠦᠬᠡᠳ ᠤᠨ ᠴᠡᠴᠡᠷᠯᠢᠭ ᠪᠠ ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠤᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠠᠵᠢᠯ ᠢ ᠢᠳᠡᠪᠬᠢᠲᠡᠢ ᠯᠠᠪᠳᠠᠭᠤᠨ ᠰᠠᠶᠢᠲᠤᠷ ᠬᠢᠨ᠎ᠡ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠡᠬᠢ ᠪᠠᠶᠠᠯᠢᠭ ᠢ ᠢᠳᠡᠪᠬᠢᠲᠡᠶ ᠪᠠᠷ ᠤᠷᠢᠨ ᠣᠷᠤᠭᠤᠯᠤᠨ᠎ᠠ᠃
     14 . ᠮᠠᠯᠵᠢᠬᠤ ᠲᠠᠷᠢᠶᠠᠯᠠᠬᠤ ᠣᠷᠣᠨ ᠤ ︽ᠳᠥᠷᠪᠡᠨ ᠰᠠᠶᠢᠨ︾ ᠵᠠᠰᠠᠮᠠᠯ ᠵᠠᠮ ᠢ 500 ᠺᠢᠯᠣᠮᠧᠲᠷ ᠰᠢᠨ᠎ᠡ ᠪᠠᠷ ᠳᠡᠪᠢᠰᠦᠨ᠎ᠡ᠃
     15 . ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ ᠪᠠ ᠪᠣᠬᠢᠷ ᠤᠰᠤ ᠶᠢ ᠵᠠᠰᠠᠬᠤ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃
     16᠂ ᠮᠠᠯᠴᠢᠨ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠢᠳᠡᠪᠬᠢᠲᠡᠢ ᠪᠣᠶᠢᠵᠢᠭᠤᠯᠵᠤ᠂ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ 3000 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃
     17᠂ ᠪᠠᠶᠢᠰᠢᠩ ᠭᠡᠷ ᠤᠨ ᠲᠣᠭᠤᠷᠢᠭ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠢᠨᠡᠳᠬᠡᠬᠦ ᠡᠷᠴᠢᠮ ᠢᠶᠠᠨ ᠴᠢᠩᠭᠠᠷᠠᠭᠤᠯᠵᠤ᠂ ᠭᠠᠵᠠᠷ ᠳᠣᠤᠷᠠᠬᠢ ᠬᠤᠭᠤᠯᠠᠶ ᠶᠢᠨ ᠲᠣᠤᠷ᠂ ᠤᠰᠤ ᠬᠠᠩᠭᠠᠬᠤ ᠭᠠᠳᠠᠭᠰᠢᠯᠠᠭᠤᠯᠬᠤ᠂ ᠢᠯᠴᠢ ᠬᠡᠢ ᠬᠠᠩᠭᠠᠬᠤ᠂ ᠲᠡᠷᠭᠡᠨ ᠵᠣᠭᠰᠣᠭᠠᠯ ᠵᠡᠷᠭᠡ ᠲᠥᠬᠦᠷ ᠪᠡᠯᠡᠳᠬᠡᠮᠵᠢ ᠶᠢ ᠪᠦᠷᠢᠨᠰᠢᠭᠦᠯᠦᠨ᠎ᠡ᠃
     18 . 10 ᠲᠦᠮᠡᠨ ᠮᠠᠯᠴᠢᠨ ᠲᠠᠷᠢᠶᠠᠴᠢᠳ ᠤᠨ ᠤᠤᠭᠤᠬᠤ ᠤᠰᠤᠨ ᠤ ᠶᠠᠰᠤ ᠴᠢᠨᠠᠷ ᠢ ᠰᠠᠶᠢᠵᠢᠷᠠᠭᠤᠯᠤᠨ᠎ᠠ᠃
     19 . ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠢ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠴᠥᠮ ᠠᠮᠢᠰᠬᠤᠯ ᠤᠨ ᠰᠠᠯᠠᠭ᠎ᠠ ᠭᠠᠷᠭᠠᠵᠤ᠂ ᠬᠠᠯᠳᠠᠪᠤᠷᠢᠲᠤ ᠡᠪᠡᠳᠴᠢᠨ ᠤ ᠣᠷᠣᠨ ᠤ ᠲᠠᠰ ᠳᠡᠪᠰᠢᠭᠦᠯᠬᠦ ᠥᠭᠡᠷᠡᠴᠢᠯᠡᠯᠲᠡ ᠶᠢ ᠪᠡᠶᠡᠯᠡᠭᠦᠯᠦᠨ᠎ᠡ᠃
     20 . ᠪᠦᠬᠦ ᠵᠢᠯ ᠳᠤ 12.5 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ 9500 ᠬᠦᠮᠦᠰ ᠲᠤ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃
     21 . ᠵᠠᠰᠠᠭ ᠵᠠᠬᠢᠷᠭᠠᠨ ᠤ ᠲᠣᠰᠬᠤᠨ ᠳᠤ ᠨᠢᠭᠡ ᠪᠦᠯᠦᠭ 5G ᠰᠠᠭᠤᠷᠢ ᠥᠷᠲᠡᠭᠡ ᠶᠢ ᠪᠠᠶᠢᠷᠢᠯᠠᠭᠤᠯᠤᠨ᠎ᠠ᠃
     22 . ᠳᠠᠪᠬᠤᠷᠳᠠᠵᠤ ᠪᠠᠶᠢᠭ᠎ᠠ ᠵᠠᠬᠢᠳᠠᠯ ᠰᠤᠷᠪᠤᠯᠵᠢᠯᠠᠯ ᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠤᠳ ᠢ ᠠᠷᠢᠯᠭᠠᠬᠤ ᠲᠤᠰᠬᠠᠶ ᠵᠦᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ