ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠵᠡᠷᠭᠡ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/5/8

               ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
      ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ ᠠᠮᠤ ᠪᠤᠳᠠᠭᠠᠨ ᠤ ᠠᠮᠤᠷ

                  ᠲᠦᠪᠰᠢᠨ ᠢ ᠪᠠᠲᠤᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠠᠵᠢᠯ ᠢ ᠪᠠᠶᠢᠷᠢᠯᠠᠭᠤᠯᠪᠠ
   ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠣᠳᠣᠬᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾᠎ ᠶᠢ ᠪᠠᠲᠤᠯᠠᠪᠠ

      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠳ᠋ᠤᠭᠠᠷ ᠰᠠᠷ᠎ᠠ ᠶᠢᠨ 6᠎ ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠠᠵᠢᠯ ᠢ ᠪᠠᠶᠢᠷᠢᠯᠠᠭᠤᠯᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾᠎ ᠶᠢ ᠪᠠᠲᠤᠯᠠᠪᠠ᠃
      ᠬᠤᠷᠠᠯ ᠠᠴᠠ ᠵᠢᠭᠠᠬᠤ ᠳᠤ ᠪᠠᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠨᠢ ᠤᠯᠤᠰ ᠤᠨ ᠠᠮᠤᠷ ᠲᠦᠪᠰᠢᠨ ᠪᠣᠯᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠵᠢᠯ ᠤᠳ ᠲᠤ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠯᠠᠩ ᠤᠨ ᠦᠢᠯᠡᠳᠪᠦᠷᠢᠯᠡᠯ ᠢ ᠪᠥᠬᠦ ᠬᠦᠴᠦᠨ ᠢᠶᠠᠷ ᠰᠠᠶᠢᠲᠤᠷ ᠠᠳᠬᠤᠭᠰᠠᠨ ᠠᠴᠠ ᠠᠮᠤ ᠪᠤᠳᠠᠭ᠎ᠠ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠦᠢᠴᠡᠳ ᠬᠠᠩᠭᠠᠯᠲᠠ ᠲᠠᠢ ᠪᠣᠯᠵᠤ᠂ ᠠᠮᠤ ᠪᠤᠳᠠᠭ᠎ᠠ ᠶᠢ ᠦᠨᠳᠦᠰᠦᠨ ᠳᠤ ᠪᠠᠨ ᠥᠪᠡᠷ ᠢᠶᠠᠨ ᠬᠠᠩᠭᠠᠵᠤ᠂ ᠠᠮᠤ ᠬᠦᠨᠡᠰᠦ ᠬᠠᠷᠢᠴᠠᠯᠠᠰᠢᠭᠦᠢ ᠠᠮᠤᠷ ᠲᠦᠪᠰᠢᠨ ᠪᠠᠶᠢᠬᠤ ᠶᠢ ᠭᠦᠢᠴᠡᠳᠬᠡᠵᠦ᠂ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠶᠢ ᠠᠬᠢᠭᠤᠯᠬᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠲᠠᠭᠠᠷᠢᠯᠲᠠ ᠶᠢ ᠪᠦᠲᠦᠮᠵᠢᠲᠡᠶ ᠠᠷᠭᠠᠴᠠᠭᠠᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠡᠨᠡ ᠵᠢᠯ ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠰᠠᠭᠤᠷᠢ ᠨᠡᠯᠢᠶᠡᠳ ᠰᠠᠶᠢᠨ ᠪᠠᠶᠢᠵᠤ᠂ ᠡᠪᠦᠯ ᠤᠨ ᠪᠣᠭᠤᠳᠠᠶ ᠶᠢᠨ ᠡᠵᠡᠯᠡᠬᠦ ᠲᠠᠯᠠᠪᠠᠶ ᠨᠢ ᠣᠶᠢᠷ᠎ᠠ ᠶᠢᠨ 4 ᠵᠢᠯ ᠤᠨ ᠲᠤᠷᠰᠢ ᠠᠩᠬ᠎ᠠ ᠤᠳᠠᠭ᠎ᠠ ᠨᠡᠮᠡᠭᠳᠡᠯ ᠲᠠᠢ ᠪᠠᠶᠢᠬᠤ ᠶᠢ ᠪᠡᠶᠡᠯᠡᠭᠦᠯᠵᠦ᠂ ᠤᠷᠭᠤᠴᠠ ᠶᠢᠨ ᠪᠠᠶᠢᠳᠠᠯ ᠨᠢ ᠨᠢᠳᠤᠨᠤᠨ ᠵᠢᠯ ᠪᠠ ᠡᠩ ᠤᠨ ᠵᠢᠯ ᠤᠨ ᠬᠢ ᠠᠴᠠ ᠰᠠᠶᠢᠨ ᠪᠠᠶᠢᠵᠤ᠂ ᠵᠣᠨ ᠤ ᠠᠮᠤ ᠪᠤᠳᠠᠭ᠎ᠠ ᠳᠠᠬᠢᠨᠲᠠ ᠡᠯᠪᠡᠭ ᠬᠤᠷᠢᠶᠠᠯᠲᠠ ᠤᠯᠬᠤ ᠪᠣᠯᠤᠮᠵᠢ ᠲᠠᠢ ᠪᠠᠶᠢᠨ᠎ᠠ᠃ ᠬᠠᠪᠤᠷ ᠤᠨ ᠲᠠᠷᠢᠶᠠᠯᠠᠭ᠎ᠠ ᠤᠷᠤᠭᠰᠢᠲᠠᠶ ᠶᠠᠪᠤᠭᠳᠠᠵᠤ᠂ ᠡᠷᠲᠡ ᠲᠠᠷᠢᠭᠰᠠᠨ ᠲᠤᠲᠤᠷᠭ᠎ᠠ ᠶᠢᠨ ᠡᠵᠡᠯᠡᠬᠦ ᠲᠠᠯᠠᠪᠠᠢ ᠨᠢ ᠲᠣᠭᠲᠠᠭᠤᠨ ᠪᠠᠶᠢᠳᠠᠯ ᠢ ᠪᠠᠲᠤᠯᠠᠪᠠ᠃ ᠪᠦᠬᠦ ᠵᠢᠯ ᠤᠨ ᠠᠮᠤ ᠪᠤᠳᠠᠭᠠᠨ ᠤ ᠬᠠᠨᠳᠤᠯᠭ᠎ᠠ ᠲᠠᠢ ᠪᠠᠷ ᠲᠠᠷᠢᠬᠤ ᠲᠠᠯᠠᠪᠠᠢ ᠤᠯᠠᠮ ᠨᠢᠭᠡ ᠠᠯᠬᠤᠮ ᠥᠷᠭᠡᠳᠪᠡ᠂ ᠡᠭᠦᠨ ᠤ ᠳᠣᠲᠣᠷ᠎ᠠ ᠡᠷᠳᠡᠨᠢ ᠰᠢᠰᠢ ᠶᠢᠨ ᠡᠵᠡᠯᠡᠬᠦ ᠲᠠᠯᠠᠪᠠᠢ ᠨᠢᠳᠤᠨᠤᠨ ᠤ ᠬᠢ ᠠᠴᠠ ᠨᠡᠮᠡᠭᠳᠡᠪᠡ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠨᠢᠭᠡ ᠳᠤ᠂ ᠠᠮᠤ ᠪᠤᠳᠠᠭᠠᠨ ᠤ ᠬᠤᠷᠢᠶᠠᠯᠲᠠ ᠶᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠲᠤᠲᠤᠷᠭ᠎ᠠ ᠪᠤᠭᠤᠳᠠᠢ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢ ᠪᠠᠲᠤᠯᠠᠬᠤ᠂ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢ ᠳᠤ ᠨᠥᠬᠦᠪᠥᠷᠢ ᠥᠭᠬᠦ ᠵᠡᠷᠭᠡ ᠲᠦᠷᠦ ᠶᠢᠨ ᠪᠤᠳᠤᠯᠭ᠎ᠠ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠮᠦᠰᠦᠨ ᠥᠪᠡᠷ ᠤᠨ ᠦᠷᠳᠡᠭ ᠤᠨ ᠳᠠᠭᠠᠳᠬᠠᠯ ᠪᠠ ᠣᠷᠣᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠵᠦ᠂ ᠲᠠᠷᠢᠶᠠᠴᠢᠳ ᠢ ᠲᠠᠷᠢᠶ᠎ᠠ ᠲᠠᠷᠢᠪᠠᠯ ᠣᠯᠵᠠᠪᠤᠷᠢ ᠲᠠᠢ ᠪᠣᠯᠭᠠᠬᠤ ᠬᠡᠷᠡᠭᠲᠡᠢ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠪᠠ ᠮᠤᠵᠢ ᠶᠢᠨ ᠱᠠᠲᠤᠨ ᠤ ᠨᠢᠭᠡᠳᠦᠯᠲᠡᠶ ᠲᠥᠯᠥᠪᠯᠡᠭᠰᠡᠨ ᠭᠠᠵᠠᠷ ᠰᠢᠷᠣᠶ ᠶᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠶᠢᠨ ᠬᠡᠷᠡᠭᠯᠡᠯᠲᠡ ᠵᠡᠷᠭᠡ ᠲᠠᠯ᠎ᠠ ᠪᠠᠷ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠳᠤ ᠬᠡᠯᠪᠡᠶᠢᠯᠭᠡᠬᠦ ᠬᠡᠷᠡᠭᠲᠡᠢ᠃ ᠣᠷᠣᠨ ᠨᠤᠲᠤᠭ ᠤᠨ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠪᠠ ᠵᠤᠨ ᠤ ᠬᠤᠷᠢᠶᠠᠯᠲᠠ ᠵᠤᠨ ᠤ ᠲᠠᠷᠢᠶᠠᠯᠠᠭ᠎ᠠ ᠶᠢ ᠰᠢᠮᠳᠠᠭᠤᠯᠤᠨ ᠴᠢᠩᠭᠠᠳᠬᠠᠵᠤ᠂ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠲᠠᠷᠢᠶᠠᠯᠠᠩ ᠤᠨ ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠳᠣᠪᠣᠶᠢᠯᠭᠠᠨ ᠰᠠᠶᠢᠲᠤᠷ ᠠᠳᠬᠤᠬᠤ ᠬᠡᠷᠡᠭᠲᠡᠢ᠃ ᠦᠶᠡᠷ ᠤᠰᠤᠲᠤᠯ ᠢ ᠰᠡᠷᠭᠡᠶᠢᠯᠡᠨ ᠭᠠᠩ ᠬᠠᠭᠰᠠᠷᠠᠭᠠᠨ ᠢ ᠡᠰᠡᠷᠭᠦᠴᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠠᠮᠤ ᠪᠤᠳᠠᠭ᠎ᠠ ᠬᠤᠳᠠᠯᠳᠤᠨ ᠠᠪᠬᠤ᠂ ᠨᠥᠭᠡᠴᠡᠯᠡᠬᠦ ᠪᠠ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠬᠢᠬᠦ ᠠᠵᠢᠯ ᠢ ᠰᠠᠢᠲᠤᠷ ᠬᠢᠵᠦ᠂ ᠬᠠᠩᠭᠠᠯᠭ᠎ᠠ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠪᠠ ᠭᠦᠢᠯᠭᠡᠭᠡᠬᠦ ᠲᠥᠬᠦᠭᠡᠷᠦᠮᠵᠢ ᠶᠢ ᠰᠠᠶᠢᠵᠢᠷᠠᠭᠤᠯᠵᠤ᠂ ᠠᠮᠤ ᠪᠤᠳᠠᠭ᠎ᠠ ᠨᠥᠭᠡᠴᠡᠯᠡᠬᠦ ᠬᠡᠪᠴᠢᠶ᠎ᠡ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠬᠠᠩᠭᠠᠯᠭ᠎ᠠ ᠶᠢᠨ ᠠᠷᠭ᠎ᠠ ᠵᠠᠮ ᠢ ᠪᠠᠶᠠᠯᠢᠭᠵᠢᠭᠤᠯᠵᠤ᠂ ᠬᠠᠩᠭᠠᠯᠭ᠎ᠠ ᠭᠦᠢᠴᠡᠳ᠂ ᠲᠦᠷᠦᠯ ᠵᠦᠢᠯ ᠤᠯᠠᠨ ᠶᠠᠩᠵᠤ ᠶᠢᠨ ᠪᠠᠶᠢᠬᠤ ᠶᠢ ᠪᠡᠶᠡᠯᠡᠭᠦᠯᠵᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠰᠢᠨ᠎ᠡ ᠨᠢᠭᠡᠨ ᠡᠭᠡᠯᠵᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠡᠨᠡ ᠵᠢᠯ ᠭᠠᠩᠳᠠᠯ ᠤᠰᠤᠲᠤᠯ ᠳᠤ ᠬᠤᠷᠢᠶᠠᠯᠲᠠ ᠪᠠᠲᠤᠯᠠᠭ᠎ᠠ ᠲᠠᠢ᠂ ᠥᠨᠳᠥᠷ ᠮᠥᠷᠲᠡᠭᠡᠨ ᠲᠣᠭᠲᠠᠮᠠᠯ ᠬᠤᠷᠢᠶᠠᠯᠲᠠ ᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 1 ᠳ᠋ᠦᠩᠰᠢᠭᠤᠷ ᠮᠦ ᠪᠦᠳᠦᠭᠡᠨ ᠪᠠᠶᠢᠭᠤᠯᠬᠤ ᠪᠠᠷ ᠪᠣᠢ᠃ ᠲᠠᠷᠢᠶᠠᠨ ᠭᠠᠵᠠᠷ ᠤᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠎ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠴᠢᠩᠭ᠎ᠠ ᠬᠠᠮᠢᠶᠠᠷᠤᠨ ᠡᠵᠡᠮᠳᠡᠵᠦ᠂ 18 ᠳ᠋ᠦᠩᠰᠢᠭᠤᠷ ᠮᠥ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠢ ᠭᠡᠵᠡᠢ᠃ ᠬᠤᠷᠠᠯ ᠠᠴᠠ ᠪᠠᠰᠠ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠤᠯᠤᠰ ᠤᠨ ᠪᠠᠶᠢᠳᠠᠯ ᠳᠤ ᠪᠠᠨ ᠰᠠᠭᠤᠷᠢᠯᠠᠵᠤ᠂ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠰᠢᠨᠵᠢᠯᠡᠬᠦ ᠤᠬᠠᠭᠠᠨᠴᠢ ᠪᠥᠭᠡᠳ ᠪᠣᠳᠠᠲᠠᠢ ᠶᠢ ᠡᠷᠬᠢᠮᠯᠡᠬᠦ ᠵᠣᠷᠢᠭ ᠰᠠᠨᠠᠭ᠎ᠠ ᠪᠠᠷ ᠪᠣᠭᠤᠮᠲᠠ ᠰᠢᠪᠲᠤᠯᠵᠤ ᠳᠤᠲᠠᠭᠤᠳᠠᠯ ᠢᠶᠠᠨ ᠨᠥᠬᠦᠪᠥᠷᠢᠯᠡᠬᠦ ᠬᠡᠷᠡᠭᠲᠡᠢ᠃ ᠲᠤᠲᠤᠷᠭ᠎ᠠ᠂ ᠪᠤᠭᠤᠳᠠᠢ ᠶᠢᠨ ᠶᠠᠰᠤ ᠴᠢᠨᠠᠷ ᠪᠠ ᠰᠢᠷ᠎ᠠ ᠪᠤᠷᠴᠠᠭ ᠤᠨ ᠥᠭᠡᠬᠦᠨ ᠤ ᠠᠭᠤᠯᠤᠭᠳᠠᠴᠠ ᠶᠢ ᠨᠡᠮᠡᠭᠳᠡᠭᠦᠯᠵᠦ᠂ ᠴᠢᠨᠠᠷ ᠰᠢᠯᠢᠳᠡᠭ ᠢᠳᠡᠰᠢᠨ ᠨᠣᠭᠤᠭ᠎ᠠ ᠶᠢᠨ ᠲᠦᠷᠦᠯ ᠵᠦᠢᠯ ᠢ ᠪᠤᠶᠢᠵᠢᠭᠤᠯᠤᠨ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠠᠯᠠᠪᠠᠢ ᠨᠢᠭᠡᠴᠢ ᠶᠢᠨ ᠤᠨᠠᠯᠲᠠ ᠪᠠ ᠵᠠᠬ᠎ᠠ ᠳᠡᠯᠭᠡᠭᠦᠷ ᠲᠤ ᠵᠣᠬᠢᠴᠠᠬᠤ ᠬᠡᠮᠵᠢᠶ᠎ᠡ ᠶᠢ ᠰᠠᠶᠢᠵᠢᠷᠠᠭᠤᠯᠵᠤ᠂ ᠰᠠᠭᠠᠯᠢ ᠶᠢᠨ ᠦᠨᠢᠶ᠎ᠡ ᠶᠢᠨ ᠰᠦ ᠶᠢᠨ ᠬᠡᠮᠵᠢᠶ᠎ᠡ ᠪᠠ ᠠᠯᠠᠰᠢᠨ ᠤ ᠦᠬᠡᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠲᠣᠭᠲᠠᠴᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠦᠴᠦᠨ ᠢ ᠭᠦᠢᠴᠡᠳ ᠲᠠᠶᠢᠴᠢᠯᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠪᠣᠯᠤᠨ ᠠᠵᠤ ᠠᠬᠤᠶᠢᠯᠠᠯ᠂ ᠲᠠᠷᠢᠶᠠᠴᠢᠨ ᠡᠷᠦᠭᠡ ᠵᠡᠷᠭᠡ ᠶᠢᠨ ᠬᠠᠷᠢᠯᠴᠠᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠬᠤᠳᠠᠯᠳᠤᠭᠠᠴᠢᠯᠠᠭᠰᠠᠨ ᠦᠷ᠎ᠡ ᠪᠤᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠷ᠎ᠡ ᠶᠢᠨ ᠦᠢᠯᠡᠰ ᠤᠨ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠡᠷᠡᠭᠯᠡᠭᠦᠰᠢᠲᠡᠢ ᠪᠥᠭᠡᠳ ᠥᠨᠳᠥᠷ ᠪᠦᠲᠦᠮᠵᠢᠲᠡᠶ ᠲᠠᠷᠢᠶᠠᠯᠠᠩ ᠤᠨ ᠮᠠᠰᠢᠨ ᠲᠣᠨᠣᠭᠯᠠᠯ ᠢ ᠰᠤᠳᠤᠯᠤᠨ ᠦᠢᠯᠡᠳᠴᠦ ᠳᠡᠯᠭᠡᠷᠡᠭᠦᠯᠬᠦ ᠶᠢ ᠳᠡᠮᠵᠢᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾᠎ ᠶᠢ ᠪᠠᠲᠤᠯᠠᠪᠠ᠃ ᠲᠥᠰᠦᠯ ᠳᠤ ᠬᠢᠨᠠᠨ ᠪᠣᠳᠣᠬᠤ ᠦᠨᠳᠦᠰᠦᠨ ᠳᠦᠷᠢᠮ ᠢ ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠪᠦᠳᠦᠭᠦᠪᠴᠢ ᠲᠥᠰᠥᠪ ᠤᠨ ᠳᠣᠣᠷ᠎ᠠ ᠬᠢᠨᠠᠨ ᠪᠣᠳᠣᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠲᠥᠷᠥᠯ ᠵᠦᠢᠯ ᠠᠴᠠ ᠪᠤᠰᠤᠳ ᠣᠯᠠᠨ ᠨᠡᠶᠢᠲᠡ ᠶᠢᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠤᠯᠤᠰ ᠤᠨ ᠥᠮᠴᠢᠯᠡᠯᠲᠦ ᠡᠬᠢ ᠪᠠᠶᠠᠯᠢᠭ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠣᠯᠠᠨ ᠨᠡᠶᠢᠲᠡ ᠶᠢᠨ ᠪᠡᠯᠡ ᠮᠥᠩᠭᠦ ᠪᠠ ᠣᠷᠣᠨ ᠨᠤᠲᠤᠭ ᠤᠨ ᠪᠠᠩᠬᠢ ᠵᠡᠷᠭᠡ ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠲᠣᠭᠲᠠᠭᠠᠯ ᠢ ᠣᠯᠠᠰᠢᠷᠠᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠠᠷᠭ᠎ᠠ ᠪᠠᠷᠢᠯ ᠢ ᠴᠢᠩᠭᠠᠷᠠᠭᠤᠯᠤᠨ᠂ ᠬᠢᠨᠠᠨ ᠪᠤᠳᠤᠵᠤ ᠬᠢᠨᠠᠯᠲᠠ ᠲᠠᠯᠪᠢᠬᠤ ᠶᠢᠨ ᠲᠤᠰᠠᠭᠠᠷ ᠴᠢᠨᠠᠷ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠴᠢᠩᠭᠠᠷᠠᠭᠤᠯᠵᠤ᠂ ᠬᠢᠨᠠᠨ ᠪᠤᠳᠤᠯᠲᠠ ᠶᠢ ᠬᠦᠯᠢᠶᠡᠭᠰᠡᠨ ᠨᠢᠭᠡᠴᠢ ᠠᠴᠠ ᠲᠣᠭᠲᠠᠭᠰᠠᠨ ᠴᠠᠭ ᠤᠨ ᠳᠣᠲᠣᠷ᠎ᠠ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠵᠤ᠂ ᠬᠢᠨᠠᠨ ᠪᠤᠳᠤᠬᠤ ᠪᠠᠶᠢᠭᠤᠯᠭ᠎ᠠ ᠠᠴᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠴᠡᠭᠴᠡᠯᠡᠨ ᠰᠠᠶᠢᠵᠢᠷᠠᠭᠤᠯᠬᠤ ᠳᠤ ᠪᠠᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ᠬᠤᠷᠠᠯ ᠠᠴᠠ ᠲᠥᠰᠦᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠲᠣᠭᠲᠠᠪᠠ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ