ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠳᠤ ᠰᠢᠮᠳᠠᠭᠤᠯᠤᠨ ᠪᠠᠶᠢᠴᠠᠭᠠᠯᠲᠠ ᠬᠢᠵᠦ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠵᠠᠰᠠᠬᠤ ᠲᠥᠰᠥᠯ
ᠨᠡᠶᠢᠲᠡᠯᠡᠭᠰᠡᠨ ᠴᠠᠭ᠄
2021/6/10
     2020 ᠣᠨ 10 ᠳ᠋ᠤᠭᠠᠷ ᠰᠠᠷ᠎ᠠ ᠶᠢᠨ 19 ᠤ ᠡᠳᠦᠷ --- 25 ᠤ ᠡᠳᠦᠷ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠶᠢᠰᠦᠳᠦᠭᠡᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠣᠷᠣᠨ ᠳᠤ ᠢᠷᠡᠵᠦ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠳᠤ ᠰᠢᠮᠳᠠᠭᠤᠯᠤᠨ ᠪᠠᠶᠢᠴᠠᠭᠠᠯᠲᠠ ᠬᠢᠪᠡ᠃ ︽2020 ᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠳᠠᠬᠢ ᠰᠢᠮᠳᠠᠭᠤᠯᠤᠨ ᠪᠠᠶᠢᠴᠠᠭᠠᠯᠲᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠭᠤ ᠲᠤᠰᠬᠠᠭᠰᠠᠨ ᠰᠠᠨᠠᠯ︾ ᠢ ᠦᠨᠳᠦᠰᠦᠯᠡᠨ᠂ ᠳᠤᠷᠠᠳᠤᠨ ᠭᠠᠷᠭᠠᠭᠰᠠᠨ ᠣᠷᠣᠰᠢᠵᠤ ᠪᠠᠶᠢᠭ᠎ᠠ ᠠᠰᠠᠭᠤᠳᠠᠯ᠂ ᠬᠠᠷᠢᠭᠤ ᠲᠤᠰᠬᠠᠭᠰᠠᠨ ᠰᠠᠨᠠᠯ ᠪᠠ ᠴᠡᠭᠴᠡᠯᠡᠨ ᠵᠠᠰᠠᠬᠤ ᠱᠠᠭᠠᠷᠳᠠᠯᠭ᠎ᠠ ᠳᠤ ᠴᠢᠭᠯᠡᠭᠦᠯᠦᠨ᠂ ᠵᠤᠷᠪᠤᠰ ᠳᠠᠷᠠᠭᠠᠯᠠᠨ ᠡᠮᠬᠢᠯᠡᠵᠦ᠂ ᠬᠠᠷᠢᠭᠤᠴᠠᠯᠭᠠᠲᠤ ᠨᠢᠭᠡᠴᠢ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠂ ᠴᠠᠭ ᠤᠨ ᠬᠢᠵᠠᠭᠠᠷ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠴᠡᠭᠴᠡᠯᠡᠨ ᠵᠠᠰᠠᠬᠤ ᠳᠣᠣᠷᠠᠬᠢ ᠲᠥᠰᠥᠯ ᠢ ᠲᠣᠭᠲᠠᠭᠠᠪᠠ᠃      ᠨᠢᠭᠡ᠂ ᠠᠵᠢᠯ ᠤᠨ ᠬᠠᠷᠠᠯᠲᠠ       ︽ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 63 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠢ ᠴᠢᠩᠭ᠎ᠠ ᠣᠨᠢᠯᠠᠨ᠂ ᠤᠯᠤᠰ ᠤᠨ ᠰᠢᠮᠳᠠᠭᠤᠯᠤᠨ ᠪᠠᠶᠢᠴᠠᠭᠠᠯᠲᠠ ᠬᠢᠵᠦ ᠢᠯᠡᠷᠡᠭᠦᠯᠦᠭᠰᠡᠨ ᠠᠰᠠᠭᠤᠳᠠᠯ ᠢ ᠴᠢᠩᠭ᠎ᠠ ᠠᠳᠬᠤᠵᠤ᠂ ᠵᠠᠰᠠᠭ ᠤᠨ ᠣᠷᠳᠣᠨ ᠭᠤᠣᠯᠴᠢᠯᠠᠨ ᠤᠳᠤᠷᠢᠳᠬᠤ᠂ ᠲᠤᠰᠢᠶᠠᠯ ᠶᠣᠰᠣᠭᠠᠷ ᠬᠠᠷᠢᠭᠤᠴᠠᠯᠭ᠎ᠠ ᠡᠭᠦᠷᠭᠡᠯᠡᠬᠦ᠂ ᠬᠠᠮᠵᠢᠯᠴᠠᠨ ᠠᠵᠢᠯᠯᠠᠵᠤ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠤᠬᠠᠭᠤᠯᠵᠤ ᠬᠥᠲᠥᠯᠥᠨ ᠵᠢᠯᠣᠭᠤᠳᠬᠤ ᠶᠢ ᠬᠦᠴᠦᠯᠡᠨ ᠴᠢᠩᠭᠠᠳᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ ᠵᠣᠯᠭᠠᠯᠳᠤᠭᠤᠯᠤᠨ ᠬᠠᠮᠵᠢᠯᠴᠠᠬᠤ ᠲᠠᠪᠴᠠᠩ ᠢ ᠪᠠᠶᠢᠭᠤᠯᠤᠨ᠂ ᠣᠯᠠᠨ ᠡᠰᠢᠵᠢᠭᠰᠡᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠴᠠ ᠳᠤ ᠰᠢᠨ᠎ᠡ ᠶᠢ ᠡᠭᠦᠳᠬᠦ ᠶᠢ ᠴᠢᠩᠭᠠᠷᠠᠭᠤᠯᠤᠨ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠢ ᠵᠣᠬᠢᠴᠠᠭᠤᠯᠤᠨ ᠬᠡᠷᠡᠭᠯᠡᠬᠦ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ᠃      ᠬᠤᠶᠠᠷ᠂ ᠴᠡᠭᠴᠡᠯᠡᠨ ᠵᠠᠰᠠᠬᠤ ᠠᠭᠤᠯᠭ᠎ᠠ      ︵ ᠨᠢᠭᠡ︶ ︽ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠴᠢᠬᠤᠯᠠᠴᠢᠯᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ︾ ᠠᠰᠠᠭᠤᠳᠠᠯ ᠤᠨ ᠲᠤᠬᠠᠢ      1. ᠥᠪᠡᠷᠲᠡᠭᠡᠨ ᠵᠠᠰᠠᠬᠤ ᠣᠷᠣᠨ ᠠᠴᠠ 2019 ᠣᠨ ᠤ 1 ᠳ᠋ᠦ᠋ᠭᠡᠷ ᠰᠠᠷ᠎ᠠ ᠳᠤ ᠳᠠᠷᠤᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠥᠰᠥᠯ ᠪᠠ ᠬᠤᠯᠪᠣᠭᠠᠲᠤ ᠬᠤᠷᠠᠯ ᠤᠨ ᠳᠦᠷᠢᠮ ᠢ ᠪᠠᠶᠢᠭᠤᠯᠬᠤ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠪᠣᠯᠪᠠᠴᠤ 2020 ᠣᠨ ᠤ 10 ᠳ᠋ᠤᠭᠠᠷ ᠰᠠᠷ᠎ᠠ ᠶᠢᠨ 15 ᠤ ᠡᠳᠦᠷ ᠪᠣᠯᠣᠭᠠᠳ ᠰᠠᠶ᠋ᠢ ᠠᠩᠬ᠎ᠠ ᠤᠳᠠᠭ᠎ᠠ ᠬᠤᠯᠪᠣᠭᠠᠲᠤ ᠬᠤᠷᠠᠯ ᠢ ᠬᠤᠷᠠᠯᠳᠤᠭᠤᠯᠪᠠ᠃ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠠᠭᠤᠯᠭ᠎ᠠ ᠶᠢ 2019 --- 2020 ᠣᠨ ᠤ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ ᠪᠠ ᠶᠡᠷᠦᠩᠬᠡᠶᠢᠯᠡᠭᠰᠡᠨ ᠬᠠᠷᠠᠯᠲᠠ ᠶᠢ ᠰᠢᠯᠭᠠᠨ ᠬᠢᠨᠠᠬᠤ ᠲᠥᠰᠥᠯ ᠤᠨ ᠭᠦᠢᠴᠡᠳᠬᠡᠯ ᠲᠤᠭ᠎ᠠ ᠳᠤ ᠬᠠᠷᠠᠬᠠᠨ ᠣᠷᠣᠭᠤᠯᠤᠭ᠎ᠠ ᠦᠭᠡᠢ ᠪᠠᠶᠢᠨ᠎ᠠ᠃      ᠬᠠᠷᠢᠭᠤᠴᠠᠯᠭᠠᠲᠤ ᠨᠢᠭᠡᠴᠢ᠄ ᠡᠯ᠎ᠡ ᠱᠠᠲᠤᠨ ᠤ ᠵᠠᠰᠠᠭ ᠤᠨ ᠣᠷᠣᠨ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠤᠯᠪᠣᠭᠠᠲᠤ ᠬᠤᠷᠠᠯ ᠤᠨ ᠪᠦᠷᠢᠯᠳᠦᠬᠦᠨ ᠨᠢᠭᠡᠴᠢ ︵ᠳᠣᠷᠣᠭᠰᠢ ᠪᠦᠷᠢᠯᠳᠦᠬᠦᠨ ᠨᠢᠭᠡᠴᠢ ᠭᠡᠵᠦ ᠲᠣᠪᠴᠢᠯᠠᠨ᠎ᠠ︶      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ 63 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠵᠤ᠂ ᠵᠠᠰᠠᠭ ᠤᠨ ᠣᠷᠳᠣᠨ ᠤ ᠭᠤᠣᠯᠴᠢᠯᠠᠨ ᠤᠳᠤᠷᠢᠳᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ᠃ ᠬᠤᠶᠠᠷ ᠲᠤ᠂ ᠵᠢᠯ ᠪᠦᠷᠢ ᠠᠳᠠᠭ ᠲᠤ ᠪᠠᠨ ᠨᠢᠭᠡ ᠤᠳᠠᠭ᠎ᠠ ᠬᠤᠯᠪᠣᠭᠠᠲᠤ ᠬᠤᠷᠠᠯ ᠬᠤᠷᠠᠯᠳᠤᠭᠤᠯᠤᠨ᠎ᠠ᠃ ᠭᠤᠷᠪᠠ ᠳᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠠᠭᠤᠯᠭ᠎ᠠ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠣᠨ ᠤ ᠠᠵᠢᠯ ᠤᠨ ᠦᠷ᠎ᠡ ᠪᠦᠲᠦᠮᠵᠢ ᠶᠢᠨ ᠰᠢᠯᠭᠠᠨ ᠬᠢᠨᠠᠯᠲᠠ ᠪᠠ ᠶᠡᠷᠦᠩᠬᠡᠶᠢᠯᠡᠭᠰᠡᠨ ᠬᠠᠷᠠᠯᠲᠠ ᠶᠢᠨ ᠰᠢᠯᠭᠠᠨ ᠬᠢᠨᠠᠬᠤ ᠲᠥᠰᠥᠯ ᠤᠨ ᠭᠦᠢᠴᠡᠳᠬᠡᠯ ᠲᠤᠭ᠎ᠠ ᠳᠤ ᠣᠷᠣᠭᠤᠯᠤᠨ᠎ᠠ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ 2021 ᠣᠨ ᠤ 12 ᠳ᠋ᠤᠭᠠᠷ ᠰᠠᠷ᠎ᠠ ᠳᠤ ᠪᠡᠶᠡᠯᠡᠭᠦᠯᠵᠦ᠂ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠠᠬᠢᠭᠤᠯᠤᠨ᠎ᠠ᠃      2. ᠵᠠᠷᠢᠮ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠮᠥᠨ ᠬᠦ ᠵᠥᠷᠢᠶ᠎ᠡ ᠣᠷᠣᠰᠢᠵᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠲᠤᠬᠠᠢ ᠰᠤᠷᠤᠯᠴᠠᠯᠭ᠎ᠠ ᠭᠦᠢᠴᠡᠳ ᠦᠭᠡᠢ᠂ ᠣᠶᠢᠯᠠᠭᠠᠯᠲᠠ ᠭᠦᠨᠵᠡᠭᠡᠢ ᠪᠤᠰᠤ ᠪᠠᠶᠢᠨ᠎ᠠ᠃ ᠣᠯᠠᠨ ᠰᠠᠯᠠᠭ᠎ᠠ ᠮᠥᠴᠢᠷ ᠠᠴᠠ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ ᠠᠰᠠᠭᠤᠳᠠᠯ ᠢᠶᠠᠨ ᠪᠠᠶᠢᠴᠠᠭᠠᠨ ᠢᠯᠡᠷᠡᠭᠦᠯᠬᠦ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ᠃      ᠬᠠᠷᠢᠭᠤᠴᠠᠯᠭᠠᠲᠤ ᠨᠢᠭᠡᠴᠢ᠄ ᠪᠦᠷᠢᠯᠳᠦᠬᠦᠨ ᠨᠢᠭᠡᠴᠢ      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠳᠦᠷᠢᠮ ᠤᠨ ᠰᠤᠷᠤᠯᠴᠠᠯᠭ᠎ᠠ ᠣᠶᠢᠯᠠᠭᠠᠯᠲᠠ ᠪᠠᠨ ᠴᠢᠩᠭᠠᠳᠬᠠᠵᠤ᠂ ᠪᠣᠯᠪᠠᠰᠤᠷᠠᠯ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠤᠨ᠎ᠠ᠃ ᠬᠤᠶᠠᠷ ᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠥᠪᠡᠷ ᠤᠨ ᠢᠶᠠᠨ ᠳᠦᠷᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠷᠦᠯᠴᠡᠬᠦ ᠦᠭᠡᠢ ᠰᠢᠯᠲᠠᠭᠠᠨ ᠢᠶᠠᠨ ᠪᠠᠶᠢᠴᠠᠭᠠᠨ ᠡᠷᠢᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠴᠠᠭ ᠲᠤᠬᠠᠢ ᠳᠤ ᠨᠢ ᠴᠡᠭᠴᠡᠯᠡᠨ ᠥᠭᠡᠷᠡᠴᠢᠯᠡᠨ᠎ᠡ᠃ ᠭᠤᠷᠪᠠ ᠳᠤ᠂ ᠪᠦᠬᠦ ᠣᠷᠣᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠥᠷᠨᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ᠂ ᠰᠠᠯᠠᠭ᠎ᠠ ᠮᠥᠴᠢᠷ ᠤᠨ ᠬᠢᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ 2021 ᠣᠨ ᠤ 12 ᠳ᠋ᠤᠭᠠᠷ ᠰᠠᠷ᠎ᠠ ᠶᠢᠨ ᠡᠬᠢᠨ ᠳᠤ ᠦᠷ᠎ᠡ ᠪᠦᠲᠦᠮᠵᠢ ᠭᠠᠷᠭᠠᠵᠤ᠂ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠠᠬᠢᠭᠤᠯᠤᠨ᠎ᠠ᠃      3. ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠂ ᠬᠠᠷᠢᠭᠤᠴᠠᠯᠭ᠎ᠠ ᠶᠢᠨ ᠬᠡᠯᠬᠢᠶ᠎ᠡ ᠶᠢ ᠮᠥᠨ ᠬᠦ ᠪᠦᠷᠢᠮᠦᠰᠦᠨ ᠢᠯᠭᠠᠨ ᠴᠡᠪᠡᠷᠯᠡᠬᠦ ᠪᠠ ᠪᠣᠳᠠᠲᠠᠶᠢᠵᠢᠭᠤᠯᠤᠨ ᠴᠢᠩᠭᠠᠳᠬᠠᠭ᠎ᠠ ᠦᠭᠡᠢ᠃      ᠬᠠᠷᠢᠭᠤᠴᠠᠯᠭᠠᠲᠤ ᠨᠢᠭᠡᠴᠢ᠄ ᠪᠦᠷᠢᠯᠳᠦᠬᠦᠨ ᠨᠢᠭᠡᠴᠢ      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠤᠬᠢ ᠬᠤᠯᠪᠣᠭᠠᠲᠤ ᠬᠤᠷᠠᠯ ᠤᠨ ᠪᠦᠷᠢᠯᠳᠦᠬᠦᠨ ᠢ ᠳᠠᠬᠢᠨ ᠰᠢᠨ᠎ᠡ ᠪᠠᠷ ᠲᠣᠬᠢᠷᠠᠭᠤᠯᠵᠤ᠂ ᠡᠯ᠎ᠡ ᠪᠦᠷᠢᠯᠳᠦᠬᠦᠨ ᠨᠢᠭᠡᠴᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠢᠯᠭᠠᠨ ᠴᠡᠪᠡᠷᠯᠡᠨ᠎ᠡ᠃ ᠬᠤᠶᠠᠷ ᠲᠤ᠂ ᠬᠠᠷᠢᠯᠴᠠᠨ ᠲᠣᠬᠢᠷᠠᠯᠴᠠᠭᠰᠠᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠠᠯᠳᠠᠭ᠎ᠠ ᠪᠤᠷᠤᠭᠤ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠣᠭᠲᠠᠭᠠᠨ᠂ ᠬᠠᠷᠢᠭᠤᠴᠠᠯᠭ᠎ᠠ ᠠᠴᠠ ᠬᠡᠯᠲᠦᠷᠢᠭᠦᠯᠬᠦ ᠵᠢᠴᠢ ᠠᠯᠳᠠᠭ᠎ᠠ ᠪᠤᠷᠤᠭᠤ ᠶᠢ ᠠᠭᠤᠴᠢᠯᠠᠬᠤ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ 2021 ᠣᠨ ᠤ 7 ᠳ᠋ᠤᠭᠠᠷ ᠰᠠᠷ᠎ᠠ ᠳᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ 2021 ᠣᠨ ᠤ ᠰᠡᠭᠦᠯᠴᠢ ᠳᠤ ᠠᠯᠳᠠᠭ᠎ᠠ ᠪᠤᠷᠤᠭᠤ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠣᠭᠲᠠᠭᠠᠵᠤ᠂ 2022 ᠣᠨ ᠳᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠵᠢᠴᠢ ᠠᠯᠳᠠᠭ᠎ᠠ ᠪᠤᠷᠤᠭᠤ ᠶᠢ ᠠᠭᠤᠴᠢᠯᠠᠬᠤ ᠲᠣᠭᠲᠠᠴᠠ ᠳᠤ ᠠᠩᠬ᠎ᠠ ᠠᠯᠬᠤᠮ ᠦᠷ᠎ᠡ ᠪᠦᠲᠦᠮᠵᠢ ᠭᠠᠷᠭᠠᠨ᠎ᠠ᠃      4. ᠲᠤᠬᠠᠶᠢᠯᠠᠭᠰᠠᠨ ᠠᠵᠢᠯ ᠤᠨ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠪᠦᠬᠦ ᠡᠯᠧᠮᠧᠨ᠋ᠲ᠂ ᠪᠦᠬᠦ ᠴᠤᠪᠤᠷᠠᠯ ᠢ ᠬᠢᠨᠠᠨ ᠬᠠᠮᠢᠶᠠᠷᠬᠤ᠂ ᠬᠠᠮᠵᠢᠯᠴᠠᠨ ᠬᠢᠨᠠᠨ ᠬᠠᠮᠢᠶᠠᠷᠬᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠱᠠᠭᠠᠷᠳᠠᠯᠭ᠎ᠠ ᠶᠢ ᠵᠢᠷᠤᠮᠯᠠᠬᠤ ᠲᠠᠯ᠎ᠠ ᠪᠠᠷ ᠵᠥᠷᠢᠶ᠎ᠡ ᠣᠷᠣᠰᠢᠵᠤ ᠪᠠᠶᠢᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ᠂ ᠲᠤᠬᠠᠶᠢᠯᠠᠭᠰᠠᠨ ᠠᠵᠢᠯ ᠤᠨ ᠡᠷᠡᠭᠦᠯ ᠬᠠᠮᠠᠭᠠᠯᠠᠯ ᠤᠨ ᠡᠯ᠎ᠡ ᠲᠠᠯ᠎ᠠ ᠶᠢᠨ ᠬᠢᠨ ᠤ ᠬᠢᠨᠠᠨ ᠬᠠᠮᠢᠶᠠᠷᠬᠤ ᠡᠭᠦᠷᠭᠡ ᠴᠢᠳᠠᠪᠬᠢ ᠬᠢᠭᠡᠳ ᠡᠭᠦᠷᠭᠡ ᠬᠠᠷᠢᠭᠤᠴᠠᠯᠭ᠎ᠠ᠂ ᠬᠡᠪᠴᠢᠶ᠎ᠡ ᠵᠢᠴᠢ ᠡᠲᠡᠭᠡᠳ ᠢ ᠤᠯᠠᠮ ᠨᠢᠭᠡ ᠠᠯᠬᠤᠮ ᠢᠯᠭᠠᠨ ᠴᠡᠪᠡᠷᠯᠡᠨ᠎ᠡ᠃ ᠬᠤᠶᠠᠷ ᠲᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠲᠤᠬᠠᠶᠢᠯᠠᠭᠰᠠᠨ ᠠᠵᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠢ ᠭᠦᠢᠴᠡᠳ ᠲᠣᠬᠢᠷᠠᠭᠤᠯᠵᠤ᠂ ᠠᠵᠢᠯᠲᠠᠨ ᠬᠡᠷᠡᠭᠯᠡᠬᠦ ᠨᠢᠭᠡᠴᠢ ᠶᠢᠨ ᠲᠤᠬᠠᠶᠢᠯᠠᠭᠰᠠᠨ ᠠᠵᠢᠯ ᠤᠨ ᠡᠷᠡᠭᠦᠯ ᠬᠠᠮᠠᠭᠠᠯᠠᠯ᠂ ᠲᠤᠬᠠᠶᠢᠯᠠᠭᠰᠠᠨ ᠠᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠪᠠᠶᠢᠭᠤᠯᠤᠮᠵᠢ᠂ ᠲᠤᠬᠠᠶᠢᠯᠠᠭᠰᠠᠨ ᠠᠵᠢᠯ ᠤᠨ ᠡᠪᠡᠳᠴᠢᠨ ᠤ ᠣᠨᠣᠰᠢᠯᠠᠨ ᠲᠣᠳᠣᠯᠠᠬᠤ ᠪᠠᠶᠢᠭᠤᠯᠤᠮᠵᠢ᠂ ᠲᠤᠬᠠᠶᠢᠯᠠᠭᠰᠠᠨ ᠠᠵᠢᠯ ᠤᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠠᠬᠢ ᠪᠦᠬᠦ ᠲᠠᠯ᠎ᠠ ᠶᠢᠨ᠂ ᠪᠦᠬᠦ ᠴᠤᠪᠤᠷᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠠ ᠳᠤ᠂ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠴᠡᠭᠴᠡᠯᠡᠨ ᠥᠭᠡᠷᠡᠴᠢᠯᠡᠬᠦ ᠶᠢ ᠲᠡᠪᠴᠢᠭᠰᠡᠨ ᠪᠤᠶᠤ ᠴᠡᠭᠴᠡᠯᠡᠨ ᠥᠭᠡᠷᠡᠴᠢᠯᠡᠭᠰᠡᠨ ᠨᠢ ᠬᠢᠷᠢ ᠲᠡᠩᠴᠡᠭᠰᠡᠨ ᠦᠭᠡᠢ ᠬᠠᠤᠯᠢ ᠠᠴᠠ ᠵᠥᠷᠢᠴᠡᠭᠰᠡᠨ ᠨᠢᠭᠡᠴᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ 2021 ᠣᠨ ᠤ ᠰᠡᠭᠦᠯᠴᠢ ᠳᠤ ᠠᠩᠬ᠎ᠠ ᠠᠯᠬᠤᠮ ᠦᠷ᠎ᠡ ᠪᠦᠲᠦᠮᠵᠢ ᠭᠠᠷᠭᠠᠵᠤ᠂ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠠᠬᠢᠭᠤᠯᠤᠨ᠎ᠠ᠃       ︵ᠬᠤᠶᠠᠷ︶ ︽ᠵᠠᠰᠠᠭ ᠤᠨ ᠣᠷᠳᠣᠨ ᠭᠤᠣᠯᠴᠢᠯᠠᠨ ᠤᠳᠤᠷᠢᠳᠴᠤ᠂ ᠬᠢᠨᠠᠯᠲᠠ ᠬᠠᠮᠢᠶᠠᠷᠤᠯᠲᠠ ᠶᠢ ᠵᠣᠬᠢᠴᠠᠯᠳᠤᠭᠤᠯᠬᠤ ᠲᠣᠭᠲᠠᠴᠠ ᠨᠢ ᠭᠦᠢᠴᠡᠳ ᠪᠤᠰᠤ︾ ᠠᠰᠠᠭᠤᠳᠠᠯ ᠤᠨ ᠲᠤᠬᠠᠢᠥᠪᠡᠷᠲᠡᠭᠡᠨ ᠵᠠᠰᠠᠬᠤ ᠣᠷᠣᠨ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠤᠨ ᠵᠣᠬᠢᠴᠠᠭᠤᠯᠤᠯᠲᠠ ᠬᠢᠵᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠨᠢᠭᠡᠨᠲᠡ ᠪᠠᠶᠢᠭᠤᠯᠤᠭᠰᠠᠨ ᠪᠣᠯᠪᠠᠴᠤ ᠪᠣᠳᠠᠲᠠᠢ ᠦᠢᠯᠡᠳᠦᠯ ᠢ ᠨᠢ ᠦᠨᠡᠨ ᠬᠦ ᠪᠠᠳᠠᠷᠠᠭᠤᠯᠤᠭ᠎ᠠ ᠦᠭᠡᠢ᠃ ᠰᠠᠯᠠᠭ᠎ᠠ ᠮᠥᠴᠢᠷ ᠤᠳ ᠤᠨ ᠬᠤᠭᠤᠷᠣᠨᠳᠤ ᠵᠢᠴᠢ ᠰᠠᠯᠠᠭ᠎ᠠ ᠮᠥᠴᠢᠷ ᠤᠳ ᠤᠨ ᠳᠣᠲᠣᠭᠠᠳᠤ ᠶᠢᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ᠂ ᠶᠡᠷᠦᠩᠬᠡᠶᠢᠯᠡᠨ ᠵᠣᠬᠢᠴᠠᠭᠤᠯᠬᠤ᠂ ᠬᠠᠷᠢᠯᠴᠠᠨ ᠵᠣᠯᠭᠠᠯᠳᠤᠭᠤᠯᠬᠤ᠂ ᠵᠣᠬᠢᠴᠠᠭᠤᠯᠤᠨ ᠬᠠᠮᠵᠢᠯᠴᠠᠬᠤ ᠥᠨᠳᠥᠷ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠬᠤ ᠲᠣᠭᠲᠠᠴᠠ ᠶᠢ ᠪᠦᠲᠦᠮᠵᠢᠲᠡᠢ ᠠᠵᠢᠯᠯᠠᠭᠤᠯᠬᠤ ᠶᠢ ᠬᠠᠷᠠᠬᠠᠨ ᠪᠡᠶᠡᠯᠡᠭᠦᠯᠦᠭᠡ ᠦᠭᠡᠢ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ᠂ ᠪᠦᠬᠦ ᠲᠠᠯ᠎ᠠ ᠪᠠᠷ᠂ ᠣᠨᠣᠪᠴᠢᠲᠠᠢ ᠪᠠᠷ ᠬᠠᠷᠢᠯᠴᠠᠨ ᠨᠡᠪᠲᠡᠷᠡᠭᠦᠯᠦᠨ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠭᠡ ᠦᠭᠡᠢ᠂ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠢ ᠬᠠᠮᠵᠢᠯᠴᠠᠨ ᠬᠡᠷᠡᠭᠯᠡᠬᠦ ᠲᠠᠯ᠎ᠠ ᠪᠠᠷ ᠭᠦᠢᠴᠡᠳ ᠪᠤᠰᠤ᠂ ᠢᠯᠠᠩᠭᠤᠶ᠎ᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠭᠰᠠᠨ ᠬᠦᠴᠦᠨ ᠪᠦᠷᠢᠯᠳᠦᠭᠡ ᠦᠭᠡᠢ᠂ ᠮᠥᠨ ᠬᠦ ᠲᠤᠰ ᠲᠤᠰ ᠲᠤ ᠪᠠᠨ ᠠᠵᠢᠯᠯᠠᠭᠤᠯᠵᠤ᠂ ᠳᠠᠪᠬᠤᠷᠳᠠᠭᠤᠯᠤᠨ ᠰᠣᠯᠪᠢᠴᠠᠭᠤᠯᠵᠤ ᠬᠠᠤᠯᠢ ᠬᠡᠷᠡᠭᠵᠢᠭᠦᠯᠦᠨ ᠪᠠᠶᠢᠴᠠᠭᠠᠬᠤ ᠦᠵᠡᠭᠳᠡᠯ ᠣᠷᠣᠰᠢᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠳᠦᠷ ᠲᠤᠲᠤᠮ ᠤᠨ ᠠᠵᠢᠯ ᠤᠨ ᠥᠷᠨᠢᠯᠲᠡ ᠶᠢ ᠵᠣᠬᠢᠬᠤ ᠬᠡᠮᠵᠢᠶ᠎ᠡ ᠪᠠᠷ ᠨᠥᠯᠥᠭᠡᠯᠡᠵᠦ ᠪᠠᠶᠢᠨ᠎ᠠ᠃ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠳᠤ ᠣᠷᠣᠯᠴᠠᠬᠤ ᠬᠠᠷᠢᠭᠤᠴᠠᠯᠭᠠᠲᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠲᠤᠰᠬᠠᠢ ᠵᠦᠢᠯ ᠤᠨ ᠠᠵᠢᠯᠯᠠᠭ᠎ᠠ ᠪᠠᠷ ᠳᠠᠮᠵᠢᠨ ᠬᠤᠯᠪᠣᠭᠠᠯᠠᠨ ᠬᠥᠳᠡᠯᠦᠯᠴᠡᠬᠦ ᠳᠤ ᠲᠥᠪᠯᠡᠷᠡᠵᠦ᠂ ᠲᠦᠭᠰᠢᠭᠦᠷᠢ ᠶᠢᠨ ᠪᠠᠶᠢᠩᠭᠤᠴᠢᠯᠭᠰᠠᠨ ᠬᠠᠮᠢᠶᠠᠷᠤᠯᠲᠠ ᠡᠵᠡᠮᠳᠡᠯ ᠢ ᠥᠷᠨᠢᠭᠦᠯᠵᠦ ᠴᠢᠳᠠᠭ᠎ᠠ ᠦᠭᠡᠢ᠂ ᠬᠢᠨᠠᠯᠲᠠ ᠬᠠᠮᠢᠶᠠᠷᠤᠯᠲᠠ ᠶᠢᠨ ᠠᠵᠢᠯ ᠳᠤ ᠰᠢᠰᠲ᠋ᠧᠮᠲᠦ ᠴᠢᠨᠠᠷ᠂ ᠵᠠᠯᠭᠠᠯᠳᠤᠯ ᠴᠢᠨᠠᠷ ᠳᠤᠲᠠᠭᠳᠠᠵᠤ ᠪᠠᠶᠢᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠪᠦᠷᠢᠯᠳᠦᠬᠦᠨ ᠨᠢᠭᠡᠴᠢ      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠵᠠᠰᠠᠭ ᠤᠨ ᠣᠷᠳᠣᠨ ᠤ ᠬᠠᠤᠯᠢ ᠳᠦᠷᠢᠮ ᠲᠣᠭᠲᠠᠭᠠᠬᠤ᠂ ᠠᠵᠢᠯ ᠲᠥᠷᠥᠯ ᠢ ᠲᠥᠯᠥᠪᠵᠢᠭᠦᠯᠬᠦ᠂ ᠪᠠᠷᠢᠮᠵᠢᠶ᠎ᠠ ᠲᠣᠭᠲᠠᠭᠠᠬᠤ᠂ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠲᠠᠯ᠎ᠠ ᠶᠢᠨ ᠭᠤᠣᠯᠴᠢᠯᠠᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠨᠢᠭᠡ ᠳᠤ᠂ ᠡᠯ᠎ᠡ ᠪᠦᠷᠢᠯᠳᠦᠬᠦᠨ ᠨᠢᠭᠡᠴᠢ ᠠᠴᠠ ︽ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠤᠯᠪᠣᠭᠠᠲᠤ ᠬᠤᠷᠠᠯ ᠤᠨ ᠳᠠᠪᠠᠭᠤᠯᠢᠭ ᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠤᠶᠠᠷ ᠲᠤ᠂ ᠠᠵᠢᠯ ᠤᠨ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠴᠢᠩᠭᠠᠷᠠᠭᠤᠯᠤᠨ᠂ ᠵᠣᠬᠢᠴᠠᠭᠤᠯᠤᠨ ᠬᠠᠮᠵᠢᠯᠴᠠᠬᠤ᠂ ᠰᠠᠯᠠᠭ᠎ᠠ ᠮᠥᠴᠢᠷ ᠤᠳ ᠢ ᠵᠣᠯᠭᠠᠯᠳᠤᠭᠤᠯᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠳᠠᠪᠬᠤᠷᠳᠠᠭᠤᠯᠤᠨ ᠰᠣᠯᠪᠢᠴᠠᠭᠤᠯᠵᠤ ᠬᠠᠤᠯᠢ ᠬᠡᠷᠡᠭᠵᠢᠭᠦᠯᠬᠦ ᠠᠴᠠ ᠵᠠᠶᠢᠯᠠᠰᠬᠢᠬᠦ ᠬᠡᠷᠡᠭᠲᠡᠢ᠃ ᠭᠤᠷᠪᠠ ᠳᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠰᠢᠨᠵᠢᠯᠡᠯᠲᠡ᠂ ᠲᠦᠭᠰᠢᠭᠦᠷᠢ ᠶᠢᠨ ᠦᠨᠡᠯᠡᠯᠲᠡ ᠵᠢᠱᠢᠯᠲᠡ ᠵᠡᠷᠭᠡ ᠲᠦᠭᠰᠢᠭᠦᠷᠢ ᠶᠢᠨ ᠪᠠᠶᠢᠩᠭᠤᠴᠢᠯᠭᠰᠠᠨ ᠬᠠᠮᠢᠶᠠᠷᠤᠯᠲᠠ ᠡᠵᠡᠮᠳᠡᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠥᠷᠨᠢᠭᠦᠯᠦᠨ᠎ᠡ᠃ ᠳᠥᠷᠪᠡ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠦᠢᠯᠡᠴᠢᠯᠡᠭᠡᠨ ᠤ ᠣᠯᠠᠨ ᠡᠰᠢᠵᠢᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠪᠠᠶᠢᠭᠤᠯᠤᠮᠵᠢ ᠠᠴᠠ ᠥᠪᠡᠰᠦᠪᠡᠨ ᠵᠠᠰᠠᠬᠤ᠂ ᠠᠵᠢᠯ ᠲᠥᠷᠥᠯ ᠤᠨ ᠥᠪᠡᠷ ᠢ ᠪᠠᠨ ᠴᠢᠩᠳᠠᠯᠠᠬᠤ᠂ ᠵᠠᠰᠠᠭ ᠤᠨ ᠣᠷᠳᠣᠨ ᠠᠴᠠ ᠬᠢᠨᠠᠨ ᠬᠠᠮᠢᠶᠠᠷᠬᠤ᠂ ᠨᠡᠶᠢᠭᠡᠮ ᠠᠴᠠ ᠬᠢᠨᠠᠯᠲᠠ ᠲᠠᠯᠪᠢᠬᠤ ᠶᠢ ᠬᠠᠷᠢᠯᠴᠠᠨ ᠤᠶᠠᠯᠳᠤᠭᠤᠯᠤᠭᠰᠠᠨ ᠣᠯᠠᠨ ᠡᠰᠢᠵᠢᠭᠰᠡᠨ ᠬᠢᠨᠠᠯᠲᠠ ᠬᠠᠮᠢᠶᠠᠷᠤᠯᠲᠠ ᠶᠢᠨ ᠪᠠᠶᠢᠷᠢᠯᠠᠭᠤᠯᠤᠯᠲᠠ ᠶᠢ ᠠᠬᠢᠭᠤᠯᠤᠨ ᠪᠦᠷᠢᠯᠳᠦᠭᠦᠯᠦᠨ᠎ᠡ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ 2021 ᠣᠨ ᠤ ᠰᠡᠭᠦᠯᠴᠢ ᠳᠤ ᠠᠩᠬ᠎ᠠ ᠠᠯᠬᠤᠮ ᠦᠷ᠎ᠡ ᠪᠦᠲᠦᠮᠵᠢ ᠭᠠᠷᠭᠠᠨ᠎ᠠ᠃       ︵ᠭᠤᠷᠪᠠ︶ ︽ᠪᠠᠶᠢᠭᠤᠯᠤᠮᠵᠢ ᠶᠢᠨ ᠥᠪᠡᠰᠦᠪᠡᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ︾ ᠠᠰᠠᠭᠤᠳᠠᠯ ᠤᠨ ᠲᠤᠬᠠᠢ      1. ᠠᠯᠪᠠᠨ ᠠᠴᠠ ᠪᠠᠶᠢᠭᠤᠯᠤᠭᠰᠠᠨ ᠣᠨᠴᠠ ᠵᠠᠷᠢᠮ ᠡᠮᠨᠡᠯᠭᠡ ᠶᠢᠨ ᠬᠤᠷᠢᠶ᠎ᠠ ᠶᠢᠨ ᠬᠠᠤᠯᠢ ᠶᠣᠰᠣᠨ ᠤ ᠠᠵᠢᠯ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠠᠬᠠᠨ ᠲᠣᠳᠣᠷᠬᠠᠢ ᠦᠭᠡᠢ᠂ ᠬᠠᠤᠯᠢ ᠶᠣᠰᠣᠨ ᠤ ᠠᠵᠢᠯ ᠮᠡᠷᠭᠡᠵᠢᠯ ᠤᠨ ᠬᠠᠮᠢᠶᠠᠷᠤᠯᠲᠠ ᠶᠢᠨ ᠲᠤᠰᠬᠠᠢ ᠲᠤᠰᠢᠶᠠᠯᠲᠤ ᠠᠵᠢᠯᠲᠠᠨ ᠢ ᠬᠠᠷᠠᠬᠠᠨ ᠭᠦᠢᠴᠡᠳ ᠲᠣᠬᠢᠷᠠᠭᠤᠯᠭ᠎ᠠ ᠦᠭᠡᠢ ; ᠳᠣᠲᠣᠭᠠᠳᠤ ᠶᠢᠨ ᠡᠮᠴᠢᠯᠡᠭᠡ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠯᠴᠠᠭ᠎ᠠ ᠨᠢ ᠬᠠᠷᠠᠬᠠᠨ ᠪᠦᠷᠢᠡᠰᠢᠭᠡ ᠦᠭᠡᠢ᠂ ᠡᠮᠴᠢᠯᠡᠭᠡᠨ ᠤ ᠰᠠᠯᠠᠭ᠎ᠠ ᠲᠠᠰᠤᠭ ᠤᠨ ᠡᠮᠴᠢᠯᠡᠭᠡ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯᠯᠠᠬᠤ ᠳᠦᠷᠢᠮ ᠤᠨ ᠪᠠᠶᠢᠭᠤᠯᠤᠯᠲᠠ᠂ ᠨᠠᠶᠢᠳᠠᠪᠤᠷᠢᠵᠢᠭᠤᠯᠤᠯᠲᠠ ᠵᠢᠴᠢ ᠥᠪᠡᠷ ᠤᠨ ᠰᠢᠮᠳᠠᠭᠤᠯᠤᠨ ᠪᠠᠶᠢᠴᠠᠭᠠᠯᠲᠠ ᠨᠢ ᠬᠦᠷᠦᠯᠴᠡᠬᠦ ᠦᠭᠡᠢ ; ᠠᠷᠠᠳ ᠠᠴᠠ ᠡᠵᠡᠩᠨᠡᠭᠰᠡᠨ ᠬᠡᠰᠡᠭ ᠡᠮᠴᠢᠯᠡᠭᠡ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠮᠡᠷᠭᠡᠵᠢᠯ ᠥᠷᠨᠢᠭᠦᠯᠬᠦ ᠤᠬᠠᠮᠰᠠᠷ ᠨᠢ ᠬᠠᠷᠢᠴᠠᠩᠭᠤᠢ ᠪᠠᠭᠤᠷᠠᠢ᠂ ᠳᠣᠲᠣᠭᠠᠳᠤ ᠶᠢᠨ ᠬᠠᠤᠯᠢ ᠶᠣᠰᠣᠨ ᠤ ᠠᠵᠢᠯ ᠮᠡᠷᠭᠡᠵᠢᠯ ᠤᠨ ᠥᠪᠡᠷ ᠤᠨ ᠪᠠᠶᠢᠴᠠᠭᠠᠯᠲᠠ᠂ ᠡᠮᠴᠢᠯᠡᠭᠡ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠭᠡ ᠦᠭᠡᠢ ᠠᠰᠠᠭᠤᠳᠠᠯ ᠣᠷᠣᠰᠢᠵᠤ ᠪᠠᠶᠢᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠮᠡᠷᠭᠡᠵᠢᠯ ᠪᠡᠯᠡᠳᠬᠡᠮᠵᠢ ᠨᠢ ᠬᠠᠷᠢᠴᠠᠩᠭᠤᠢ ᠪᠠᠭᠤᠷᠠᠢ᠂ ᠬᠠᠮᠢᠶᠠᠷᠤᠯᠲᠠ ᠳᠤ ᠨᠢ ᠳᠤᠲᠠᠭᠤᠳᠠᠯ ᠣᠷᠣᠰᠢᠵᠤ᠂ ᠠᠵᠢᠯᠲᠠᠳ ᠤᠨ ᠬᠢᠨᠢ ᠬᠠᠤᠯᠢ ᠶᠣᠰᠣᠭᠠᠷ ᠠᠵᠢᠯ ᠮᠡᠷᠭᠡᠵᠢᠯ ᠡᠷᠬᠢᠯᠡᠬᠦ ᠤᠬᠠᠮᠰᠠᠷ ᠨᠢ ᠪᠠᠭᠤᠷᠠᠢ ᠪᠠᠶᠢᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠡᠮᠴᠢᠯᠡᠭᠡ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠮᠡᠷᠭᠡᠵᠢᠯ ᠤᠨ ᠬᠠᠮᠢᠶᠠᠷᠤᠯᠲᠠ ᠶᠠᠪᠤᠭᠤᠯᠬᠤ ᠠᠷᠭ᠎ᠠ︾ ᠶᠣᠰᠣᠭᠠᠷ ᠥᠪᠡᠷᠲᠡᠭᠡᠨ ᠵᠠᠰᠠᠬᠤ ᠣᠷᠣᠨ ᠤ ᠪᠣᠳᠠᠲᠠᠢ ᠬᠡᠷᠡᠭᠵᠢᠭᠦᠯᠬᠦ ᠲᠥᠰᠥᠯ ᠢ ᠲᠣᠭᠲᠠᠭᠠᠨ᠂ ᠥᠪᠡᠷ ᠤᠨ ᠬᠢᠵᠠᠭᠠᠷᠯᠠᠯ ᠢ ᠴᠢᠩᠭᠠᠳᠬᠠᠵᠤ᠂ ᠪᠠᠶᠢᠭᠤᠯᠤᠮᠵᠢ ᠶᠢᠨ ᠥᠪᠡᠰᠦᠪᠡᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠲᠤ᠂ ᠠᠯᠪᠠᠨ ᠠᠴᠠ ᠡᠷᠬᠢᠯᠡᠭᠰᠡᠨ ᠡᠮᠴᠢᠯᠡᠭᠡ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠠᠵᠢᠯ ᠤᠨ ᠦᠷ᠎ᠡ ᠪᠦᠲᠦᠮᠵᠢ ᠶᠢᠨ ᠰᠢᠯᠭᠠᠨ ᠬᠢᠨᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠳᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ ᠱᠠᠭᠠᠷᠳᠠᠯᠭ᠎ᠠ ᠶᠣᠰᠣᠭᠠᠷ ᠡᠮᠴᠢᠯᠡᠭᠡ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠮᠡᠷᠭᠡᠵᠢᠯ ᠡᠷᠬᠢᠯᠡᠬᠦ᠂ ᠦᠢᠯᠡᠴᠢᠯᠡᠭᠡ ᠪᠠᠨ ᠵᠢᠷᠤᠮᠵᠢᠭᠤᠯᠬᠤ᠂ ᠡᠮᠴᠢᠯᠡᠭᠡ ᠶᠢᠨ ᠶᠠᠰᠤ ᠴᠢᠨᠠᠷ ᠪᠠ ᠠᠮᠤᠷ ᠲᠦᠪᠰᠢᠨ᠂ ᠠᠵᠢᠯ ᠲᠥᠷᠥᠯ ᠤᠨ ᠬᠡᠪ ᠰᠤᠷᠲᠠᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ᠃ ᠭᠤᠷᠪᠠ ᠳᠤ᠂ ᠠᠰᠠᠭᠤᠳᠠᠯ ᠣᠷᠣᠰᠢᠵᠤ ᠪᠠᠶᠢᠭ᠎ᠠ ᠨᠢᠭᠡᠴᠢ ᠳᠤ ᠬᠠᠤᠯᠢ ᠶᠣᠰᠣᠭᠠᠷ ᠠᠵᠢᠯ ᠮᠡᠷᠭᠡᠵᠢᠯ ᠤᠨ ᠪᠦᠬᠦ ᠲᠠᠯ᠎ᠠ ᠶᠢᠨ ᠬᠢᠨᠠᠯᠲᠠ ᠪᠠᠶᠢᠴᠠᠭᠠᠯᠲᠠ ᠥᠷᠨᠢᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠤᠶᠤ ᠴᠡᠭᠴᠡᠯᠡᠨ ᠥᠭᠡᠷᠡᠴᠢᠯᠡᠬᠦ ᠶᠢ ᠲᠡᠪᠴᠢᠭᠰᠡᠨ ᠪᠣᠯ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ 2021 ᠣᠨ ᠤ ᠰᠡᠭᠦᠯᠴᠢ ᠳᠤ ︽ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠮᠡᠷᠭᠡᠵᠢᠯ ᠤᠨ ᠬᠠᠮᠢᠶᠠᠷᠤᠯᠲᠠ ᠶᠠᠪᠤᠭᠤᠯᠬᠤ ᠶᠢᠨ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠥᠷᠨᠢᠭᠦᠯᠦᠨ᠎ᠡ᠃      2. ᠬᠡᠰᠡᠭ ᠰᠤᠷᠭᠠᠭᠤᠯᠢ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ᠃      ᠬᠠᠷᠢᠭᠤᠴᠠᠯᠭᠠᠲᠤ ᠨᠢᠭᠡᠴᠢ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ᠂ ᠰᠤᠷᠭᠠᠭᠤᠯᠢ᠂ ᠰᠤᠷᠤᠭᠴᠢ᠂ ᠭᠡᠷ ᠪᠦᠯᠢ᠂ ᠡᠮᠴᠢᠯᠡᠭᠡ ᠶᠢᠨ ᠪᠠᠶᠢᠭᠤᠯᠤᠮᠵᠢ ︽ᠲᠠᠪᠤ ᠶᠢ ᠨᠢᠭᠡ ᠴᠣᠭᠴᠠᠵᠢᠭᠤᠯᠤᠭᠰᠠᠨ︾ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠠᠯᠲᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠰᠤᠷᠭᠠᠭᠤᠯᠢ ᠶᠢᠨ ᠰᠢᠷᠡᠭᠡ ᠰᠠᠨᠳᠠᠯᠢ ᠶᠢᠨ ᠥᠨᠳᠥᠷ ᠤᠨ ᠬᠡᠮᠵᠢᠶ᠎ᠡ᠂ ᠠᠩᠭᠢ ᠶᠢᠨ ᠭᠡᠷ ᠤᠨ ᠪᠠᠭᠲᠠᠭᠠᠮᠵᠢ᠂ ᠳ᠋ᠧᠩ ᠤᠨ ᠭᠡᠷᠡᠯᠲᠦᠭᠦᠯᠭᠡ ᠵᠡᠷᠭᠡ ᠵᠢᠭᠠᠨ ᠰᠤᠷᠭᠠᠯᠲᠠ ᠶᠢᠨ ᠣᠷᠴᠢᠨ ᠨᠥᠬᠦᠴᠡᠯ ᠳᠤ ᠪᠠᠶᠢᠩᠭᠤᠴᠢᠯᠭᠰᠠᠨ ᠬᠢᠨᠠᠯᠲᠠ ᠪᠠᠶᠢᠴᠠᠭᠠᠯᠲᠠ ᠬᠢᠬᠦ ᠶᠢ ᠴᠢᠩᠭᠠᠷᠠᠭᠤᠯᠵᠤ᠂ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ᠂ ᠭᠠᠷ ᠤᠲᠠᠰᠤ᠂ ᠤᠨᠲᠠᠯᠭ᠎ᠠ᠂ ᠪᠡᠶ᠎ᠡ ᠮᠠᠬᠠᠪᠤᠳ ᠪᠠ ᠬᠥᠳᠡᠯᠭᠡᠭᠡᠨ ︽ᠲᠠᠪᠤᠨ ᠲᠠᠯ᠎ᠠ ᠶᠢᠨ ᠬᠠᠮᠢᠶᠠᠷᠤᠯᠲᠠ︾ ᠶᠢᠨ ᠡᠷᠴᠢᠮ ᠢ ᠴᠢᠩᠭᠠᠷᠠᠭᠤᠯᠵᠤ᠂ ᠰᠤᠷᠤᠭᠴᠢᠳ ᠲᠤ ᠨᠢᠳᠦ ᠪᠠᠨ ᠬᠡᠷᠡᠭᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠬᠠᠩᠭᠠᠨ᠎ᠠ᠃ ᠭᠤᠷᠪᠠ ᠳᠤ᠂ ᠪᠦᠬᠦ ᠰᠤᠷᠤᠭᠴᠢ ᠳᠤ ᠬᠠᠨᠳᠤᠭᠤᠯᠤᠨ ᠪᠦᠬᠦ ᠲᠠᠯ᠎ᠠ ᠶᠢᠨ ᠨᠡᠶᠢᠳᠡᠮ ᠪᠠᠶᠢᠴᠠᠭᠠᠯᠲᠠ ᠬᠢᠬᠦ᠂ ᠬᠠᠮᠢᠶᠠᠷᠤᠨ ᠵᠠᠬᠢᠷᠴᠤ ᠦᠨᠡᠯᠡᠨ ᠵᠢᠱᠢᠬᠦ᠂ ᠬᠤᠪᠢ ᠶᠢ ᠢᠯᠠ ᠪᠣᠯᠭᠠᠵᠤ ᠵᠠᠷᠯᠠᠨ ᠨᠡᠶᠢᠲᠡᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠯᠡᠵᠦ᠂ ᠪᠠᠭᠰᠢ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ ᠳᠠᠳᠬᠠᠯ ᠢ ᠬᠥᠮᠥᠵᠢᠭᠦᠯᠦᠨ᠎ᠡ᠃ ᠳᠥᠷᠪᠡ ᠳᠤ᠂ ᠣᠶᠢᠷ᠎ᠠ ᠬᠠᠷᠠᠭ᠎ᠠ ᠶᠢᠨ ᠬᠠᠮᠢᠶᠠᠷᠤᠯᠲᠠ ᠡᠵᠡᠮᠳᠡᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠵᠢᠴᠢ ᠭᠡᠷ ᠤᠨ ᠭᠠᠳᠠᠨᠠᠬᠢ ᠬᠥᠳᠡᠯᠭᠡᠭᠡᠨ ᠤ ᠴᠠᠭ ᠢ ᠨᠡᠮᠡᠭᠳᠡᠭᠦᠯᠵᠦ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢᠶᠠᠷ ᠰᠤᠷᠭᠠᠭᠤᠯᠢ ᠶᠢᠨ ᠡᠳᠦᠷ ᠲᠤᠲᠤᠮ ᠤᠨ ᠠᠵᠢᠯ ᠪᠣᠯᠭᠠᠵᠤ᠂ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠡᠯ᠎ᠡ ᠭᠤᠭᠴᠤᠭ᠎ᠠ ᠳᠤ ᠲᠤᠭᠤᠰᠢᠯᠠᠭᠤᠯᠤᠨ᠎ᠠ᠃ ᠲᠠᠪᠤ ᠳᠤ᠂ ᠭᠡᠷ ᠪᠦᠯᠢ ᠪᠠ ᠰᠤᠷᠭᠠᠭᠤᠯᠢ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠡᠷ ᠤᠨ ᠠᠬᠠᠮᠠᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠭᠡᠷ ᠪᠦᠯᠢ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠤᠨ᠎ᠠ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ ᠦᠷᠭᠦᠯᠵᠢᠯᠡᠨ ᠥᠷᠨᠢᠭᠦᠯᠦᠨ᠎ᠡ᠃      3. ᠣᠨᠴᠠ ᠵᠠᠷᠢᠮ ᠡᠮ ᠤᠨ ᠵᠦᠢᠯᠡᠰ ᠤᠨ ᠡᠵᠡᠩᠨᠡᠯᠲᠡ ᠶᠢᠨ ᠨᠢᠭᠡᠴᠢ ᠶᠢᠨ ᠵᠣᠷ ᠤᠨ ᠡᠮ ᠤᠨ ᠬᠠᠮᠢᠶᠠᠷᠤᠯᠲᠠ ᠨᠢ ᠡᠷᠦᠢ ᠬᠤᠷᠤᠢ᠂ ᠬᠠᠤᠯᠢ ᠠᠴᠠ ᠵᠥᠷᠢᠴᠡᠨ ᠪᠣᠷᠣᠯᠠᠭᠤᠯᠤᠨ ᠬᠤᠳᠠᠯᠳᠤᠬᠤ ᠦᠵᠡᠭᠳᠡᠯ ᠣᠷᠣᠰᠢᠵᠤ ᠪᠠᠶᠢᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ  ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠮ ᠤᠨ ᠵᠦᠢᠯᠡᠰ ᠢ ᠵᠢᠵᠢᠭᠯᠡᠨ ᠪᠣᠷᠣᠯᠠᠭᠤᠯᠬᠤ ᠭᠤᠭᠴᠤᠭ᠎ᠠ ᠳᠠᠬᠢ ᠰᠢᠮᠳᠠᠭᠤᠯᠤᠨ ᠪᠠᠶᠢᠴᠠᠭᠠᠯᠲᠠ ᠪᠠ ᠵᠢᠯᠣᠭᠤᠳᠤᠯᠭ᠎ᠠ ᠶᠢ ᠴᠢᠩᠭᠠᠷᠠᠭᠤᠯᠵᠤ᠂ ᠠᠶᠢᠮᠠᠭ ᠬᠤᠲᠠ ᠶᠢᠨ ᠡᠭᠦᠷᠭᠡ ᠬᠠᠷᠢᠭᠤᠴᠠᠯᠭ᠎ᠠ ᠶᠣᠰᠣᠭᠠᠷ ᠬᠠᠷᠢᠶᠠᠯᠠᠭᠳᠠᠬᠤ ᠭᠠᠵᠠᠷ ᠣᠷᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠤᠨ ᠱᠠᠭᠠᠷᠳᠠᠨ᠎ᠠ᠃ ᠬᠤᠶᠠᠷ ᠲᠤ᠂ ᠡᠮ ᠤᠨ ᠵᠦᠢᠯᠡᠰ ᠤᠨ ᠵᠢᠵᠢᠭᠯᠡᠨ ᠪᠣᠷᠣᠯᠠᠭᠤᠯᠬᠤ ᠭᠤᠭᠴᠤᠭ᠎ᠠ ᠳᠤ ᠣᠷᠣᠰᠢᠵᠤ ᠪᠠᠶᠢᠭ᠎ᠠ ᠲᠦᠭᠰᠢᠭᠦᠷᠢ ᠳᠠᠯᠳᠠ ᠭᠡᠮ ᠳᠤ ᠴᠢᠭᠯᠡᠭᠦᠯᠦᠨ᠂ ᠲᠤᠰᠬᠠᠢ ᠵᠦᠢᠯ ᠤᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠵᠣᠷ ᠤᠨ ᠡᠮ ᠪᠣᠷᠣᠯᠠᠭᠤᠯᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ᠃ ᠭᠤᠷᠪᠠ ᠳᠤ᠂ ᠪᠠᠶᠢᠩᠭᠤᠴᠢᠯᠠᠭᠰᠠᠨ ᠵᠠᠰᠠᠯᠲᠠ ᠬᠢᠭᠰᠡᠨ ᠰᠠᠭᠤᠷᠢᠨ ᠳᠡᠭᠡᠷ᠎ᠡ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠭᠡᠨᠡᠳᠲᠡ ᠶᠢᠨ ᠪᠠᠶᠢᠴᠠᠭᠠᠯᠲᠠ ᠪᠠ ᠮᠥᠷᠳᠡᠨ ᠪᠠᠶᠢᠴᠠᠭᠠᠯᠲᠠ ᠶᠢ ᠥᠷᠨᠢᠭᠦᠯᠵᠦ᠂ ᠡᠮ ᠤᠨ ᠵᠦᠢᠯᠡᠰ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠤᠯᠢ ᠶᠣᠰᠣᠭᠠᠷ ᠬᠠᠮᠠᠭᠠᠯᠠᠬᠤ ᠪᠠ ᠵᠢᠷᠤᠮᠵᠢᠭᠤᠯᠤᠨ᠎ᠠ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ 2021 ᠣᠨ ᠤ ᠰᠡᠭᠦᠯᠴᠢ ᠳᠤ ᠦᠷ᠎ᠡ ᠪᠦᠲᠦᠮᠵᠢ ᠭᠠᠷᠭᠠᠵᠤ᠂ ᠦᠷᠭᠦᠯᠵᠢᠯᠡᠨ ᠥᠷᠨᠢᠭᠦᠯᠦᠨ᠎ᠡ᠃      ︵ᠳᠥᠷᠪᠡ︶ ︽ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠳᠤ ᠣᠷᠣᠯᠴᠠᠬᠤ ᠦᠢᠯᠡᠳᠦᠯ ᠢ ᠪᠠᠳᠠᠷᠠᠭᠤᠯᠵᠤ ᠪᠠᠶᠢᠭ᠎ᠠ ᠲᠠᠯ᠎ᠠ ᠪᠠᠷ ᠭᠦᠢᠴᠡᠳ ᠦᠭᠡᠢ︾ ᠠᠰᠠᠭᠤᠳᠠᠯ ᠤᠨ ᠲᠤᠬᠠᠢ      1.ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠴᠢᠨᠠᠷ ᠲᠠᠢ ᠵᠣᠬᠢᠶᠠᠨ ᠪᠠᠶᠢᠭᠤᠯᠤᠯᠲᠠ ᠨᠡᠯᠢᠶᠡᠳ ᠣᠯᠠᠨ ᠪᠣᠯᠪᠠᠴᠤ ᠡᠳᠡᠭᠡᠷ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ ᠵᠢᠷᠤᠮᠵᠢᠯ ᠪᠠ ᠮᠡᠷᠭᠡᠵᠢᠯ ᠤᠨ ᠪᠠᠷᠢᠮᠵᠢᠶ᠎ᠠ ᠲᠣᠭᠲᠠᠭᠠᠬᠤ᠂ ᠦᠢᠯᠡ ᠠᠵᠢᠯᠯᠠᠭ᠎ᠠ ᠶᠢ ᠵᠢᠷᠤᠮᠵᠢᠭᠤᠯᠬᠤ ᠪᠠ ᠡᠵᠡᠩᠨᠡᠨ ᠬᠠᠮᠢᠶᠠᠷᠬᠤ᠂ ᠠᠵᠢᠯ ᠲᠥᠷᠥᠯ ᠤᠨ ᠢᠲᠡᠭᠡᠯ ᠬᠦᠨᠳᠦ ᠶᠢ ᠬᠠᠮᠠᠭᠠᠯᠠᠬᠤ ᠵᠡᠷᠭᠡ ᠲᠠᠯ᠎ᠠ ᠪᠠᠷ ᠦᠵᠡᠭᠦᠯᠵᠦ ᠪᠠᠶᠢᠭ᠎ᠠ ᠦᠢᠯᠡᠳᠦᠯ ᠢ ᠴᠢᠩᠭᠠᠳᠬᠠᠬᠤ ᠴᠢᠬᠤᠯᠠᠲᠠᠢ ᠪᠠᠶᠢᠵᠤ᠂ ᠢᠯᠠᠩᠭᠤᠶ᠎ᠠ ᠮᠣᠩᠭᠤᠯ ᠡᠮ ᠡᠮᠨᠡᠯᠭᠡ  ᠨᠢ ᠣᠷᠣᠨ ᠨᠤᠲᠤᠭ ᠤᠨ ᠣᠨᠴᠠᠯᠢᠭᠲᠤ ᠠᠨᠠᠭᠠᠬᠤ ᠤᠬᠠᠭᠠᠨ ᠪᠣᠯᠣᠭᠰᠠᠨ ᠤ ᠬᠤᠪᠢ ᠳᠤ᠂ ᠤᠯᠤᠰ ᠠᠴᠠ ᠲᠤᠰᠬᠠᠶᠢᠯᠠᠨ ᠰᠢᠯᠭᠠᠷᠠᠭᠤᠯᠤᠨ ᠦᠨᠡᠯᠡᠬᠦ ᠪᠠᠷᠢᠮᠵᠢᠶ᠎ᠠ ᠦᠭᠡᠢ ᠪᠠᠶᠢᠳᠠᠯ ᠳᠣᠣᠷ᠎ᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠠᠴᠠ ᠮᠣᠩᠭᠤᠯ ᠡᠮ ᠡᠮᠨᠡᠯᠭᠡ ᠶᠢᠨ ᠠᠵᠢᠯ ᠲᠥᠷᠥᠯ ᠤᠨ ᠵᠢᠷᠤᠮᠵᠢᠯ ᠪᠠ ᠮᠡᠷᠭᠡᠵᠢᠯ ᠤᠨ ᠪᠠᠷᠢᠮᠵᠢᠶ᠎ᠠ ᠲᠣᠭᠲᠠᠭᠠᠬᠤ ᠶᠢ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠡᠳᠡᠭᠡᠷ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠳᠤᠮᠳᠠ ᠶᠢ ᠪᠠᠷᠢᠮᠲᠠᠯᠠᠬᠤ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠪᠠ ᠢᠯᠡ ᠲᠣᠳᠣ ᠴᠢᠨᠠᠷ ᠢ ᠴᠤ ᠳᠡᠭᠡᠭᠰᠢᠯᠡᠭᠦᠯᠬᠦ ᠴᠢᠬᠤᠯᠠᠲᠠᠢ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠲᠤᠰᠬᠠᠢ ᠵᠦᠢᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠢ ᠭᠦᠢᠴᠡᠳ ᠠᠰᠢᠭᠯᠠᠨ᠂ ᠲᠡᠭᠦᠨ ᠤ ᠠᠵᠢᠯ ᠲᠥᠷᠥᠯ ᠤᠨ ᠵᠢᠷᠤᠮᠵᠢᠯ᠂ ᠮᠡᠷᠭᠡᠵᠢᠯ ᠪᠠᠷᠢᠮᠵᠢᠶ᠎ᠠ ᠵᠡᠷᠭᠡ ᠶᠢ ᠲᠣᠭᠲᠠᠭᠠᠬᠤ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠲᠡᠭᠦᠨ ᠤ ᠠᠵᠢᠯ ᠲᠥᠷᠥᠯ ᠤᠨ ᠵᠢᠷᠤᠮᠵᠢᠯ ᠲᠠᠢ ᠪᠠᠷ ᠡᠵᠡᠩᠨᠡᠬᠦ ᠶᠢ ᠬᠠᠮᠢᠶᠠᠷᠬᠤ᠂ ᠠᠵᠢᠯ ᠲᠥᠷᠥᠯ ᠤᠨ ᠢᠲᠡᠭᠡᠯ ᠬᠦᠨᠳᠦ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠳᠤ ᠦᠢᠯᠡᠴᠢᠯᠡᠬᠦ ᠵᠡᠷᠭᠡ ᠲᠠᠯ᠎ᠠ ᠪᠠᠷ ᠡᠷᠬᠡ ᠲᠡᠭᠰᠢ ᠢᠯᠡ ᠲᠣᠳᠣ ᠲᠥᠪ ᠭᠤᠣᠯᠴᠢ ᠪᠠᠷ ᠣᠷᠣᠯᠴᠠᠬᠤ ᠶᠢ ᠵᠣᠷᠢᠭᠵᠢᠭᠤᠯᠵᠤ᠂ ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠦᠢᠯᠡᠳᠦᠯ ᠢ ᠪᠠᠳᠠᠷᠠᠭᠤᠯᠤᠨ᠎ᠠ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ ᠦᠷᠭᠦᠯᠵᠢᠯᠡᠨ ᠥᠷᠨᠢᠭᠦᠯᠦᠨ᠎ᠡ      2. ᠨᠡᠶᠢᠭᠡᠮ ᠤᠨ ᠡᠯ᠎ᠡ ᠡᠲᠡᠭᠡᠳ ᠤᠨ ᠬᠢᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠬᠤ ᠠᠵᠢᠯᠯᠠᠭ᠎ᠠ ᠳᠤ ᠣᠷᠣᠯᠴᠠᠬᠤ ᠬᠡᠮᠵᠢᠶ᠎ᠡ ᠨᠢ ᠥᠨᠳᠥᠷ ᠪᠢᠰᠢ᠂ ᠨᠡᠶᠢᠭᠡᠮ ᠤᠨ ᠬᠢᠨᠠᠯᠲᠠ ᠲᠠᠯᠪᠢᠬᠤ ᠪᠠ ᠵᠠᠭᠤᠴᠢᠯᠠᠭᠤᠷ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠲᠠᠯ᠎ᠠ ᠪᠠᠷ ᠭᠦᠢᠴᠡᠳ ᠪᠤᠰᠤ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠢᠨᠠᠯᠲᠠ ᠲᠠᠯᠪᠢᠬᠤ ᠬᠡᠯᠪᠡᠷᠢ ᠳᠤ ᠰᠢᠨ᠎ᠡ ᠶᠢ ᠡᠭᠦᠳᠴᠦ᠂ ᠨᠥᠯᠥᠭᠡ ᠦᠢᠯᠡᠳᠦᠯ ᠢ ᠨᠢ ᠳᠡᠭᠡᠭᠰᠢᠯᠡᠭᠦᠯᠬᠦ ᠴᠢᠬᠤᠯᠠᠲᠠᠢ᠃      ᠬᠠᠷᠢᠭᠤᠴᠠᠯᠭᠠᠲᠤ ᠨᠢᠭᠡᠴᠢ᠄ ᠪᠦᠷᠢᠯᠳᠦᠬᠦᠨ ᠨᠢᠭᠡᠴᠢ      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ᠂ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠣᠯᠠᠨ ᠲᠦᠮᠡᠨ ᠤ ᠣᠷᠣᠯᠴᠠᠬᠤ ᠠᠷᠭ᠎ᠠ ᠵᠠᠮ ᠢ ᠥᠷᠭᠡᠳᠬᠡᠵᠦ᠂ ᠵᠠᠰᠠᠭ ᠤᠨ ᠣᠷᠳᠣᠨ ᠵᠢᠴᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠦᠯᠵᠢᠶ᠎ᠡ᠂ ᠸᠢᠴᠠᠲ᠂ ᠪᠢᠴᠢᠯ ᠪᠦᠷᠭᠡ ᠵᠡᠷᠭᠡ ᠠᠯᠪᠠᠨ ᠤ ᠲᠠᠯ᠎ᠠ ᠶᠢᠨ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠨᠡᠶᠢᠲᠡᠯᠡᠯ ᠢ ᠴᠢᠩᠭᠠᠳᠬᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠨ᠎ᠡ᠃ ᠬᠤᠶᠠᠷ ᠲᠤ᠂ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠭᠦᠢᠴᠡᠳᠬᠡᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠳᠠᠶᠢᠴᠢᠯᠠᠨ᠎ᠠ᠃ ᠭᠤᠷᠪᠠ ᠳᠤ᠂ ᠰᠠᠨᠠᠭᠠᠴᠢᠯᠠᠭ᠎ᠠ ᠠᠴᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠰᠣᠨᠢᠨ ᠮᠡᠳᠡᠭᠡᠨ ᠤ ᠵᠠᠭᠤᠴᠢᠯᠠᠭᠤᠷ ᠢ ᠤᠷᠢᠵᠤ ᠬᠢᠨᠠᠯᠲᠠ ᠲᠠᠯᠪᠢᠬᠤ ᠳᠤ ᠣᠷᠣᠯᠴᠠᠭᠤᠯᠤᠨ᠂ ᠨᠡᠶᠢᠲᠡᠯᠢᠭ ᠬᠡᠷᠡᠭ ᠢ ᠢᠯᠡᠷᠡᠭᠦᠯᠦᠨ ᠮᠡᠳᠡᠭᠡᠯᠡᠬᠦ ᠡᠷᠴᠢᠮ ᠢ ᠴᠢᠩᠭᠠᠷᠠᠭᠤᠯᠵᠤ᠂ ᠪᠦᠲᠦᠮᠵᠢᠲᠡᠢ ᠰᠦᠷᠳᠡᠭᠦᠯᠦᠯ ᠤᠨ ᠬᠦᠴᠦᠨ ᠢ ᠪᠦᠷᠢᠯᠳᠦᠭᠦᠯᠦᠨ᠎ᠡ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ ᠦᠷᠭᠦᠯᠵᠢᠯᠡᠨ ᠥᠷᠨᠢᠭᠦᠯᠦᠨ᠎ᠡ᠃       ︵ᠲᠠᠪᠤ︶ ︽ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠬᠦ ᠴᠢᠨᠠᠷ ᠢᠶᠠᠷ ᠭᠦᠢᠴᠡᠳ ᠦᠭᠡᠢ︾ ᠠᠰᠠᠭᠤᠳᠠᠯ ᠤᠨ ᠲᠤᠬᠠᠢ      1. ᠣᠷᠣᠨ ᠨᠤᠲᠤᠭ ᠤᠨ ᠵᠠᠰᠠᠭ ᠤᠨ ᠣᠷᠳᠣᠨ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠳᠤ ᠭᠦᠨᠵᠡᠭᠡᠢ ᠰᠤᠳᠤᠯᠤᠯᠲᠠ ᠬᠢᠬᠦ ᠲᠠᠯ᠎ᠠ ᠪᠠᠷ ᠳᠤᠲᠠᠮᠠᠭ ᠪᠠᠶᠢᠵᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠬᠦ ᠴᠢᠬᠤᠯᠠᠲᠠᠢ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠲᠥᠷᠥᠯ ᠤᠨ ᠡᠮᠬᠢ ᠵᠢᠷᠤᠮ ᠳᠤ ᠬᠢᠨᠠᠯᠲᠠ ᠬᠠᠮᠢᠶᠠᠷᠤᠯᠲᠠ ᠬᠢᠬᠦ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠬᠤ ᠲᠠᠯ᠎ᠠ ᠪᠠᠷ ᠬᠠᠷᠠᠬᠠᠨ ᠭᠦᠢᠴᠡᠳ ᠪᠡᠶᠡᠯᠡᠭᠦᠯᠦᠭᠡ ᠦᠭᠡᠢ ᠪᠠᠶᠢᠵᠤ᠂ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠡᠰᠡᠭ ᠪᠤᠰᠠᠭ ᠦᠷᠭᠦᠯᠵᠢᠯᠡᠬᠦ ᠦᠵᠡᠭᠳᠡᠯ ᠣᠷᠣᠰᠢᠵᠤ᠂ ᠰᠢᠨ᠎ᠡ ᠠᠵᠢᠯ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠤᠨ ᠬᠦᠷᠢᠶ᠎ᠡ ᠴᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠮᠥᠨ ᠬᠦ ᠬᠠᠩᠭᠠᠬᠤ ᠶᠢᠨ ᠠᠷᠭ᠎ᠠ ᠦᠭᠡᠢ ᠪᠠᠶᠢᠨ᠎ᠠ᠃      ᠬᠠᠷᠢᠭᠤᠴᠠᠯᠭᠠᠲᠤ ᠨᠢᠭᠡᠴᠢ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠪᠦᠷᠢᠯᠳᠦᠬᠦᠨ ᠨᠢᠭᠡᠴᠢᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠳᠤ ᠰᠤᠳᠤᠯᠤᠯᠲᠠ ᠬᠢᠬᠦ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ᠎ᠠ᠃ ᠬᠤᠶᠠᠷ ᠲᠤ᠂ ︽ᠬᠤᠶᠠᠷ ᠢ ᠲᠠᠰᠢᠷᠠᠮ ᠳᠤ ᠨᠢ ᠪᠠᠶᠢᠴᠠᠭᠠᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠳᠤ ᠰᠢᠨ᠎ᠡ ᠶᠢ ᠡᠭᠦᠳᠦᠨ᠎ᠡ᠃ ᠭᠤᠷᠪᠠ ᠳᠤ᠂ ᠬᠠᠮᠵᠢᠯᠴᠠᠵᠤ ᠬᠢᠨᠠᠨ ᠬᠠᠮᠢᠶᠠᠷᠬᠤ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ᠂ ᠵᠥᠷᠢᠶᠡᠴᠢᠯᠡᠨ ᠬᠢᠨᠠᠨ ᠬᠠᠮᠢᠶᠠᠷᠬᠤ ᠪᠠᠷ ᠨᠥᠬᠦᠪᠦᠷᠢ ᠪᠣᠯᠭᠠᠵᠤ᠂ ᠢᠲᠡᠭᠡᠮᠵᠢ ᠪᠠᠷ ᠬᠢᠨᠠᠨ ᠬᠠᠮᠢᠶᠠᠷᠬᠤ᠂ ᠮᠡᠳᠡᠭᠡ ᠵᠠᠩᠭᠢᠴᠢᠯᠠᠵᠤ ᠬᠢᠨᠠᠨ ᠬᠠᠮᠢᠶᠠᠷᠬᠤ ᠪᠠᠷ ᠲᠤᠯᠭᠠᠭᠤᠷᠢᠯᠠᠯ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠳᠥᠷᠪᠡ ᠳᠤ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠤ ᠵᠠᠰᠠᠭ ᠵᠠᠬᠢᠷᠭᠠᠨ ᠤ ᠵᠥᠪᠰᠢᠶᠡᠷᠡᠯ᠂ ᠬᠢᠷᠢ ᠭᠡᠮ ᠤᠨ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠡᠷᠭᠡ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠯᠡᠭᠦᠯᠦᠨ ᠨᠢᠭᠡᠳᠬᠡᠵᠦ ᠬᠠᠮᠲᠤ ᠳᠤ ᠪᠠᠨ ᠬᠦᠷᠲᠡᠬᠦ ᠶᠢ ᠴᠢᠩᠭᠠᠷᠠᠭᠤᠯᠵᠤ᠂ ᠰᠢᠨ᠎ᠡ ᠠᠵᠢᠯ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠤᠨ ᠬᠦᠷᠢᠶ᠎ᠡ ᠴᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠲᠠᠰᠤᠷᠠᠯᠲᠠ ᠦᠭᠡᠢ ᠵᠣᠬᠢᠴᠠᠭᠤᠯᠤᠨ᠎ᠠ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ ᠦᠷᠭᠦᠯᠵᠢᠯᠡᠨ ᠥᠷᠨᠢᠭᠦᠯᠦᠨ᠎ᠡ᠃      2. ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠨᠡᠯᠢᠶᠡᠳ ᠳᠣᠣᠷ᠎ᠠ᠂ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠨᠢ ᠬᠠᠷᠢᠴᠠᠩᠭᠤᠢ ᠬᠤᠴᠣᠷᠤᠩᠭᠤᠢ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠲᠠᠪᠴᠠᠩ ᠢ ᠬᠠᠷᠠᠬᠠᠨ ᠪᠠᠶᠢᠭᠤᠯᠤᠭ᠎ᠠ ᠦᠭᠡᠢ᠂ ᠡᠯ᠎ᠡ ᠭᠠᠵᠠᠷ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠬᠢᠷᠢ ᠲᠦᠪᠰᠢᠨ ᠨᠢ ᠨᠢᠭᠡᠳᠦᠯ ᠦᠭᠡᠢ᠂ ᠰᠠᠯᠠᠭ᠎ᠠ ᠮᠥᠴᠢᠷ ᠤᠳ ᠤᠨ ᠬᠤᠭᠤᠷᠣᠨᠳᠤᠬᠢ᠂ ᠰᠠᠯᠠᠭ᠎ᠠ ᠮᠥᠴᠢᠷ ᠤᠨ ᠳᠣᠲᠣᠭᠠᠳᠤ ᠶᠢᠨ ᠳ᠋ᠠᠶᠢᠲ᠋ᠠ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠳᠤ ᠪᠠᠨ ᠬᠦᠷᠲᠡᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠬᠠᠷᠠᠬᠠᠨ ᠪᠡᠶᠡᠯᠡᠭᠦᠯᠦᠭᠡ ᠦᠭᠡᠢ ᠪᠠᠶᠢᠵᠤ᠂ ᠬᠠᠮᠵᠢᠯᠴᠠᠵᠤ ᠬᠢᠨᠠᠨ ᠬᠠᠮᠢᠶᠠᠷᠬᠤ ᠪᠠ ᠵᠣᠷᠢᠭᠵᠢᠭᠤᠯᠤᠨ ᠵᠠᠯᠬᠠᠭᠠᠬᠤ ᠬᠤᠯᠪᠣᠭᠠᠯᠠᠭᠰᠠᠨ ᠲᠣᠭᠲᠠᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠬᠤ ᠦᠭᠡᠢ ; ︽ᠢᠨᠲ᠋ᠧᠷ ᠰᠦᠯᠵᠢᠶ᠎ᠡ + ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ︾ ᠰᠢᠨ᠎ᠡ ᠱᠠᠭᠠᠷᠳᠠᠯᠭ᠎ᠠ ᠶᠢ ᠬᠠᠩᠭᠠᠬᠤ ᠶᠢᠨ ᠠᠷᠭ᠎ᠠ ᠦᠭᠡᠢ ᠪᠠᠶᠢᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠡ ᠶᠢᠨ ᠪᠠᠶᠢᠭᠤᠯᠤᠯᠲᠠ ᠶᠢᠨ ᠨᠢᠭᠡᠳᠦᠯᠲᠡᠢ ᠲᠥᠯᠥᠪᠵᠢᠭᠦᠯᠭᠡ ᠪᠠ ᠦᠵᠦ ᠳᠠᠪᠬᠤᠷᠭ᠎ᠠ ᠶᠢᠨ ᠲᠥᠯᠥᠪᠯᠡᠭᠡ ᠶᠢ ᠴᠢᠩᠭᠠᠳᠬᠠᠨ᠂ ︽ᠨᠢᠭᠡᠳᠬᠡᠬᠦ᠂ ᠨᠡᠪᠲᠡᠷᠡᠭᠦᠯᠬᠦ᠂ ᠬᠡᠷᠡᠭᠯᠡᠬᠦ︾ ᠪᠠᠶᠢᠭᠤᠯᠤᠯᠲᠠ ᠶᠢᠨ ᠰᠡᠳᠬᠢᠮᠵᠢ ᠶᠣᠰᠣᠭᠠᠷ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ᠎ᠠ᠃ ᠬᠤᠶᠠᠷ ᠲᠤ᠂ ᠪᠦᠬᠦ ᠣᠷᠣᠨ ᠤ ᠡᠷᠡᠭᠦᠯ ᠮᠡᠨᠳᠦ ᠡᠮᠴᠢᠯᠡᠭᠡ ᠶᠢᠨ ᠲᠣᠮᠣ ᠳ᠋ᠠᠶᠢᠲ᠋ᠠ ᠵᠢᠴᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠰᠠᠯᠭ᠎ᠠ ᠮᠥᠴᠢᠷ᠂ ᠡᠯ᠎ᠡ ᠳᠡᠰ ᠳᠠᠪᠬᠤᠷᠭ᠎ᠠ᠂ ᠡᠯ᠎ᠡ ᠰᠢᠰᠲ᠋ᠧᠮ ᠪᠠ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠳᠣᠲᠣᠭᠠᠳᠤ ᠶᠢᠨ ᠡᠯ᠎ᠡ ᠬᠦᠷᠢᠶ᠎ᠡ ᠴᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠃ ᠭᠤᠷᠪᠠ ᠳᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠬᠢᠭᠡᠳ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠷᠭᠤᠭᠤᠯᠤᠨ ᠬᠢᠨᠠᠬᠤ᠂ ᠵᠡᠷᠭᠡ ᠳᠡᠰ ᠢ ᠰᠢᠯᠭᠠᠨ ᠲᠣᠭᠲᠠᠭᠠᠬᠤ᠂ ᠰᠢᠯᠢᠳᠡᠭ ᠢ ᠦᠨᠡᠯᠡᠬᠦ ᠵᠡᠷᠭᠡ ᠶᠢᠨ ᠬᠤᠯᠪᠣᠭᠳᠠᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠬᠠᠷᠢᠯᠴᠠᠨ ᠵᠣᠯᠭᠠᠯᠳᠤᠭᠰᠠᠨ᠂ ᠵᠣᠬᠢᠴᠠᠭᠤᠯᠤᠨ ᠬᠠᠮᠵᠢᠯᠴᠠᠭᠰᠠᠨ ᠠᠵᠢᠯ ᠤᠨ ᠪᠠᠶᠢᠷᠢᠯᠠᠭᠤᠯᠤᠯᠲᠠ ᠶᠢ ᠪᠦᠷᠢᠯᠳᠦᠭᠦᠯᠦᠨ᠎ᠡ᠃ ᠳᠥᠷᠪᠡ ᠳᠤ᠂ ᠮᠡᠳᠡᠭᠡ ᠵᠠᠩᠭᠢ ᠶᠢᠨ ᠲᠠᠪᠴᠠᠩ ᠢ ᠠᠰᠢᠭᠯᠠᠨ ᠲᠦᠭᠰᠢᠭᠦᠷᠢ ᠶᠢᠨ ᠦᠨᠡᠯᠡᠨ ᠵᠢᠱᠢᠯᠲᠡ ᠪᠠ ᠣᠶᠣᠨᠴᠢ ᠵᠠᠳᠠᠯᠤᠯᠲᠠ ᠶᠢ ᠴᠢᠩᠭᠠᠳᠬᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠶᠡᠷᠦᠩᠬᠡᠶᠢᠯᠡᠭᠰᠡᠨ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠵᠤ᠂ ᠬᠢᠨᠠᠯᠲᠠ ᠬᠠᠮᠢᠶᠠᠷᠤᠯᠲᠠ ᠶᠢᠨ ᠦᠷ᠎ᠡ ᠨᠥᠯᠥᠭᠡ ᠶᠢ ᠳᠡᠭᠡᠭᠰᠢᠯᠡᠭᠦᠯᠦᠨ᠎ᠡ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ ᠦᠷᠭᠦᠯᠵᠢᠯᠡᠨ ᠠᠬᠢᠭᠤᠯᠤᠨ᠎ᠠ᠃      3. ︽ᠢᠲᠡᠭᠡᠮᠵᠢ +  ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ︾ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠴᠢᠬᠤᠯᠠᠲᠠᠢ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠬᠠᠷᠠᠬᠠᠨ ᠪᠠᠶᠢᠭᠤᠯᠤᠭ᠎ᠠ ᠦᠭᠡᠢ᠂ ᠡᠮᠴᠢᠯᠡᠭᠡ ᠶᠢᠨ ᠪᠠᠶᠢᠭᠤᠯᠤᠮᠵᠢ ᠶᠢᠨ ᠡᠷᠡᠭᠦᠯ ᠪᠤᠰᠤ ᠦᠢᠯᠡ ᠠᠵᠢᠯᠯᠠᠭ᠎ᠠ ᠳᠤ ᠬᠤᠪᠢ ᠲᠡᠮᠳᠡᠭᠯᠡᠨ ᠬᠠᠮᠢᠶᠠᠷᠬᠤ ᠠᠷᠭ᠎ᠠ ᠪᠠ ᠡᠮᠴᠢ ᠶᠢᠨ ᠡᠷᠡᠭᠦᠯ ᠪᠤᠰᠤ ᠪᠠᠷ ᠠᠵᠢᠯ ᠡᠷᠬᠢᠯᠡᠬᠦ ᠦᠢᠯᠡ ᠠᠵᠢᠯᠯᠠᠭ᠎ᠠ ᠳᠤ ᠬᠤᠪᠢ ᠲᠡᠮᠳᠡᠭᠯᠡᠨ ᠬᠠᠮᠢᠶᠠᠷᠬᠤ ᠠᠷᠭ᠎ᠠ ᠶᠢ ᠬᠠᠷᠠᠬᠠᠨ ᠨᠡᠶᠢᠲᠡᠯᠡᠭᠡ ᠦᠭᠡᠢ᠂ ᠢᠲᠡᠭᠡᠮᠵᠢ ᠶᠢᠨ ᠲᠡᠮᠳᠡᠭᠯᠡᠯ ᠢ ᠵᠠᠷᠯᠠᠨ ᠨᠡᠶᠢᠲᠡᠯᠡᠬᠦ ᠳᠤ ᠭᠤᠣᠯᠳᠠᠭᠤ ︽ᠬᠤᠶᠠᠷ ᠢ ᠵᠠᠷᠯᠠᠨ ᠨᠡᠶᠢᠲᠡᠯᠡᠬᠦ︾ ᠨᠡᠷᠡᠰ ᠤᠨ ᠵᠢᠭᠰᠠᠭᠠᠯᠲᠠ ᠳᠤ ᠬᠢᠵᠠᠭᠠᠷᠯᠠᠭᠳᠠᠵᠤ᠂ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠵᠠᠷᠯᠠᠨ ᠨᠡᠶᠢᠲᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠬᠠᠷᠠᠬᠠᠨ ᠪᠦᠷᠢᠡᠰᠢᠭᠡ ᠦᠭᠡᠢ᠂ ᠬᠤᠯᠪᠣᠭᠠᠯᠠᠨ ᠵᠠᠯᠬᠠᠭᠠᠬᠤ ᠲᠣᠭᠲᠠᠴᠠ ᠬᠠᠷᠠᠬᠠᠨ ᠲᠡᠭᠦᠯᠳᠡᠷᠵᠢᠭᠡ ᠦᠭᠡᠢ ᠪᠠᠶᠢᠨ᠎ᠠ᠃ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠬᠡᠪ ᠤᠨ ᠡᠮᠴᠢᠯᠡᠭᠡ ᠶᠢᠨ ᠡᠮᠬᠢ ᠳᠢᠭᠯᠢᠮ ᠢ ᠬᠦᠨᠳᠦ ᠨᠣᠴᠢᠲᠠᠢ ᠬᠤᠬᠢᠷᠠᠭᠤᠯᠤᠭᠰᠠᠨ ᠪᠠ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠵᠠᠷᠯᠠᠨ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ ᠠᠯᠳᠠᠭᠰᠠᠨ ᠬᠠᠮᠢᠶ᠎ᠠ ᠪᠦᠬᠦᠢ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠵᠠᠷᠯᠠᠨ ᠮᠡᠳᠡᠭᠡᠯᠡᠨ᠎ᠡ᠃ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ︽ᠡᠮᠴᠢᠯᠡᠭᠡ ᠶᠢᠨ ᠪᠠᠶᠢᠭᠤᠯᠤᠮᠵᠢ ᠶᠢᠨ ᠡᠷᠡᠭᠦᠯ ᠪᠤᠰᠤ ᠦᠢᠯᠡ ᠠᠵᠢᠯᠯᠠᠭ᠎ᠠ ᠳᠤ ᠬᠤᠪᠢ ᠲᠡᠮᠳᠡᠭᠯᠡᠨ ᠬᠠᠮᠢᠶᠠᠷᠬᠤ ᠠᠷᠭ᠎ᠠ︾ ᠪᠠ ︽ᠡᠮᠴᠢ ᠶᠢᠨ ᠡᠷᠡᠭᠦᠯ ᠪᠤᠰᠤ ᠪᠠᠷ ᠠᠵᠢᠯ ᠡᠷᠬᠢᠯᠡᠬᠦ ᠦᠢᠯᠡ ᠠᠵᠢᠯᠯᠠᠭ᠎ᠠ ᠳᠤ ᠬᠤᠪᠢ ᠲᠡᠮᠳᠡᠭᠯᠡᠨ ᠬᠠᠮᠢᠶᠠᠷᠬᠤ ᠠᠷᠭ᠎ᠠ︾ ᠶᠢ ᠠᠯᠢ ᠲᠦᠷᠭᠡᠨ ᠢᠶᠠᠷ ᠨᠡᠶᠢᠲᠡᠯᠡᠨ᠎ᠡ᠃ ᠭᠤᠷᠪᠠ ᠳᠤ᠂ ︽ᠢᠲᠡᠭᠡᠮᠵᠢ +  ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ︾ ᠶᠢᠨ ᠠᠵᠢᠯ ᠢ ᠪᠦᠬᠦ ᠲᠠᠯ᠎ᠠ ᠪᠠᠷ ᠳᠡᠯᠭᠡᠷᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠢᠶᠠᠷ ᠵᠥᠪᠰᠢᠶᠡᠷᠡᠨ ᠣᠷᠣᠭᠤᠯᠤᠭᠰᠠᠨ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠣᠯᠭᠤᠭᠰᠠᠨ ᠵᠡᠷᠭᠡ ᠮᠡᠳᠡᠭᠡ ᠵᠠᠩᠭᠢ ᠪᠠᠷ ᠰᠠᠭᠤᠷᠢ ᠪᠣᠯᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠢᠲᠡᠭᠡᠮᠵᠢ ᠶᠢ ᠵᠠᠷᠯᠠᠨ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ᠂ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠲᠡᠮᠳᠡᠭᠯᠡᠬᠦ᠂ ᠵᠠᠷᠯᠠᠨ ᠨᠡᠶᠢᠲᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ︽ᠨᠢᠭᠡ ᠶᠠᠪᠤᠳᠠᠯ ᠳᠤ ᠬᠠᠤᠯᠢ ᠵᠥᠷᠢᠴᠡᠪᠡᠯ᠂ ᠶᠠᠪᠤᠳᠠᠯ ᠪᠣᠯᠭᠠᠨ ᠳᠤ ᠬᠢᠵᠠᠭᠠᠷᠯᠠᠭᠳᠠᠬᠤ︾ ᠶᠢ ᠪᠡᠶᠡᠯᠡᠭᠦᠯᠦᠨ᠎ᠡ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ 2021ᠣᠨ ᠤ ᠰᠡᠭᠦᠯᠴᠢ ᠠᠴᠠ ᠡᠮᠦᠨ᠎ᠡ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠵᠦ᠂ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠦᠷᠭᠦᠯᠵᠢᠯᠡᠨ ᠠᠬᠢᠭᠤᠯᠤᠨ᠎ᠠ᠃       ︵ᠵᠢᠷᠭᠤᠭ᠎ᠠ︶ ︽ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠪᠠᠴᠢᠮ ᠴᠢᠩᠭᠠᠳᠬᠠᠬᠤ ᠴᠢᠬᠤᠯᠠᠲᠠᠢ︾ ᠠᠰᠠᠭᠤᠳᠠᠯ ᠤᠨ ᠲᠤᠬᠠᠢᠣᠳᠣᠬᠠᠨ ᠳᠤ᠂ ᠪᠦᠬᠦ ᠣᠷᠣᠨ ᠳᠤ ᠨᠡᠶᠢᠲᠡ 117 ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠪᠠᠶᠢᠵᠤ᠂ ᠡᠭᠦᠨ ᠳᠤ ᠠᠯᠪᠠᠲᠠᠨ ᠢᠶᠠᠷ ᠯᠠᠪᠯᠠᠯᠲᠠ ᠪᠣᠯᠭᠠᠬᠤ ᠡᠩᠨᠡᠭᠡ 90᠂ ᠪᠦᠬᠦ ᠲᠤᠭ᠎ᠠ ᠪᠠᠷ ᠵᠣᠭᠤᠰ ᠰᠠᠯᠭᠠᠨ ᠥᠭᠬᠦ ᠠᠵᠢᠯ ᠦᠢᠯᠡᠰ ᠤᠨ ᠨᠢᠭᠡᠴᠢ 27 ᠪᠠᠶᠢᠳᠠᠭ᠃ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠵᠢᠷᠤᠮᠵᠢᠭᠤᠯᠤᠯᠲᠠ ᠶᠢᠨ ᠪᠠᠶᠢᠭᠤᠯᠤᠮᠵᠢ ᠶᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠲᠥᠯᠥᠪᠯᠡᠭᠡᠲᠦ ᠦᠷᠡᠵᠢᠯ᠂ ᠬᠢᠲᠠᠳ ᠡᠮᠨᠡᠯᠭᠡ᠂ ᠲᠤᠬᠠᠶᠢᠯᠠᠭᠰᠠᠨ ᠠᠵᠢᠯ ᠤᠨ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠬᠢ ᠶᠢ ᠬᠤᠪᠢᠶᠠᠷᠢᠯᠠᠨ ᠣᠷᠣᠭᠤᠯᠬᠤ ᠶᠢ ᠳᠠᠭᠠᠯᠳᠤᠨ᠂ ᠨᠢᠭᠡ ᠲᠠᠯ᠎ᠠ ᠪᠠᠷ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠲᠣᠬᠢᠷᠠᠯᠴᠠᠭᠰᠠᠨ ᠣᠷᠣᠨ ᠲᠤᠭ᠎ᠠ ᠪᠠ ᠠᠵᠢᠯᠲᠠᠨ ᠨᠡᠮᠡᠭᠰᠡᠨ ᠦᠭᠡᠢ᠂ ᠨᠥᠭᠦᠭᠡ ᠲᠠᠯ᠎ᠠ ᠪᠠᠷ ᠣᠷᠣᠨ ᠲᠤᠭ᠎ᠠ ᠶᠢᠨ ᠰᠢᠯᠵᠢᠯᠲᠡ ᠶᠢ ᠵᠣᠭᠰᠣᠭᠠᠵᠤ᠂ ᠣᠷᠣᠨ ᠲᠤᠭ᠎ᠠ ᠠᠴᠠ ᠭᠠᠷᠭᠠᠬᠤ ᠠᠴᠠ ᠪᠢᠰᠢ ᠣᠷᠣᠭᠤᠯᠬᠤ ᠦᠭᠡᠢ ᠠᠴᠠ ᠪᠣᠯᠵᠤ᠂ ᠠᠵᠢᠯᠲᠠᠨ ᠤ ᠨᠠᠰᠤ ᠠᠬᠠᠰᠢᠷᠠᠵᠤ᠂ ᠲᠤᠰᠬᠠᠢ ᠮᠡᠷᠭᠡᠵᠢᠯ ᠤᠨ ᠴᠢᠨᠠᠷ ᠨᠢ ᠳᠣᠷᠣᠭᠰᠢᠯᠠᠵᠤ ᠪᠠᠶᠢᠨ᠎ᠠ᠃ ᠬᠠᠤᠯᠢ ᠬᠡᠷᠡᠭᠵᠢᠭᠦᠯᠦᠭᠴᠢᠳ ᠤᠨ ᠬᠠᠷᠠᠭᠠᠯᠵᠠᠯ ᠨᠢ ᠬᠠᠷᠢᠴᠠᠩᠭᠤᠢ ᠳᠣᠣᠷ᠎ᠠ ᠪᠠᠶᠢᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢ ᠬᠡᠷᠡᠭᠵᠢᠭᠦᠯᠦᠭᠴᠢᠳ ᠤᠨ ᠠᠵᠢᠯ ᠤᠨ ᠢᠳᠡᠪᠬᠢᠵᠢᠯ ᠪᠠ ᠲᠣᠭᠲᠠᠭᠤᠨ ᠴᠢᠨᠠᠷ ᠢ ᠬᠦᠨᠳᠦ ᠨᠣᠴᠢᠲᠠᠢ ᠨᠥᠯᠥᠭᠡᠯᠡᠵᠦ᠂ ᠣᠳᠣ ᠶᠢᠨ ᠪᠠᠶᠢᠭ᠎ᠠ ᠠᠵᠢᠯᠲᠠᠨ ᠨᠢ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠶᠢ ᠬᠠᠩᠭᠠᠵᠤ ᠴᠢᠳᠠᠬᠤ ᠦᠭᠡᠢ ᠪᠠᠶᠢᠨ᠎ᠠ᠃      ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠪᠦᠬᠦ ᠣᠷᠣᠨ ᠤ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠲᠣᠬᠢᠷᠠᠭᠤᠯᠤᠯᠲᠠ ᠪᠠ ᠨᠡᠷᠡᠶᠢᠳᠦᠯ ᠢ ᠵᠢᠷᠤᠮᠵᠢᠭᠤᠯᠤᠨ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠶᠢ ᠲᠣᠳᠣᠷᠬᠠᠶᠢᠯᠠᠨ᠎ᠠ᠃ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠬᠦᠴᠦᠨ ᠢ ᠰᠢᠯᠢᠨ ᠰᠣᠩᠭᠤᠵᠤ ᠰᠠᠶᠢᠲᠤᠷ ᠲᠣᠬᠢᠷᠠᠭᠤᠯᠤᠨ᠂ ︽14 · 5︾ ᠤᠨ ᠲᠥᠯᠥᠪᠵᠢᠭᠦᠯᠭᠡ ᠶᠢᠨ ᠰᠡᠭᠦᠯᠴᠢ ᠪᠠᠷ ᠪᠦᠬᠦ ᠣᠷᠣᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯᠲᠠᠨ ᠢ ᠪᠠᠷᠢᠮᠵᠢᠶ᠎ᠠ ᠶᠣᠰᠣᠭᠠᠷ ᠲᠣᠬᠢᠷᠠᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠷᠠᠭᠠᠯᠵᠠᠯ ᠢ ᠪᠠᠲᠤᠯᠠᠨ᠂ ᠠᠵᠢᠯᠲᠠᠨ ᠢ ᠳᠡᠪᠰᠢᠭᠦᠯᠦᠨ ᠬᠡᠷᠡᠭᠯᠡᠬᠦ ᠳᠦᠷᠢᠮ ᠢ ᠲᠡᠭᠦᠯᠳᠡᠷᠵᠢᠭᠦᠯᠦᠨ᠎ᠡ᠃ ᠪᠦᠬᠦ ᠣᠷᠣᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠵᠢᠷᠤᠮᠵᠢᠭᠤᠯᠤᠯᠲᠠ ᠪᠠ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠥᠷᠨᠢᠭᠦᠯᠦᠨ᠂ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠪᠠᠷ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠡᠩᠨᠡᠭᠡ ᠶᠢᠨ ᠲᠤᠰᠬᠠᠶᠢᠵᠢᠭᠤᠯᠤᠯᠲᠠ᠂ ᠵᠢᠷᠤᠮᠵᠢᠭᠤᠯᠤᠯᠲᠠ᠂ ᠣᠳᠣᠬᠢᠴᠢᠯᠠᠯᠲᠠ ᠶᠢ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠴᠢᠨᠠᠷᠯᠢᠭ ᠬᠥᠭᠵᠢᠯᠲᠡ ᠶᠢ ᠪᠠᠲᠤᠯᠠᠨ᠎ᠠ᠃      ᠴᠠᠭ ᠤᠨ ᠬᠢᠵᠠᠭᠠᠷ ᠪᠠ ᠱᠠᠭᠠᠷᠳᠠᠯᠭ᠎ᠠ᠄ ᠦᠷᠭᠦᠯᠵᠢᠯᠡᠨ ᠠᠬᠢᠭᠤᠯᠤᠨ᠎ᠠ      ᠭᠤᠷᠪᠠ᠂ ᠠᠵᠢᠯ ᠤᠨ ᠱᠠᠭᠠᠷᠳᠠᠯᠭ᠎ᠠ       ︵ ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠴᠢᠨᠠᠷ ᠪᠠ ᠲᠤᠯᠭᠠᠮᠳᠠᠭᠤ ᠴᠢᠨᠠᠷ ᠢ ᠭᠦᠨᠵᠡᠭᠡᠢ ᠲᠠᠨᠢᠵᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ 63 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠭᠦᠨᠵᠡᠭᠡᠢ ᠰᠤᠷᠤᠯᠴᠠᠬᠤ᠂ ᠨᠡᠪᠲᠡᠷᠡᠲᠡᠯ᠎ᠡ ᠣᠶᠢᠯᠠᠭᠠᠬᠤ ᠪᠠ ᠣᠨᠣᠪᠴᠢᠲᠠᠢ ᠡᠵᠡᠮᠳᠡᠬᠦ ᠶᠢ ᠭᠦᠢᠴᠡᠳᠬᠡᠨ᠎ᠡ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠨ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠤᠯᠪᠣᠭᠠᠲᠤ ᠬᠤᠷᠠᠯ ᠤᠨ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠠᠶᠢᠮᠠᠭ ᠬᠤᠲᠠ ᠶᠢᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠥᠪᠡᠷ ᠥᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠴᠤᠭ ᠢᠶᠠᠷ ᠠᠳᠬᠤᠨ ᠬᠠᠮᠲᠤ ᠪᠠᠷ ᠬᠠᠮᠢᠶᠠᠷᠬᠤ ᠪᠠ ᠵᠣᠬᠢᠴᠠᠭᠤᠯᠤᠨ ᠬᠠᠮᠵᠢᠯᠴᠠᠵᠤ᠂ ᠪᠦᠬᠦ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠭᠦᠨᠵᠡᠭᠡᠢ ᠠᠬᠢᠭᠤᠯᠤᠨ᠎ᠠ᠃       ︵ ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶᠢ ᠭᠦᠨᠵᠡᠭᠡᠶᠢᠷᠡᠭᠦᠯᠦᠨ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢᠨ ᠪᠠᠲᠤ ᠴᠢᠩᠭ᠎ᠠ ᠴᠢᠨᠠᠷ᠂ ᠪᠦᠲᠦᠮᠵᠢᠲᠡᠢ ᠴᠢᠨᠠᠷ ᠢ ᠪᠠᠲᠤᠯᠠᠨ᠎ᠠ᠃ ᠠᠰᠠᠭᠤᠳᠠᠯ ᠤᠨ ᠨᠠᠷᠢᠨ ᠬᠠᠭᠤᠳᠠᠰᠤ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ ᠤᠨ ᠬᠢᠵᠠᠭᠠᠷ ᠲᠠᠢ ᠴᠢᠩᠭ᠎ᠠ ᠬᠠᠷᠢᠴᠠᠭᠤᠯᠵᠤ᠂ ᠰᠢᠢᠳᠪᠦᠷᠢᠯᠡᠵᠦ ᠳᠡᠶᠢᠯᠬᠦ ᠠᠰᠠᠭᠤᠳᠠᠯ ᠢ ᠲᠡᠷᠡ ᠳᠠᠷᠤᠢ ᠳᠤ ᠨᠢ ᠰᠢᠢᠳᠪᠦᠷᠢᠯᠡᠵᠦ᠂ ᠰᠢᠢᠳᠪᠦᠷᠢᠯᠡᠵᠦ ᠳᠡᠶᠢᠯᠬᠦ ᠦᠭᠡᠢ ᠠᠰᠠᠭᠤᠳᠠᠯ ᠢ ᠨᠢᠭᠡᠨᠲᠡ ᠲᠣᠭᠲᠠᠭᠰᠠᠨ ᠴᠠᠭ ᠤᠨ ᠬᠢᠵᠠᠭᠠᠷ ᠶᠣᠰᠣᠭᠠᠷ ᠠᠬᠢᠭᠤᠯᠬᠤ ᠪᠠ ᠴᠡᠭᠴᠡᠯᠡᠨ ᠥᠭᠡᠷᠡᠴᠢᠯᠡᠵᠦ᠂ ᠠᠰᠠᠭᠤᠳᠠᠯ ᠪᠣᠯᠭᠠᠨ ᠳᠤ ᠰᠢᠢᠳᠪᠦᠷᠢᠯᠡᠬᠦ ᠬᠠᠷᠠᠯᠲᠠ ᠲᠠᠢ᠂ ᠶᠠᠪᠤᠳᠠᠯ ᠪᠣᠯᠭᠠᠨ ᠳᠤ ᠬᠠᠷᠢᠭᠤ ᠲᠤᠰᠬᠠᠯ ᠲᠠᠢ ᠪᠠᠶᠢᠬᠤ ᠶᠢ ᠪᠠᠲᠤᠯᠠᠵᠤ᠂ ᠴᠡᠭᠴᠡᠯᠡᠨ ᠥᠭᠡᠷᠡᠴᠢᠯᠡᠬᠦ ᠠᠯᠬᠤᠮ ᠳᠠᠷᠠᠭᠠᠯᠠᠯ ᠢ ᠬᠤᠭᠤᠰᠤᠨ ᠥᠩᠭᠡᠷᠡᠭᠦᠯᠬᠦ ᠦᠭᠡᠢ᠂ ᠠᠭᠤᠯᠭ᠎ᠠ ᠶᠢ ᠬᠠᠮᠤᠷᠤᠭᠤᠯᠵᠤ᠂ ᠪᠠᠷᠢᠮᠵᠢᠶ᠎ᠠ ᠶᠢ ᠥᠭᠡᠷᠡᠲᠦᠭᠦᠯᠬᠦ ᠦᠭᠡᠢ᠃       ︵ᠭᠤᠷᠪᠠ︶ ᠴᠡᠭᠴᠡᠯᠡᠨ ᠥᠭᠡᠷᠡᠴᠢᠯᠡᠵᠦ ᠰᠢᠮᠳᠠᠭᠤᠯᠤᠨ ᠭᠦᠢᠴᠡᠳᠬᠡᠬᠦ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢᠨ ᠪᠠᠶᠢᠳᠠᠯ ᠪᠠ ᠴᠡᠭᠴᠡᠯᠡᠨ ᠥᠭᠡᠷᠡᠴᠢᠯᠡᠭᠰᠡᠨ ᠪᠠᠶᠢᠳᠠᠯ ᠳᠠᠬᠢ ᠰᠢᠮᠳᠠᠭᠤᠯᠤᠨ ᠪᠠᠶᠢᠴᠠᠭᠠᠯᠲᠠ ᠶᠢ ᠬᠤᠯᠪᠣᠭᠠᠯᠠᠨ ᠥᠷᠨᠢᠭᠦᠯᠬᠦ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠤᠨ᠎ᠠ᠃ ᠦᠢᠯᠡ ᠬᠥᠳᠡᠯᠦᠯ ᠨᠢ ᠤᠳᠠᠭᠠᠨ᠂ ᠴᠡᠭᠴᠡᠯᠡᠯᠲᠡ ᠥᠭᠡᠷᠡᠴᠢᠯᠡᠯᠲᠡ ᠶᠢ ᠠᠬᠢᠭᠤᠯᠤᠭᠰᠠᠨ ᠢᠶᠠᠷ ᠬᠦᠴᠦᠨ ᠦᠭᠡᠢ ᠠᠰᠠᠭᠤᠳᠠᠯ ᠳᠤ ᠴᠡᠭ ᠲᠣᠭᠲᠠᠭᠠᠨ ᠮᠥᠷᠳᠡᠬᠦ ᠪᠠ ᠰᠢᠮᠳᠠᠭᠤᠯᠤᠨ ᠵᠢᠯᠣᠭᠤᠳᠴᠤ᠂ ᠥᠨᠴᠥᠭ ᠪᠤᠯᠤᠩ ᠦᠯᠡᠳᠡᠭᠡᠬᠦ ᠦᠭᠡᠢ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠨ᠎ᠠ᠃
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ