ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠢᠭᠤᠳ ᠬᠠᠷᠢᠶ᠎ᠠ ᠪᠠᠶᠢᠭᠤᠯᠤᠮᠵᠢ ᠪᠠᠶᠢᠵᠤ᠂ ᠲᠢᠩᠬᠢᠮ ᠤᠨ ᠳᠡᠰ ᠤᠨ ᠨᠢᠭᠡᠴᠢ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ | ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠲᠤᠭ᠎ᠠ ᠪᠦᠷᠢᠳᠬᠡᠯ ᠤᠨ ᠠᠵᠢᠯ ᠳᠠᠬᠢ | ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ | ᠪᠦᠷᠢᠳᠬᠡᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠲᠤᠭ᠎ᠠ ᠪᠦᠷᠢᠳᠬᠡᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ | ᠲᠣᠭᠲᠠᠭᠠᠯ ᠤᠨ ᠡᠬᠡ ᠨᠣᠣᠷᠠᠭ ᠢ ᠲᠤᠭᠤᠷᠪᠢᠵᠤ᠂ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠣᠯᠤᠨ ᠲᠤᠭ᠎ᠠ ᠪᠦᠷᠢᠳᠬᠡᠯ ᠤᠨ | ᠥᠭᠡᠷᠡᠴᠢᠯᠡᠯᠲᠡ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ | ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠨ᠎ᠠ᠃ ᠪᠦᠬᠦ ᠣᠷᠣᠨ ᠤ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ | ︵ᠬᠤᠶᠠᠷ︶ ᠤᠯᠤᠰ ᠠᠷᠠᠳ ᠤᠨ ᠠᠵᠤ ᠠᠬᠤᠶ ᠶᠢᠨ ᠲᠣᠭᠠᠴᠠᠭᠠᠯᠠᠬᠤ ᠲᠣᠭᠲᠠᠯᠴᠠᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠣᠷᠣᠨ ᠵᠢᠴᠢ ᠡᠯ᠎ᠡ | ᠠᠶᠢᠮᠠᠭ ᠬᠤᠲᠠ ᠶᠢᠨ ᠤᠯᠤᠰ ᠠᠷᠠᠳ ᠤᠨ ᠠᠵᠤ ᠠᠬᠤᠶ ᠶᠢᠨ ᠲᠣᠭᠠᠴᠠᠭᠠᠯᠠᠬᠤ ᠲᠦᠷᠢᠮ ᠪᠠ ᠪᠥᠬᠦ ᠣᠷᠣᠨ ᠤ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠣᠷᠣᠨ ᠵᠢᠴᠢ ᠡᠯ᠎ᠡ ᠠᠶᠢᠮᠠᠭ ᠬᠤᠲᠠ ᠶᠢᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠲᠤ | ᠲᠣᠭᠠᠴᠠᠭ᠎ᠠ ᠬᠢᠵᠦ᠂ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠭᠰᠡᠨ ᠮᠠᠲ᠋ᠧᠷᠢᠶᠠᠯ ᠢ ᠡᠮᠬᠢᠳᠬᠡᠨ ᠨᠠᠶᠢᠷᠠᠭᠤᠯᠵᠤ᠂ ᠡᠯ᠎ᠡ ᠠᠶᠢᠮᠠᠭ ᠬᠤᠲᠠ ᠶᠢᠨ ᠤᠯᠤᠰ | ᠠᠷᠠᠳ ᠤᠨ ᠠᠵᠤ ᠠᠬᠤᠶ ᠶᠢᠨ ᠲᠣᠭᠠᠴᠠᠭᠠᠯᠠᠬᠤ ᠠᠵᠢᠯ ᠢ ᠬᠢᠨᠠᠨ ᠬᠠᠮᠢᠶᠠᠷᠤᠨ᠎ᠠ᠃ | ︵ᠭᠤᠷᠪᠠ︶ ᠪᠥᠬᠦ ᠣᠷᠣᠨ ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠬᠤᠯᠠ ᠶᠡᠭᠡ ᠣᠷᠣᠨ ᠤ ᠪᠠᠶᠢᠳᠠᠯ ᠣᠷᠣᠨ ᠤ | ᠬᠦᠴᠦᠨ ᠤ ᠨᠡᠶᠢᠳᠡᠮ ᠪᠠᠶᠢᠴᠠᠭᠠᠯᠲᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠣᠷᠣᠨ ᠤ | ᠪᠠᠶᠢᠳᠠᠯ ᠣᠷᠣᠨ ᠤ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠵᠦᠢᠯ ᠤᠨ ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ ᠲᠤᠭᠤᠷᠪᠢᠨ ᠲᠣᠭᠲᠠᠭᠠᠬᠤ | ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠷᠣᠨ ᠤ ᠪᠠᠶᠢᠳᠠᠯ ᠣᠷᠣᠨ ᠤ ᠬᠦᠴᠦᠨ ᠤ ᠲᠠᠯ᠎ᠠ ᠪᠠᠷ ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢ | ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃ | ︵ᠳᠥᠷᠪᠡ︶ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ ᠤ ᠦᠢᠯᠡᠰ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ | ᠤ ᠦᠢᠯᠡᠰ ᠵᠡᠷᠭᠡ ᠪᠦᠬᠦ ᠣᠷᠣᠨ ᠤ ᠤᠯᠤᠰ ᠠᠷᠠᠳ ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢ ᠴᠤᠭᠯᠠᠭᠤᠯᠤᠨ᠂ ᠬᠤᠷᠢᠶᠠᠩᠭᠤᠶᠢᠯᠠᠵᠤ᠂ | ᠡᠮᠬᠢᠳᠬᠡᠬᠦ ᠪᠠ ᠬᠠᠩᠭᠠᠵᠤ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠦᠳᠠᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ | ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠪᠦᠬᠦ ᠣᠷᠣᠨ ᠤ ᠴᠢᠨᠠᠷᠲᠠᠶ ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ | ᠬᠠᠩᠭᠠᠨ᠎ᠠ᠃ | ︵ᠲᠠᠪᠤ︶ ᠪᠦᠬᠦ ᠣᠷᠣᠨ ᠤ ᠡᠨᠧᠷᠭᠢ᠂ ᠪᠡᠯᠡ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠠᠮᠠ᠂ ᠬᠥᠳᠡᠯᠮᠦᠷᠢ ᠬᠦᠴᠦᠨ᠂ | ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢ ᠴᠤᠭᠯᠠᠭᠤᠯᠤᠨ᠂ ᠬᠤᠷᠢᠶᠠᠩᠭᠤᠶᠢᠯᠠᠵᠤ᠂ | ᠡᠮᠬᠢᠳᠬᠡᠬᠦ ᠪᠠ ᠬᠠᠩᠭᠠᠵᠤ᠂ ᠡᠬᠢ ᠪᠠᠶᠠᠯᠢᠭ᠂ ᠭᠡᠷ ᠪᠠᠶᠢᠰᠢᠩ᠂ ᠭᠠᠳᠠᠭᠠᠳᠤ ᠠᠷᠠᠯᠵᠢᠶ᠎ᠠ᠂ ᠭᠠᠳᠠᠭᠠᠳᠤ ᠠᠵᠤ ᠠᠬᠤᠶ ᠵᠡᠷᠭᠡ ᠪᠦᠬᠦ ᠣᠷᠣᠨ ᠤ ᠴᠢᠨᠠᠷᠲᠠᠶ ᠲᠣᠭᠠᠯᠠᠨ | ᠪᠦᠷᠢᠳᠬᠡᠭᠰᠡᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃ | ︵ᠵᠢᠷᠭᠤᠭ᠎ᠠ︶ ᠡᠯ᠎ᠡ ᠠᠶᠢᠮᠠᠭ ᠬᠤᠲᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠡᠬᠢ | ᠪᠠᠶᠠᠯᠢᠭ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠪᠦᠬᠦ ᠣᠷᠣᠨ ᠤ ᠴᠢᠨᠠᠷᠲᠠᠶ ᠦᠨᠳᠦᠰᠦᠨ ᠲᠤᠭ᠎ᠠ ᠪᠦᠷᠢᠳᠬᠡᠯ | ᠤᠨ ᠮᠠᠲ᠋ᠧᠷᠢᠶᠠᠯ ᠢ ᠨᠢᠭᠡᠳᠦᠯᠲᠡᠶ ᠬᠠᠷᠭᠤᠭᠤᠯᠤᠨ ᠲᠣᠭᠲᠠᠭᠠᠬᠤ᠂ ᠬᠠᠮᠢᠶᠠᠷᠬᠤ ᠪᠠ᠂ ᠨᠡᠶᠢᠲᠡᠯᠡᠵᠦ᠂ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ︵ᠳᠣᠯᠤᠭ᠎ᠠ︶ ᠪᠦᠬᠦ ᠣᠷᠣᠨ ᠤ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠣᠯᠤᠨ | ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠳᠤ ᠲᠤᠭ᠎ᠠ ᠪᠦᠷᠢᠳᠬᠡᠯ ᠤᠨ ᠵᠠᠳᠠᠯᠤᠯᠲᠠ ᠬᠢᠬᠦ᠂ ᠲᠤᠭ᠎ᠠ ᠪᠦᠷᠢᠳᠬᠡᠯ ᠤᠨ ᠬᠢᠨᠠᠨ ᠰᠢᠨᠵᠢᠯᠡᠯᠲᠡ ᠬᠢᠬᠦ ᠪᠠ ᠲᠤᠭ᠎ᠠ | ᠪᠦᠷᠢᠳᠬᠡᠯ ᠤᠨ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠣᠷᠣᠨ ᠤ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠣᠯᠤᠨ ᠯᠠᠪᠯᠠᠯᠭ᠎ᠠ ᠶᠢᠨ ᠰᠠᠨᠠᠭᠤᠯᠭ᠎ᠠ ᠬᠠᠩᠭᠠᠨ᠎ᠠ᠃ | ︵ᠨᠠᠶᠮᠠ︶ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠂ ᠡᠯ᠎ᠡ ᠠᠶᠢᠮᠠᠭ | ᠬᠤᠲᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠤᠶᠤ ᠳᠠᠩᠰᠠᠯᠠᠵᠤ᠂ ᠲᠤᠰᠬᠠᠶ ᠮᠡᠷᠭᠡᠵᠢᠯ ᠤᠨ | ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠠᠶᠢᠭᠤᠯᠤᠯᠲᠠ ᠶᠢ ᠵᠢᠯᠣᠭᠤᠳᠤᠨ᠂ | ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠲᠣᠭᠠᠯᠠᠨ ᠪᠦᠷᠢᠳᠬᠡᠭᠰᠡᠨ ᠴᠢᠬᠤᠯᠠ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠦᠨ᠂ | ᠭᠠᠳᠠᠭᠠᠳᠤ ᠲᠠᠢ ᠬᠤᠯᠪᠣᠭᠳᠠᠭᠰᠠᠨ ᠪᠠᠶᠢᠴᠠᠭᠠᠯᠲᠠ ᠶᠢᠨ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ | ︵ᠶᠢᠰᠦ︶ ᠡᠯ᠎ᠡ ᠠᠶᠢᠮᠠᠭ ᠬᠤᠲᠠ ᠶᠢ ᠬᠠᠮᠵᠢᠨ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠢ ᠬᠠᠮᠢᠶᠠᠷᠴᠤ᠂ | ᠪᠦᠬᠦ ᠣᠷᠣᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯ᠂ ᠺᠠᠳ᠋ᠷ ᠤᠨ ᠪᠣᠯᠪᠠᠰᠤᠷᠠᠯ᠂ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠡᠩᠨᠡᠭᠡᠨ | ᠤ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ᠲᠣᠭᠲᠠᠭᠠᠯ ᠶᠣᠰᠣᠭᠠᠷ ᠬᠤᠰᠢᠭᠤ ᠰᠢᠶᠠᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠲᠥᠪ ᠤᠨ ᠡᠳ᠋ ᠤᠨ ᠵᠠᠰᠠᠭ ᠤᠨ ᠲᠤᠭ᠎ᠠ ᠪᠦᠷᠢᠳᠬᠡᠯ ᠤᠨ ᠦᠢᠯᠡᠰ ᠤᠨ ᠵᠠᠷᠤᠳᠠᠯ ᠢ ᠬᠠᠮᠢᠶᠠᠷᠤᠨ᠎ᠠ᠃ | ︵ᠠᠷᠪᠠ︶ ᠪᠦᠬᠦ ᠣᠷᠣᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠵᠤ᠂ ᠪᠦᠬᠦ ᠣᠷᠣᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠬᠥᠮᠥᠷᠭᠡ ᠶᠢᠨ ᠰᠢᠰᠲ᠋ᠧᠮ᠂ | ᠪᠦᠬᠦ ᠣᠷᠣᠨ ᠤ ᠬᠤᠷᠸ᠎ᠠ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠰᠠᠭᠤᠷᠢ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠂ ᠬᠠᠮᠢᠶᠠᠷᠬᠤ ᠪᠠ ᠬᠠᠮᠠᠭᠠᠯᠠᠨ᠎ᠠ᠃ | ᠡᠯ᠎ᠡ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃ | ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠳᠣᠲᠣᠭᠠᠳᠤ ᠶᠢᠨ ᠪᠠᠶᠢᠭᠤᠯᠤᠮᠵᠢ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠵᠠᠰᠠᠭ ᠤᠨ | ᠶᠠᠪᠤᠳᠠᠯ ᠢ ᠢᠯᠡ ᠪᠣᠯᠭᠠᠬᠤ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ᠂ ᠬᠤᠷᠠᠯ ᠤᠨ ᠶᠠᠪᠤᠳᠠᠯ ᠢ ᠵᠣᠬᠢᠶᠠᠨ ᠪᠠᠶᠢᠭᠤᠯᠬᠤ᠂ ᠠᠮᠤᠷ ᠢ ᠬᠠᠮᠠᠭᠠᠯᠠᠬᠤ ᠵᠡᠷᠭᠡ ᠠᠵᠢᠯ ᠢ | ᠡᠭᠦᠷᠭᠡᠯᠡᠨ᠎ᠡ᠃ ᠪᠠᠶᠢᠭᠤᠯᠭ᠎ᠠ ᠶᠢᠨ ᠠᠵᠢᠯ ᠤᠨ ᠳᠦᠷᠢᠮ ᠢ ᠲᠣᠭᠲᠠᠭᠠᠨ᠎ᠠ᠃ ᠴᠢᠬᠤᠯᠠ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ᠂ ᠰᠢᠮᠳᠠᠭᠤᠯᠤᠨ | ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠵᠡᠷᠭᠡ ᠶᠢ ᠬᠠᠷᠢᠭᠤᠴᠠᠨ᠎ᠠ᠃ | ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠃ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠪᠣᠯᠤᠨ ᠬᠥᠮᠦᠵᠢᠯ | ᠪᠣᠯᠪᠠᠰᠤᠷᠠᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠰᠢᠮᠳᠠᠭᠤᠯᠤᠨ ᠬᠡᠷᠡᠭᠵᠢᠭᠦᠯᠦᠨ᠎ᠡ᠃ ᠪᠠᠶᠢᠭᠤᠯᠭ᠎ᠠ ᠵᠢᠴᠢ ᠬᠠᠷᠢᠶ᠎ᠠ ᠠᠵᠢᠯ ᠦᠶᠯᠡᠰ ᠤᠨ ᠨᠢᠭᠡᠴᠢ ᠶᠢᠨ | ᠪᠠᠶᠢᠭᠤᠯᠤᠮᠵᠢ ᠶᠢᠨ ᠣᠷᠣᠨ ᠲᠤᠭ᠎ᠠ᠂ ᠵᠣᠬᠢᠶᠠᠨ ᠪᠠᠶᠢᠭᠤᠯᠤᠯᠲᠠ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠪᠠ ᠴᠢᠳᠠᠪᠤᠷᠢᠲᠠᠨ ᠤ ᠠᠵᠢᠯ ᠢ ᠬᠠᠷᠢᠭᠤᠴᠠᠨ᠎ᠠ᠃ ᠪᠥᠬᠦ | ᠣᠷᠣᠨ ᠤ ᠲᠤᠭ᠎ᠠ ᠪᠦᠷᠢᠳᠬᠡᠯ ᠤᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠷᠢ ᠬᠡᠮ ᠢ ᠰᠢᠯᠭᠠᠷᠠᠭᠤᠯᠤᠨ ᠲᠣᠭᠲᠠᠭᠠᠬᠤ ᠠᠵᠢᠯ ᠢ ᠵᠣᠬᠢᠶᠠᠨ | ᠪᠠᠶᠢᠭᠤᠯᠤᠨ᠎ᠠ᠃ ᠠᠶᠢᠮᠠᠭ ᠬᠤᠲᠠ ᠶᠢ ᠬᠠᠮᠵᠢᠨ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠢ ᠬᠠᠮᠢᠶᠠᠷᠬᠤ | ᠬᠤᠯᠪᠣᠭᠳᠠᠯ ᠪᠦᠬᠦᠢ ᠠᠵᠢᠯ ᠢ ᠳᠠᠭᠠᠭᠠᠨ ᠭᠦᠢᠴᠡᠳᠬᠡᠨ᠎ᠡ᠃ | ︵ᠭᠤᠷᠪᠠ︶ ᠡᠳ᠋ ᠤᠨ ᠶᠠᠪᠤᠳᠠᠯ ᠤᠨ ᠭᠠᠵᠠᠷ᠃ ᠪᠦᠬᠦ ᠣᠷᠣᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠲᠥᠪ ᠤᠨ ᠡᠳ᠋ ᠤᠨ ᠵᠠᠰᠠᠭ ᠤᠨ ᠲᠤᠭ᠎ᠠ | ᠪᠦᠷᠢᠳᠬᠡᠯ ᠤᠨ ᠦᠢᠯᠡᠰ ᠤᠨ ᠵᠠᠷᠤᠳᠠᠯ ᠪᠣᠯᠤᠨ ᠪᠠᠶᠢᠭᠤᠯᠭ᠎ᠠ ᠶᠢᠨ ᠲᠤᠰ ᠱᠠᠲᠤᠨ ᠤ ᠵᠠᠷᠤᠳᠠᠯ ᠢ ᠬᠠᠮᠢᠶᠠᠷᠤᠨ᠎ᠠ᠃ ᠪᠠᠶᠢᠭᠤᠯᠭ᠎ᠠ ᠶᠢᠨ ᠵᠠᠰᠠᠭ ᠤᠨ ᠣᠷᠳᠣᠨ ᠤ | ᠬᠤᠳᠠᠯᠳᠤᠨ ᠠᠪᠬᠤ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠨᠢᠭᠲᠠᠯᠠᠨ ᠪᠣᠳᠣᠵᠤ | ᠲᠣᠭᠠᠴᠠᠭᠠᠯᠠᠬᠤ ᠪᠠ ᠪᠥᠬᠦ ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠡᠳ᠋ ᠤᠨ ᠶᠠᠪᠤᠳᠠᠯ ᠤᠨ ᠳᠣᠲᠣᠭᠠᠳᠤ ᠶᠢᠨ ᠬᠢᠨᠠᠨ ᠪᠣᠳᠣᠵᠤ ᠬᠢᠨᠠᠯᠲᠠ ᠲᠠᠯᠪᠢᠬᠤ | ᠠᠵᠢᠯ ᠢ ᠡᠭᠦᠷᠭᠡᠯᠡᠵᠦ᠂ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠡᠳ᠋ ᠤᠨ ᠶᠠᠪᠤᠳᠠᠯ ᠤᠨ ᠠᠵᠢᠯ ᠢ ᠬᠢᠨᠠᠨ ᠬᠠᠮᠢᠶᠠᠷᠤᠨ᠎ᠠ᠃ | ︵ᠳᠥᠷᠪᠡ︶ ᠲᠤᠭ᠎ᠠ ᠪᠦᠷᠢᠳᠬᠡᠯ ᠤᠨ ᠲᠥᠯᠥᠪᠯᠡᠭᠡ ᠶᠢᠨ ᠬᠠᠮᠢᠶᠠᠷᠤᠯᠲᠠ ᠶᠢᠨ ᠭᠠᠵᠠᠷ᠃ ᠪᠦᠬᠦ ᠣᠷᠣᠨ ᠤ ᠲᠤᠭ᠎ᠠ ᠪᠦᠷᠢᠳᠬᠡᠯ ᠤᠨ ᠳᠦᠷᠢᠮ ᠤᠨ | ᠥᠭᠡᠷᠡᠴᠢᠯᠡᠯᠲᠡ ᠶᠢᠨ ᠲᠥᠯᠥᠪᠵᠢᠭᠦᠯᠭᠡ ᠪᠣᠯᠤᠨ ᠲᠥᠰᠦᠯ ᠢ ᠲᠤᠭᠤᠷᠪᠢᠨ ᠲᠣᠭᠲᠠᠭᠠᠵᠤ᠂ ᠤᠯᠤᠰ ᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ | ᠪᠠᠷᠢᠮᠵᠢᠶ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠲᠤᠭ᠎ᠠ ᠪᠦᠷᠢᠳᠬᠡᠯ ᠤᠨ ᠳᠦᠷᠢᠮ ᠪᠣᠯᠤᠨ ᠲᠤᠭ᠎ᠠ ᠪᠦᠷᠢᠳᠬᠡᠯ ᠤᠨ ᠪᠠᠷᠢᠮᠵᠢᠶ᠎ᠠ | ᠶᠢ ᠲᠤᠭᠤᠷᠪᠢᠨ ᠲᠣᠭᠲᠠᠭᠠᠨ᠎ᠠ᠃ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ᠂ | ᠪᠠᠶᠢᠴᠠᠭᠠᠯᠲᠠ ᠶᠢᠨ ᠲᠥᠰᠦᠯ ᠢ ᠬᠢᠨᠠᠨ ᠬᠠᠷᠭᠤᠭᠤᠯᠤᠨ᠎ᠠ᠃ ᠪᠦᠬᠦ ᠣᠷᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ | ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ | ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠨ᠎ᠠ᠃ | ︵ᠲᠠᠪᠤ︶ ᠤᠯᠤᠰ ᠠᠷᠠᠳ ᠤᠨ ᠠᠵᠤ ᠠᠬᠤᠶ ᠶᠢᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠭᠠᠵᠠᠷ᠃ ᠤᠯᠤᠰ ᠠᠷᠠᠳ ᠤᠨ ᠠᠵᠤ ᠠᠬᠤᠶ ᠶᠢᠨ | ᠠᠵᠢᠯᠯᠠᠭᠠᠨ ᠤ ᠪᠠᠶᠢᠳᠠᠯ ᠢ ᠲᠣᠭᠠᠯᠠᠨ ᠪᠦᠷᠢᠳᠬᠡᠬᠦ ᠪᠠ ᠬᠢᠨᠠᠨ ᠰᠢᠨᠵᠢᠯᠡᠬᠦ᠂ ᠲᠣᠭᠠᠯᠠᠨ ᠪᠦᠷᠢᠳᠬᠡᠵᠦ ᠲᠥᠰᠦᠭᠡᠯᠡᠬᠦ ᠪᠠ ᠶᠡᠷᠦᠩᠬᠡᠶᠢᠯᠡᠨ ᠵᠠᠳᠠᠯᠵᠤ ᠰᠤᠳᠤᠯᠬᠤ ᠶᠢ | ᠬᠠᠷᠢᠭᠤᠴᠠᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ ᠬᠢᠬᠦ ᠳᠤ ᠯᠠᠪᠯᠠᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠡᠯ᠎ᠡ ᠲᠤᠰᠬᠠᠶ ᠮᠡᠷᠭᠡᠵᠢᠯ ᠤᠨ ᠪᠦᠷᠢᠳᠬᠡᠯ ᠤᠨ ᠲᠤᠭ᠎ᠠ | ᠪᠠᠷᠢᠮᠲᠠ ᠶᠢᠨ ᠶᠠᠰᠤ ᠴᠢᠨᠠᠷ ᠢ ᠦᠨᠡᠯᠡᠨ ᠵᠢᠱᠢᠬᠦ ᠶᠢ ᠬᠠᠷᠢᠭᠤᠴᠠᠨ᠎ᠠ᠃ ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢ ᠨᠡᠶᠢᠲᠡᠯᠡᠬᠦ ᠵᠢᠴᠢ ᠳᠣᠲᠣᠷ ᠰᠦᠯᠵᠢᠶ᠎ᠡ᠂ | ᠭᠠᠳᠠᠷ ᠰᠦᠯᠵᠢᠶ᠎ᠡ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠠ ᠨᠡᠶᠢᠲᠡᠯᠡᠬᠦ ᠶᠢ ᠬᠠᠷᠢᠭᠤᠴᠠᠵᠤ᠂ ᠤᠯᠠᠷᠢᠯ ᠤᠨ ᠠᠵᠤ ᠠᠬᠤᠶ ᠶᠢᠨ | ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠬᠢᠯᠡᠨ᠎ᠡ᠃ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠨᠠᠨ ᠰᠢᠯᠭᠠᠯᠲᠠ ᠳᠤᠮᠳᠠᠬᠢ ᠠᠵᠤ ᠠᠬᠤᠶ ᠶᠢᠨ | ᠭᠦᠢᠴᠡᠳᠬᠡᠯ ᠲᠤᠭ᠎ᠠ ᠶᠢ ᠬᠢᠨᠠᠨ ᠰᠢᠨᠵᠢᠯᠡᠬᠦ ᠠᠵᠢᠯ ᠢ ᠡᠭᠦᠷᠭᠡᠯᠡᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠰᠢᠨᠵᠢᠯᠡᠬᠦ᠂ ᠠᠷᠭᠠᠴᠠᠭᠠᠨ ᠰᠢᠶᠳᠪᠦᠷᠢᠯᠡᠬᠦ ᠠᠵᠢᠯ ᠢ | ᠬᠠᠷᠢᠭᠤᠴᠠᠨ᠎ᠠ᠃ | ︵ᠵᠢᠷᠭᠤᠭ᠎ᠠ︶ ᠤᠯᠤᠰ ᠠᠷᠠᠳ ᠤᠨ ᠠᠵᠤ ᠠᠬᠤᠶ ᠶᠢᠨ ᠲᠣᠭᠠᠴᠠᠭᠠᠯᠠᠬᠤ ᠭᠠᠵᠠᠷ᠃ ᠪᠦᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ᠂ ᠣᠷᠣᠭᠤᠯᠤᠯᠲᠠ ᠭᠠᠷᠭᠠᠯᠲᠠ᠂ ᠪᠡᠯᠡ ᠮᠥᠩᠭᠦ ᠶᠢᠨ ᠭᠦᠢᠯᠭᠡᠭᠡᠨ ᠤ ᠬᠡᠮᠵᠢᠶ᠎ᠡ᠂ ᠡᠳ᠋ ᠬᠥᠷᠥᠩᠭᠡ ᠶᠢᠨ ᠥᠭᠴᠡᠭᠡ ᠪᠠ ᠡᠬᠢ ᠪᠠᠶᠠᠯᠢᠭ ᠣᠷᠴᠢᠨ ᠲᠣᠭᠤᠷᠢᠨ ᠤ | ᠲᠣᠭᠠᠴᠠᠭᠠᠯᠠᠬᠤ ᠠᠵᠢᠯ ᠢ ᠬᠠᠷᠢᠭᠤᠴᠠᠨ᠎ᠠ᠃ ᠪᠦᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠭᠴᠡᠭᠡᠨ ᠤ ᠬᠦᠰᠦᠨᠦᠭᠲᠦ ᠶᠢ ᠨᠠᠶᠢᠷᠠᠭᠤᠯᠤᠨ | ᠵᠣᠬᠢᠶᠠᠨ᠎ᠠ᠃ ᠠᠶᠢᠮᠠᠭ ᠬᠤᠲᠠ ᠶᠢᠨ ᠤᠯᠤᠰ ᠠᠷᠠᠳ ᠤᠨ ᠠᠵᠤ ᠠᠬᠤᠶ ᠶᠢᠨ ᠲᠣᠭᠠᠴᠠᠭᠠᠯᠠᠬᠤ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠤᠯᠤᠰ ᠠᠷᠠᠳ ᠤᠨ | ᠠᠵᠤ ᠠᠬᠤᠶ ᠶᠢ ᠲᠣᠭᠠᠴᠠᠭᠠᠯᠠᠭᠰᠠᠨ ᠮᠠᠲ᠋ᠧᠷᠢᠶᠠᠯ ᠢ ᠵᠠᠳᠠᠯᠤᠨ ᠰᠤᠳᠤᠯᠬᠤ ᠠᠵᠢᠯ ᠢ ᠥᠷᠨᠢᠭᠦᠯᠦᠨ᠎ᠡ᠃ ︽ᠭᠤᠷᠪᠠᠨ ᠰᠢᠨ᠎ᠡ︾ ᠠᠵᠤ ᠠᠬᠤᠶ ᠪᠠ ᠡᠭᠦᠰᠦᠮᠡᠯ ᠠᠵᠤ | ᠦᠶᠯᠡᠰ ᠤᠨ ᠨᠡᠮᠡᠭᠳᠡᠯ ᠥᠷᠲᠡᠭ ᠶᠢ ᠲᠣᠭᠠᠴᠠᠭᠠᠯᠠᠬᠤ ᠠᠵᠢᠯ ᠢ ᠥᠷᠨᠢᠭᠦᠯᠦᠨ᠎ᠡ᠃ | ︵ᠳᠣᠯᠤᠭ᠎ᠠ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠣᠭᠠᠯᠠᠨ ᠪᠦᠷᠢᠳᠬᠡᠬᠦ ᠭᠠᠵᠠᠷ᠃ ᠪᠦᠬᠦ ᠣᠷᠣᠨ ᠤ ᠲᠣᠭᠲᠠᠮᠠᠯ ᠡᠳ᠋ ᠬᠥᠷᠥᠩᠭᠡ ᠶᠢᠨ | ᠪᠡᠯᠡ ᠣᠷᠣᠭᠤᠯᠤᠯᠲᠠ᠂ ᠪᠠᠷᠢᠯᠭ᠎ᠠ ᠶᠢᠨ ᠦᠶᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠶᠯᠡᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠷᠢᠭᠤᠴᠠᠵᠤ᠂ | ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠵᠤ᠂ ᠡᠮᠬᠢᠳᠬᠡᠬᠦ ᠪᠠ ᠬᠠᠩᠭᠠᠨ᠎ᠠ᠃ ᠲᠣᠭᠠᠯᠠᠨ ᠪᠦᠷᠢᠳᠬᠡᠭᠰᠡᠨ ᠬᠤᠯᠪᠣᠭᠳᠠᠯ ᠪᠦᠬᠦᠢ | ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠨ᠎ᠡ᠃ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ | ᠰᠠᠭᠤᠷᠢ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ | ︵ᠨᠠᠢᠮᠠ︶ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠭᠠᠵᠠᠷ᠃ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠡᠳ᠋ ᠤᠨ ᠶᠠᠪᠤᠳᠠᠯ᠂ ᠡᠵᠡᠩᠨᠡᠯᠲᠡ | ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠠᠷᠢᠮᠲᠠ | ᠶᠢ ᠴᠤᠭᠯᠠᠭᠤᠯᠵᠤ᠂ ᠡᠮᠬᠢᠳᠬᠡᠬᠦ ᠪᠠ ᠬᠠᠩᠭᠠᠨ᠎ᠠ᠃ ᠦᠶᠯᠡᠳᠪᠦᠷᠢᠯᠡᠯ ᠤᠨ ᠠᠵᠢᠯᠯᠠᠭᠠᠨ᠂ ᠠᠵᠤ ᠠᠬᠤᠶ ᠶᠢᠨ ᠦᠷ᠎ᠡ ᠠᠰᠢᠭ᠂ ᠠᠵᠤ ᠠᠬᠤᠶᠢᠯᠠᠯ ᠤᠨ ᠡᠵᠡᠩᠨᠡᠯᠲᠡ | ᠶᠢᠨ ᠪᠠᠶᠢᠳᠠᠯ ᠵᠡᠷᠭᠡ ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃ ᠠᠵᠤ ᠦᠶᠯᠡᠳᠪᠦᠷᠢ ᠶᠢᠨ ᠠᠵᠤ | ᠠᠬᠤᠶᠢᠯᠠᠯ ᠤᠨ ᠰᠦᠯᠵᠢᠶ᠎ᠡ ᠳᠤ ᠨᠡᠪᠲᠡᠷᠡᠭᠦᠯᠦᠨ ᠰᠢᠭᠤᠳ ᠮᠡᠳᠡᠭᠦᠯᠬᠦ ᠠᠵᠢᠯ ᠢ ᠬᠠᠷᠢᠭᠤᠴᠠᠨ ᠥᠷᠨᠢᠭᠦᠯᠦᠨ᠎ᠡ᠃ ᠲᠣᠭᠠᠯᠠᠨ ᠪᠦᠷᠢᠳᠬᠡᠭᠰᠡᠨ ᠬᠤᠯᠪᠣᠭᠳᠠᠯ ᠪᠦᠬᠦᠢ | ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ | ᠪᠠᠶᠢᠭᠤᠯᠵᠤ ᠵᠢᠯᠣᠭᠤᠳᠤᠨ᠎ᠠ᠃ | ︵ᠶᠢᠰᠦ︶ ᠡᠨᠧᠷᠭᠢ ᠬᠢᠭᠡᠳ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠭᠠᠵᠠᠷ᠃ ᠡᠨᠧᠷᠭᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠪᠠᠶᠢᠴᠠᠭᠠᠨ ᠪᠦᠷᠢᠳᠬᠡᠭᠰᠡᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠴᠤᠭᠯᠠᠭᠤᠯᠵᠤ᠂ ᠡᠮᠬᠢᠳᠬᠡᠬᠦ ᠪᠠ ᠬᠠᠩᠭᠠᠨ᠎ᠠ᠃ ᠡᠨᠧᠷᠭᠢ | ᠬᠤᠷᠣᠭᠳᠠᠭᠤᠯᠬᠤ ᠭᠤᠣᠯ ᠪᠣᠯᠬᠤ ᠠᠵᠢᠯ ᠲᠥᠷᠥᠯ ᠤᠨ ᠡᠨᠧᠷᠭᠢ ᠠᠷᠪᠢᠯᠠᠬᠤ ᠪᠠ ᠡᠨᠧᠷᠭᠢ ᠬᠤᠷᠣᠭᠳᠠᠭᠤᠯᠬᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠶᠢᠨ | ᠬᠡᠷᠡᠭᠯᠡᠯᠲᠡ ᠶᠢ ᠲᠣᠭᠠᠯᠠᠨ ᠪᠦᠷᠢᠳᠬᠡᠵᠦ ᠬᠢᠨᠠᠨ ᠰᠢᠨᠵᠢᠯᠡᠬᠦ ᠶᠢ ᠬᠠᠷᠢᠭᠤᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠣᠬᠢᠷᠲᠤᠯ ᠥᠬᠡᠶ | ᠬᠥᠭᠵᠢᠯᠲᠡ ᠶᠢᠨ ᠭᠦᠶᠴᠡᠳᠬᠡᠯ ᠲᠣᠭᠠᠨ ᠤ ᠲᠣᠭᠲᠠᠯᠴᠠᠭ᠎ᠠ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ | ᠥᠷᠨᠢᠭᠦᠯᠦᠨ᠎ᠡ᠃ ᠲᠣᠭᠠᠯᠠᠨ ᠪᠦᠷᠢᠳᠬᠡᠭᠰᠡᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠪᠣᠯᠤᠨ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠢ ᠵᠢᠯᠣᠭᠤᠳᠤᠨ᠎ᠠ᠃ | ︵ᠠᠷᠪᠠ︶ ᠠᠷᠠᠯᠵᠢᠶ᠎ᠠ ᠭᠠᠳᠠᠭᠠᠳᠤ ᠠᠵᠤ ᠠᠬᠤᠢ ᠶᠢᠨ ᠲᠤᠭ᠎ᠠ ᠪᠦᠷᠢᠳᠬᠡᠯ ᠤᠨ ᠭᠠᠵᠠᠷ᠃ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠶᠯᠡᠰ᠂ | ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠶᠯᠡᠰ ᠤᠨ ᠠᠵᠢᠯ ᠲᠥᠷᠥᠯ ᠤᠨ ᠬᠥᠭᠵᠢᠯᠲᠡ ᠬᠤᠪᠢᠷᠠᠯᠲᠠ᠂ ᠪᠦᠬᠦ ᠨᠡᠶᠢᠭᠡᠮ ᠤᠨ ᠬᠡᠷᠡᠭᠯᠡᠭᠡ ᠶᠢᠨ ᠵᠦᠢᠯᠡᠰ ᠤᠨ | ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠂ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ ᠬᠢᠭᠡᠳ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠤᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠴᠠᠭᠠᠨ ᠪᠦᠷᠢᠳᠬᠡᠭᠰᠡᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠬᠠᠩᠭᠠᠨ᠎ᠠ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ᠂ ᠭᠠᠳᠠᠭᠠᠳᠤ ᠲᠠᠢ ᠠᠵᠤ | ᠠᠬᠤᠢ ᠶᠢᠨ ᠲᠠᠯ᠎ᠠ ᠪᠠᠷ ᠬᠠᠮᠲᠤᠷᠠᠯᠴᠠᠬᠤ ᠵᠡᠷᠭᠡ ᠶᠢ ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢ ᠬᠠᠩᠭᠠᠨ᠎ᠠ᠃ ᠲᠣᠭᠠᠯᠠᠨ ᠭᠦᠢᠴᠡᠳᠬᠡᠭᠰᠡᠨ ᠬᠤᠯᠪᠣᠭᠳᠠᠯ ᠪᠦᠬᠦᠢ | ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠲᠥᠷᠥᠯ ᠤᠨ ᠲᠤᠭ᠎ᠠ ᠪᠦᠷᠢᠳᠬᠡᠯ | ᠤᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ | ︵ᠠᠷᠪᠠᠨ ᠨᠢᠭᠡ︶ ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠰᠣᠶᠣᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠤᠨ ᠭᠠᠵᠠᠷ᠃ ᠨᠡᠶᠢᠭᠡᠮ ᠤᠨ | ᠬᠥᠭᠵᠢᠯᠲᠡ ᠶᠢᠨ ᠦᠨᠳᠦᠰᠦᠨ ᠪᠠᠶᠢᠳᠠᠯ ᠢ ᠲᠣᠭᠠᠯᠠᠨ ᠪᠦᠷᠢᠳᠬᠡᠵᠦ ᠪᠠᠶᠢᠴᠠᠭᠠᠬᠤ ᠪᠠ ᠡᠮᠡᠭᠲᠡᠶᠢᠴᠦᠳ ᠬᠡᠦᠬᠡᠳ ᠤᠨ ᠬᠤᠶᠠᠷ ᠬᠥᠭᠵᠢᠯᠲᠡ ᠶᠢᠨ ᠬᠥᠲᠥᠯᠪᠦᠷᠢ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠣᠭᠠᠯᠠᠨ ᠪᠦᠷᠢᠳᠬᠡᠵᠦ ᠬᠢᠨᠠᠨ ᠰᠢᠨᠵᠢᠯᠡᠬᠦ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠣᠷᠣᠨ ᠤ ᠰᠣᠶᠣᠯ ᠤᠨ ᠠᠵᠤ | ᠦᠢᠯᠡᠰ ᠤᠨ ᠲᠤᠭ᠎ᠠ ᠪᠦᠷᠢᠳᠬᠡᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠲᠣᠭᠠᠯᠠᠨ ᠪᠦᠷᠢᠳᠬᠡᠭᠰᠡᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠨᠡᠶᠢᠭᠡᠮ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢ ᠬᠠᠩᠭᠠᠨ᠎ᠠ᠃ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ | ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠬᠤᠯᠪᠣᠭᠳᠠᠯ ᠪᠦᠬᠦᠢ ᠲᠤᠰᠬᠠᠶ ᠪᠠᠶᠢᠴᠠᠭᠠᠯᠲᠠ ᠪᠣᠯᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠬᠥᠮᠦᠨ ᠠᠮᠠ ᠪᠠ ᠠᠵᠢᠯ ᠣᠯᠭᠤᠯᠲᠠ ᠶᠢᠨ ᠲᠤᠭ᠎ᠠ ᠪᠦᠷᠢᠳᠬᠡᠯ ᠤᠨ ᠭᠠᠵᠠᠷ᠃ ᠪᠦᠬᠦ ᠣᠷᠣᠨ ᠤ ᠬᠥᠮᠦᠨ ᠠᠮᠠ ᠶᠢ ᠨᠡᠶᠢᠳᠡᠮ | ᠪᠠᠶᠢᠴᠠᠭᠠᠬᠤ᠂ 1 % ᠶᠢᠨ ᠬᠥᠮᠦᠨ ᠠᠮᠠ ᠶᠢ ᠦᠯᠢᠭᠡᠷ ᠠᠪᠴᠤ ᠪᠠᠶᠢᠴᠠᠭᠠᠬᠤ᠂ ᠣᠨ ᠤ ᠬᠥᠮᠦᠨ ᠠᠮᠠ ᠶᠢᠨ ᠬᠤᠪᠢᠷᠠᠯᠲᠠ ᠠᠴᠠ ᠦᠯᠢᠭᠡᠷ ᠠᠪᠴᠤ ᠪᠠᠶᠢᠴᠠᠭᠠᠬᠤ ᠪᠠ | ᠬᠥᠳᠡᠯᠮᠦᠷᠢ ᠴᠠᠯᠢᠩ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠥᠮᠦᠨ ᠠᠮᠠ᠂ ᠠᠵᠢᠯ ᠣᠯᠭᠤᠯᠲᠠ ᠪᠠ | ᠬᠥᠳᠡᠯᠮᠦᠷᠢ ᠴᠠᠯᠢᠩ ᠵᠡᠷᠭᠡ ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢ ᠬᠠᠩᠭᠠᠨ᠎ᠠ᠃ ᠲᠣᠭᠠᠯᠠᠨ ᠪᠦᠷᠢᠳᠬᠡᠭᠰᠡᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ | ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ | ᠪᠠᠶᠢᠭᠤᠯᠵᠤ ᠵᠢᠯᠣᠭᠤᠳᠤᠨ᠎ᠠ᠃ | ︵ᠠᠷᠪᠠᠨ ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠲᠤᠭ᠎ᠠ ᠪᠦᠷᠢᠳᠬᠡᠯ ᠤᠨ ᠭᠠᠵᠠᠷ᠃ ᠪᠦᠬᠦ ᠣᠷᠣᠨ ᠤ ᠲᠠᠷᠢᠶᠠᠯᠠᠬᠤ ᠮᠠᠯᠵᠢᠬᠤ | ᠣᠷᠣᠨ ᠤ ᠨᠡᠶᠢᠭᠡᠮ ᠤᠨ ᠠᠵᠤ ᠠᠬᠤᠶ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠣᠷᠣᠨ ᠤ ᠲᠠᠷᠢᠶᠠᠯᠠᠩ ᠣᠶ ᠰᠢᠭᠤᠢ ᠮᠠᠯ ᠠᠵᠤ | ᠠᠬᠤᠢ ᠵᠢᠭᠠᠰᠤᠨ ᠤ ᠦᠢᠯᠡᠰ ᠤᠨ ᠦᠢᠯᠡᠳᠪᠦᠷᠢᠯᠡᠯ ᠡᠵᠡᠩᠨᠡᠯᠲᠡ᠂ ᠦᠨᠳᠦᠰᠦᠨ ᠪᠠᠶᠢᠳᠠᠯ ᠤᠨ ᠲᠤᠭ᠎ᠠ ᠪᠦᠷᠢᠳᠬᠡᠯ ᠪᠣᠯᠤᠨ ᠲᠠᠷᠢᠶᠠᠯᠠᠩ ᠣᠶ ᠰᠢᠭᠤᠶ ᠮᠠᠯ ᠠᠵᠤ | ᠠᠬᠤᠶ ᠵᠢᠭᠠᠰᠤᠨ ᠤ ᠦᠢᠯᠡᠰ ᠤᠨ ᠶᠡᠷᠦᠩᠬᠡᠶ ᠦᠢᠯᠡᠳᠬᠦᠨ ᠤ ᠥᠷᠲᠡᠭ᠂ ᠨᠡᠮᠡᠭᠳᠡᠯ ᠥᠷᠲᠡᠭ ᠢ ᠲᠣᠭᠠᠴᠠᠭᠠᠯᠠᠬᠤ ᠶᠢ ᠬᠠᠷᠢᠭᠤᠴᠠᠨ᠎ᠠ᠃ ᠪᠦᠬᠦ ᠣᠷᠣᠨ ᠤ ᠮᠠᠯ ᠠᠵᠤ | ᠠᠬᠤᠶ ᠶᠢᠨ ᠣᠨ ᠤ ᠨᠡᠶᠢᠳᠡᠮ ᠪᠠᠶᠢᠴᠠᠭᠠᠯᠲᠠ ᠶᠢ ᠬᠠᠷᠢᠭᠤᠴᠠᠨ᠎ᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠪᠠᠶᠢᠷᠢᠯᠠᠭᠤᠯᠤᠭᠰᠠᠨ ᠰᠢᠶᠠᠨ ᠤ ᠺᠠᠷᠲ᠂ | ᠰᠢᠶᠠᠩ ᠤᠨ ᠺᠠᠷᠲ᠂ ᠲᠣᠰᠬᠤᠨ ᠤ ᠺᠠᠷᠲ ᠤᠨ ᠲᠤᠭ᠎ᠠ ᠪᠦᠷᠢᠳᠬᠡᠯ ᠤᠨ ᠡᠭᠦᠷᠭᠡ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠣᠭᠠᠯᠠᠨ ᠪᠦᠷᠢᠳᠬᠡᠭᠰᠡᠨ ᠲᠤᠭ᠎ᠠ | ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠨ᠎ᠡ᠃ ᠲᠠᠷᠢᠶᠠᠯᠠᠬᠤ ᠮᠠᠯᠵᠢᠬᠤ ᠣᠷᠣᠨ ᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ | ᠴᠤᠭᠯᠠᠭᠤᠯᠵᠤ᠂ ᠡᠮᠬᠢᠳᠬᠡᠬᠦ ᠪᠠ ᠨᠠᠶᠢᠷᠠᠭᠤᠯᠤᠨ ᠳᠠᠷᠤᠮᠠᠯᠯᠠᠨ᠎ᠠ᠃ | ︵ᠠᠷᠪᠠᠨ ᠳᠥᠷᠪᠡ︶ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠭᠠᠵᠠᠷ᠃ ᠦᠶᠯᠡᠴᠢᠯᠡᠭᠡᠨ ᠤ ᠦᠶᠯᠡᠰ᠂ ᠵᠠᠮ ᠬᠠᠷᠢᠯᠴᠠᠭ᠎ᠠ ᠲᠡᠭᠡᠭᠡᠪᠦᠷᠢ | ᠰᠢᠦᠳᠠᠨ ᠴᠠᠬᠢᠯᠭᠠᠨ ᠤ ᠰᠣᠹᠲ ᠤᠨ ᠦᠶᠯᠡᠰ᠂ ᠢᠨᠲ᠋ᠧᠷ ᠰᠦᠯᠵᠢᠶᠡᠨ ᠤ ᠠᠵᠤ ᠠᠬᠤᠶ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ ᠶᠢ ᠨᠠᠶᠢᠷᠠᠭᠤᠯᠤᠨ ᠵᠣᠬᠢᠶᠠᠬᠤ᠃ ᠦᠶᠯᠡᠴᠢᠯᠡᠭᠡᠨ ᠤ | ᠦᠶᠯᠡᠰ ᠤᠨ ᠠᠵᠤ ᠠᠬᠤᠶ ᠶᠢᠨ ᠠᠵᠢᠯᠯᠠᠭᠠᠨ ᠳᠤ ᠵᠠᠳᠠᠯᠤᠯᠲᠠ ᠰᠤᠳᠤᠯᠤᠯᠲᠠ ᠬᠢᠨ᠎ᠡ᠃ ︽ᠥᠪᠥᠷ ᠮᠣᠩᠭᠤᠯ ᠤᠨ ᠦᠶᠯᠡᠴᠢᠯᠡᠭᠡᠨ ᠤ ᠦᠶᠯᠡᠰ ᠤᠨ ᠲᠤᠰᠬᠠᠶ ᠰᠣᠨᠢᠨ︾ | ᠢ ᠨᠠᠶᠢᠷᠠᠭᠤᠯᠤᠨ᠎ᠠ᠃ ᠲᠣᠭᠠᠯᠠᠨ ᠪᠦᠷᠢᠳᠬᠡᠭᠰᠡᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠪᠦᠬᠦ ᠣᠷᠣᠨ | ᠤ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠤᠨ ᠵᠣᠬᠢᠴᠠᠭᠤᠯᠤᠨ᠎ᠠ᠃ | ︵ᠠᠷᠪᠠᠨ ᠲᠠᠪᠤ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ᠃ ᠲᠤᠭ᠎ᠠ ᠪᠦᠷᠢᠳᠬᠡᠯ ᠤᠨ ᠣᠷᠣᠨ ᠨᠤᠲᠤᠭ ᠤᠨ | ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ᠎ᠠ᠃ ᠪᠦᠬᠦ ᠣᠷᠣᠨ ᠤ ᠲᠤᠭ᠎ᠠ ᠪᠦᠷᠢᠳᠬᠡᠯ ᠤᠨ ᠠᠵᠢᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠢᠯᠡᠴᠢᠯᠡᠨ ᠮᠡᠳᠡᠭᠦᠯᠦᠭᠰᠡᠨ ᠢ ᠬᠦᠯᠢᠶᠡᠨ | ᠠᠪᠴᠤ ᠰᠢᠶᠳᠪᠦᠷᠢᠯᠡᠬᠦ ᠪᠠ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠶᠳᠪᠦᠷᠢᠯᠡᠵᠦ᠂ ᠲᠤᠭ᠎ᠠ ᠪᠦᠷᠢᠳᠬᠡᠯ ᠳᠤ | ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠬᠡᠷᠡᠭ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠂ ᠲᠤᠭ᠎ᠠ ᠪᠦᠷᠢᠳᠬᠡᠯ ᠤᠨ ᠢᠲᠡᠭᠡᠮᠵᠢ ᠶᠢᠨ | ᠳᠦᠷᠢᠮ ᠢ ᠪᠦᠷᠢᠨᠰᠢᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ︽ᠬᠤᠶᠠᠷ ᠢ ᠲᠠᠰᠢᠷᠠᠮ ᠢᠶᠠᠷ︾ ᠰᠤᠭᠤᠴᠢᠨ ᠪᠠᠶᠢᠴᠠᠭᠠᠬᠤ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠭᠠᠳᠠᠭᠠᠳᠤ ᠳᠤ | ᠬᠤᠯᠪᠣᠭᠳᠠᠭᠰᠠᠨ ᠬᠡᠷᠡᠭ ᠢ ᠪᠠᠶᠢᠴᠠᠭᠠᠬᠤ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠ ᠭᠠᠳᠠᠭᠠᠳᠤ ᠳᠤ ᠬᠤᠯᠪᠣᠭᠳᠠᠭᠰᠠᠨ ᠬᠤᠯᠪᠣᠭᠳᠠᠬᠤ ᠨᠡᠶᠢᠭᠡᠮ | ᠤᠨ ᠪᠠᠶᠢᠴᠠᠭᠠᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠠᠵᠢᠯ ᠢ ᠳᠠᠭᠠᠭᠠᠨ ᠭᠦᠢᠴᠡᠳᠬᠡᠨ᠎ᠡ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ | ᠵᠠᠷᠭᠤ ᠬᠦᠯᠢᠶᠡᠬᠦ᠂ ᠭᠡᠷᠡᠴᠢᠯᠡᠭᠡ ᠰᠣᠨᠣᠰᠬᠤ ᠵᠡᠷᠭᠡ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠡᠭᠦᠷᠭᠡᠯᠡᠵᠦ᠂ ᠪᠠᠶᠢᠭᠤᠯᠭ᠎ᠠ ᠶᠢᠨ ᠴᠢᠬᠤᠯᠠ ᠶᠡᠭᠡ ᠵᠦᠶᠯᠡᠰ ᠪᠠ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ | ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠳᠣᠯᠤᠭ᠎ᠠ︶ ᠠᠵᠢᠯ ᠠᠴᠠ ᠪᠠᠨ ᠳᠠᠷᠬᠠᠯᠠᠭᠳᠠᠭᠰᠠᠳ ᠪᠠ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠶᠢᠨ ᠠᠵᠢᠯ | ᠠᠴᠠ ᠪᠠᠨ ᠳᠠᠷᠬᠠᠯᠠᠭᠳᠠᠭᠰᠠᠳ ᠪᠠ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ | ᠳᠠᠷᠬᠠᠯᠠᠭᠳᠠᠭᠰᠠᠳ ᠪᠠ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 1 ᠳ᠋ᠦ᠋ᠭᠡᠷ ᠠᠰᠠᠷ | ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00-17᠄ 00 | ᠬᠠᠷᠢᠯᠴᠠᠬᠤ ᠤᠲᠠᠰᠤ᠄ 0471-6944514 | ᠬᠠᠷᠢᠭᠤᠴᠠᠯᠭᠠᠲᠠᠨ᠄ ᠫᠠᠨ ᡁᠢ ᠹᠧᠩ | | ᠬᠠᠷᠢᠶ᠎ᠠ ᠠᠵᠢᠯ ᠦᠢᠯᠡᠰ ᠤᠨ ᠨᠢᠭᠡᠴᠢ | ︵ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠨᠡᠶᠢᠳᠡᠮ ᠪᠠᠶᠢᠴᠠᠭᠠᠯᠲᠠ ᠶᠢᠨ ᠲᠥᠪ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠨᠡᠶᠢᠳᠡᠮ ᠪᠠᠶᠢᠴᠠᠭᠠᠯᠲᠠ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠶ᠎ᠠ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ | ᠪᠣᠯᠣᠨ᠎ᠠ᠃ | ︵1︶ ᠤᠯᠤᠰ ᠤᠨ ᠮᠠᠨ ᠤ ᠣᠷᠣᠨ ᠳᠤ ᠶᠠᠪᠤᠭᠤᠯᠬᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ | ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠵᠡᠷᠭᠡ ᠲᠤᠭ᠎ᠠ ᠪᠦᠷᠢᠳᠬᠡᠯ ᠤᠨ ᠨᠡᠶᠢᠳᠡᠮ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ | ︵2︶ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠣᠷᠣᠨ ᠤ ᠪᠠᠶᠢᠳᠠᠯ ᠣᠷᠣᠨ ᠤ ᠬᠦᠴᠦᠨ ᠤ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯ | ᠢ ᠡᠭᠦᠷᠭᠡᠯᠡᠨ᠎ᠡ︔ | ︵3︶ ᠨᠡᠶᠢᠳᠡᠮ ᠪᠠᠶᠢᠴᠠᠭᠠᠯᠲᠠ ᠬᠢᠭᠰᠡᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠵᠠᠳᠠᠯᠬᠤ ᠪᠠ ᠨᠡᠶᠢᠳᠡᠮ ᠪᠠᠶᠢᠴᠠᠭᠠᠯᠲᠠ ᠬᠢᠭᠰᠡᠨ ᠲᠤᠭ᠎ᠠ ᠪᠠᠷᠢᠮᠲᠠ | ᠬᠠᠩᠭᠠᠬᠤ ᠵᠡᠷᠭᠡ ᠠᠵᠢᠯ ᠢ ᠡᠭᠦᠷᠭᠡᠯᠡᠨ᠎ᠡ︔ | ︵4︶ ᠪᠦᠬᠦ ᠣᠷᠣᠨ ᠤ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠪᠠ ᠵᠠᠳᠠᠯᠤᠨ ᠰᠤᠳᠤᠯᠬᠤ ᠵᠡᠷᠭᠡ ᠠᠵᠢᠯ ᠢ | ᠡᠭᠦᠷᠭᠡᠯᠡᠨ᠎ᠡ︔ | ︵5︶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 1 ᠳ᠋ᠦ᠋ᠭᠡᠷ ᠠᠰᠠᠷ | ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00-17᠄ 00 | ᠤᠲᠠᠰᠤ᠄ 0471-6944459 | ᠬᠠᠷᠢᠭᠤᠴᠠᠯᠭᠠᠲᠠᠨ᠄ ᠭᠤᠸᠠᠨ ᠯᠦ | | ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠵᠤ ᠠᠬᠤᠶ ᠶᠢᠨ ᠲᠤᠭ᠎ᠠ ᠪᠦᠷᠢᠳᠬᠡᠯ ᠤᠨ ᠬᠢᠨᠠᠨ ᠰᠢᠨᠵᠢᠯᠡᠯᠲᠡ ᠶᠢᠨ | ᠲᠥᠪ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠵᠤ ᠠᠬᠤᠶ ᠶᠢᠨ ᠲᠤᠭ᠎ᠠ ᠪᠦᠷᠢᠳᠬᠡᠯ ᠤᠨ ᠬᠢᠨᠠᠨ ᠰᠢᠨᠵᠢᠯᠡᠯᠲᠡ ᠶᠢᠨ ᠲᠥᠪ ᠪᠣᠯ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠶ᠎ᠠ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ | ᠠᠵᠢᠯ ᠦᠶᠯᠡᠰ ᠤᠨ ᠨᠢᠭᠡᠴᠢ ᠪᠣᠯᠣᠨ᠎ᠠ᠃ | ︵1︶ ᠬᠤᠲᠠ ᠶᠢᠨ ᠨᠡᠶᠢᠭᠡᠮ ᠤᠨ ᠠᠵᠤ ᠠᠬᠤᠶ ᠶᠢᠨ ᠪᠠᠶᠢᠳᠠᠯ ᠳᠤ ᠲᠤᠰᠬᠠᠢ ᠵᠦᠢᠯ ᠢᠶᠠᠷ ᠪᠠᠶᠢᠴᠠᠭᠠᠯᠲᠠ ᠵᠠᠳᠠᠯᠤᠯᠲᠠ ᠬᠢᠬᠦ ᠵᠡᠷᠭᠡ ᠠᠵᠢᠯ ᠢ ᠡᠭᠦᠷᠭᠡᠯᠡᠨ᠎ᠡ︔ | | ︵2︶ ᠡᠬᠢ ᠪᠠᠶᠠᠯᠢᠭ ᠨᠢ ᠬᠤᠮᠰᠠᠳᠠᠭᠰᠠᠨ ᠬᠤᠲᠠ ᠶᠢᠨ ᠬᠡᠯᠪᠡᠷᠢ ᠶᠢ ᠬᠤᠪᠢᠷᠠᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ | ᠪᠦᠬᠦ ᠣᠷᠣᠨ ᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠠᠬᠢᠴᠠ ᠶᠢ ᠲᠣᠭᠠᠯᠠᠨ ᠪᠦᠷᠢᠳᠬᠡᠵᠦ ᠬᠢᠨᠠᠨ | ᠰᠢᠨᠵᠢᠯᠡᠬᠦ ᠵᠡᠷᠭᠡ ᠠᠵᠢᠯ ᠢ ᠡᠭᠦᠷᠭᠡᠯᠡᠨ᠎ᠡ︔ | ︵3︶ ᠪᠦᠬᠦ ᠣᠷᠣᠨ ᠤ ᠬᠤᠲᠠ ᠶᠢᠨ ᠦᠨᠳᠦᠰᠦᠨ ᠪᠠᠶᠢᠳᠠᠯ ᠢ ᠲᠣᠭᠠᠯᠠᠨ ᠪᠦᠷᠢᠳᠬᠡᠬᠦ᠂ ᠵᠠᠳᠠᠯᠬᠤ᠂ ᠬᠢᠨᠠᠨ ᠰᠢᠨᠵᠢᠯᠡᠬᠦ ᠵᠢᠴᠢ ᠣᠨ ᠤ ᠮᠡᠳᠡᠭᠦᠯᠦᠯᠲᠡ ᠶᠢ | ᠬᠠᠩᠭᠠᠬᠤ ᠵᠡᠷᠭᠡ ᠠᠵᠢᠯ ᠢ ᠡᠭᠦᠷᠭᠡᠯᠡᠨ᠎ᠡ︔ | ︵4︶ ᠬᠤᠲᠠ ᠶᠢᠨ ᠠᠷᠠᠳ ᠤᠨ ᠠᠮᠢᠳᠤᠷᠠᠯ ᠤᠨ ᠲᠦᠪᠰᠢᠨ ᠪᠣᠯᠤᠨ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠤᠨ ᠵᠠᠳᠠᠯᠤᠯᠲᠠ | ᠰᠤᠳᠤᠯᠤᠯ᠂ ᠵᠠᠬ᠎ᠠ ᠳᠡᠯᠭᠡᠭᠦᠷ ᠤᠨ ᠲᠥᠰᠦᠭᠡᠯᠡᠯᠲᠡ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠶᠡᠭᠡ | ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠭ᠎ᠠ ᠪᠦᠷᠢᠳᠬᠡᠯ ᠤᠨ ᠪᠠᠷᠢᠮᠲᠠ ᠬᠠᠩᠭᠠᠬᠤ ᠵᠡᠷᠭᠡ ᠠᠵᠢᠯ ᠢ ᠡᠭᠦᠷᠭᠡᠯᠡᠨ᠎ᠡ︔ | ︵5︶ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠤᠨ ᠪᠦᠷᠢᠳᠬᠡᠭᠰᠡᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠷᠭᠤᠭᠤᠯᠬᠤ᠂ ᠮᠠᠲ᠋ᠧᠷᠢᠶᠠᠯ ᠢ | ᠨᠡᠭᠡᠭᠡᠨ ᠬᠡᠷᠡᠭᠯᠡᠬᠦ ᠵᠡᠷᠭᠡ ᠠᠵᠢᠯ ᠢ ᠡᠭᠦᠷᠭᠡᠯᠡᠨ᠎ᠡ︔ | ︵6︶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ ᠲᠤᠭ᠎ᠠ ᠪᠦᠷᠢᠳᠬᠡᠯ ᠤᠨ ᠲᠣᠪᠴᠢᠶ᠎ᠠ ᠵᠡᠭᠡᠯᠢ | ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00-17᠄ 00 | ᠤᠲᠠᠰᠤ᠄ 0471-4936031 | ᠬᠠᠷᠢᠭᠤᠴᠠᠯᠭᠠᠲᠠᠨ᠄ ᠶᠢᠨ ᠸᠧᠨ ᠯᠢ | | ︵ᠭᠤᠷᠪᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠶ᠎ᠠ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ | ᠠᠵᠢᠯ ᠦᠶᠯᠡᠰ ᠤᠨ ᠨᠢᠭᠡᠴᠢ ᠪᠣᠯᠣᠨ᠎ᠠ᠃ | ︵1︶ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠡᠭᠦᠷᠭᠡᠯᠡᠵᠦ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ᠂ ᠲᠠᠩᠰᠠ ᠡᠪᠬᠡᠮᠡᠯ ᠤᠨ ᠬᠠᠮᠢᠶᠠᠷᠤᠯᠲᠠ᠂ ᠨᠢᠭᠤᠴᠠ ᠴᠢᠬᠤᠯᠠ ᠵᠠᠮ ᠬᠠᠷᠢᠯᠴᠠᠭ᠎ᠠ ᠵᠡᠷᠭᠡ ᠠᠵᠢᠯ ᠢ ᠡᠭᠦᠷᠭᠡᠯᠡᠨ᠎ᠡ︔ | ︵2︶ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠤᠭ᠎ᠠ ᠪᠠᠷᠢᠮᠲᠠ ᠶᠢᠨ ᠡᠳᠦᠷ ᠲᠤᠲᠤᠮ ᠤᠨ ᠬᠠᠮᠠᠭᠠᠯᠠᠯᠲᠠ ᠪᠠ ᠵᠠᠳᠠᠯᠤᠯᠲᠠ ᠵᠡᠷᠭᠡ ᠠᠵᠢᠯ ᠢ | ᠡᠭᠦᠷᠭᠡᠯᠡᠨ᠎ᠡ︔ | ︵3︶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠡᠮᠬᠢᠯᠡᠬᠦ ᠪᠠ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠬᠠᠷᠢᠭᠤᠴᠠᠨ᠎ᠠ︔ | ︵4︶ ᠠᠮᠤᠷ ᠢ ᠬᠠᠮᠠᠭᠠᠯᠠᠬᠤ᠂ ᠠᠳᠠᠯ ᠠᠬᠤᠶ᠂ ᠲᠡᠷᠭᠡ ᠬᠥᠰᠬᠡ ᠵᠡᠷᠭᠡ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ | ︵5︶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 1 ᠳ᠋ᠦ᠋ᠭᠡᠷ ᠠᠰᠠᠷ | ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00-17᠄ 00 | ᠤᠲᠠᠰᠤ᠄ 0471-6944907 | ᠬᠠᠷᠢᠭᠤᠴᠠᠯᠭᠠᠲᠠᠨ᠄ ᠵᠢᠩ ᠱᠤᠸᠠᠨ ᠬᠤ᠋ | | ︵ᠳᠥᠷᠪᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯ ᠪᠠ ᠤᠬᠠᠭᠤᠯᠭ᠎ᠠ | ᠬᠥᠮᠦᠵᠢᠯ ᠤᠨ ᠲᠥᠪ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯ ᠪᠠ ᠤᠬᠠᠭᠤᠯᠭ᠎ᠠ ᠬᠥᠮᠥᠵᠢᠯ ᠤᠨ ᠲᠥᠪ | ᠪᠣᠯ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠶ᠎ᠠ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ | ᠤᠨ ᠠᠵᠢᠯ ᠦᠶᠯᠡᠰ ᠤᠨ ᠨᠢᠭᠡᠴᠢ ᠪᠣᠯᠤᠨ᠎ᠠ᠃ | ︵1︶ ︽ᠥᠪᠥᠷ ᠮᠣᠩᠭᠤᠯ ᠤᠨ ᠲᠤᠭ᠎ᠠ ᠪᠦᠷᠢᠳᠬᠡᠯ︾ ᠰᠡᠳᠬᠦᠯ ᠢ ᠨᠠᠶᠢᠷᠠᠭᠤᠯᠤᠨ ᠬᠡᠪᠯᠡᠬᠦ ᠠᠵᠢᠯ ᠢ ᠡᠭᠦᠷᠭᠡᠯᠡᠨ᠎ᠡ︔ | ︵2︶ ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢ ᠨᠡᠶᠢᠲᠡᠯᠡᠬᠦ ᠵᠡᠷᠭᠡ ᠬᠠᠪᠰᠤᠷᠤᠮᠵᠢ ᠶᠢᠨ ᠴᠢᠨᠠᠷᠲᠠᠶ ᠠᠵᠢᠯ ᠢ ᠡᠭᠦᠷᠭᠡᠯᠡᠨ᠎ᠡ︔ | ︵3︶ ᠲᠤᠭ᠎ᠠ ᠪᠦᠷᠢᠳᠬᠡᠯ ᠤᠨ ᠠᠷᠭ᠎ᠠ᠂ ᠲᠤᠭ᠎ᠠ ᠪᠦᠷᠢᠳᠬᠡᠯ ᠤᠨ ᠮᠡᠷᠭᠡᠵᠢᠯ ᠤᠨ ᠬᠡᠷᠡᠭᠯᠡᠯᠲᠡ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠯᠡᠨ ᠵᠢᠱᠢᠬᠦ | ᠵᠡᠷᠭᠡ ᠰᠤᠳᠤᠯᠭᠠᠨ ᠤ ᠠᠵᠢᠯ ᠢ ᠡᠭᠦᠷᠭᠡᠯᠡᠨ᠎ᠡ︔ | ︵4︶ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠢ ᠰᠤᠳᠤᠯᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ | ︵5︶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠠᠵᠢᠯ ᠤᠨ ᠤᠬᠠᠭᠤᠯᠤᠨ ᠮᠡᠳᠡᠭᠡᠯᠡᠬᠦ ᠵᠡᠷᠭᠡ ᠠᠵᠢᠯ ᠢ ᠡᠭᠦᠷᠭᠡᠯᠡᠨ᠎ᠡ︔ | ︵6︶ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠬᠥᠮᠦᠵᠢᠯ ᠵᠡᠷᠭᠡ ᠠᠵᠢᠯ ᠢ ᠬᠠᠮᠵᠢᠨ ᠥᠷᠨᠢᠭᠦᠯᠦᠨ᠎ᠡ︔ | ︵7︶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 1 ᠳ᠋ᠦ᠋ᠭᠡᠷ ᠠᠰᠠᠷ | ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00-17᠄ 00 | ᠤᠲᠠᠰᠤ᠄ 0471-6945191 | ᠬᠠᠷᠢᠭᠤᠴᠠᠯᠭᠠᠲᠠᠨ᠄ ᠵᠠᠩ ᠴᠦᠨ ᠶᠠᠨ | | ︵ᠲᠠᠪᠤ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠶᠢᠳᠠᠯ ᠠᠷᠠᠳ ᠤᠨ ᠬᠦᠰᠡᠯ ᠤᠨ ᠪᠠᠶᠢᠴᠠᠭᠠᠯᠲᠠ ᠶᠢᠨ ᠲᠥᠪ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠶᠢᠳᠠᠯ ᠠᠷᠠᠳ ᠤᠨ ᠬᠦᠰᠡᠯ ᠤᠨ ᠪᠠᠶᠢᠴᠠᠭᠠᠯᠲᠠ ᠶᠢᠨ ᠲᠥᠪ ᠪᠣᠯ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠶ᠎ᠠ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ | ᠦᠶᠯᠡᠰ ᠤᠨ ᠨᠢᠭᠡᠴᠢ ᠪᠣᠯᠤᠨ᠎ᠠ᠃ | ︵1︶ ᠪᠦᠬᠦ ᠣᠷᠣᠨ ᠤ ᠨᠡᠶᠢᠭᠡᠮ ᠤᠨ ᠪᠠᠶᠢᠳᠠᠯ ᠠᠷᠠᠳ ᠤᠨ ᠬᠦᠰᠡᠯ ᠢ ᠪᠠᠶᠢᠴᠠᠭᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ | ︵2︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠪᠡᠶ᠎ᠡ ᠪᠠᠨ ᠳᠠᠭᠠᠭᠠᠵᠤ | ᠪᠠᠶᠢᠴᠠᠭᠠᠵᠤ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠨ᠎ᠠ︔ | ︵3︶ ᠨᠡᠶᠢᠭᠡᠮ ᠤᠨ ᠪᠠᠶᠢᠳᠠᠯ᠂ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ᠂ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠠᠷᠠᠳ ᠤᠨ ᠬᠦᠰᠡᠯ ᠤᠨ | ᠲᠤᠭ᠎ᠠ ᠪᠠᠷᠢᠮᠲᠠ ᠶᠢ ᠪᠠᠶᠢᠴᠠᠭᠠᠬᠤ᠂ ᠴᠤᠭᠯᠠᠭᠤᠯᠬᠤ᠂ ᠬᠤᠷᠢᠶᠠᠩᠭᠤᠶᠢᠯᠠᠬᠤ᠂ ᠵᠠᠳᠠᠯᠬᠤ ᠵᠡᠷᠭᠡ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ︔ | ︵4︶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ ᠲᠤᠭ᠎ᠠ ᠪᠦᠷᠢᠳᠬᠡᠯ ᠤᠨ ᠲᠣᠪᠴᠢᠶ᠎ᠠ ᠵᠡᠭᠡᠯᠢ | ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00-17᠄ 00 | ᠤᠲᠠᠰᠤ᠄ 0471-3259266 | ᠬᠠᠷᠢᠭᠤᠴᠠᠯᠭᠠᠲᠠᠨ᠄ ᠳ᠋ᠦ᠋ ᠸᠧᠨ ᠵᠢᠶᠧ | | |