ᠦᠬᠠᠶ ᠬᠤᠲᠠ 2021 ᠣᠨ ᠤ ᠬᠠᠲᠤᠨ ᠭᠤᠤᠯ ᠤᠨ ᠦᠬᠠᠶ ᠶᠢᠨ ᠬᠡᠰᠡᠭ ᠲᠤ ᠦᠷᠡᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/6/10

      6 ᠳ᠋ᠤᠭᠠᠷ ᠰᠠᠷ᠎ᠠ ᠶᠢᠨ 6 ᠤ ᠡᠳᠦᠷ᠂ ᠦᠬᠠᠢ ᠬᠤᠳᠠ ᠦᠬᠠᠢ ᠨᠠᠭᠤᠷ ᠤᠨ ᠵᠢᠭᠠᠰᠤ ᠲᠠᠯᠪᠢᠬᠤ ᠲᠠᠪᠴᠠᠩ ᠳᠤ ︽ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠠᠷᠠᠴᠢᠯᠠᠨ ᠬᠠᠮᠠᠭᠠᠯᠠᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠦᠷᠡᠵᠢᠭᠦᠯᠦᠨ ᠲᠠᠯᠪᠢᠬᠤ ᠠᠵᠢᠯᠯᠠᠭ᠎ᠠ ᠥᠷᠨᠢᠭᠦᠯᠵᠦ᠂ ᠨᠡᠶᠢᠳᠡ 324 ᠲᠦᠮᠡᠨ ᠵᠢᠷᠠᠭᠠᠬᠠᠢ᠂ 1.52 ᠲᠦᠮᠡᠨ ᠵᠢᠩ ᠵᠢᠷᠠᠭᠠᠬᠠᠢ ᠶᠢ ᠲᠠᠯᠪᠢᠵᠠᠢ᠂ ᠲᠦᠷᠦᠯ ᠵᠦᠢᠯ ᠨᠢ ᠲᠠᠬᠤ ᠵᠢᠭᠠᠰᠤ᠂ ᠠᠮᠤᠷ ᠵᠢᠭᠠᠰᠤ ᠪᠣᠯᠤᠨ᠎ᠠ᠃
     ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠦᠷᠡᠵᠢᠭᠦᠯᠬᠦ ᠠᠵᠢᠯᠯᠠᠭ᠎ᠠ ᠶᠢ ᠥᠷᠨᠢᠭᠦᠯᠬᠦ ᠨᠢ ᠬᠠᠲᠤᠨ ᠭᠤᠤᠯ ᠤᠨ ᠤᠰᠤᠨ ᠣᠷᠣᠨ ᠤ ᠠᠮᠢᠳᠤ ᠪᠣᠳᠠᠰ ᠤᠨ ᠳᠦᠷᠰᠦ ᠰᠦᠷᠦᠭ ᠤᠨ ᠪᠦᠲᠦᠴᠡ ᠶᠢ ᠰᠠᠶᠢᠵᠢᠷᠠᠭᠤᠯᠬᠤ ᠪᠠ ᠰᠢᠯᠢᠳᠡᠭᠵᠢᠭᠦᠯᠬᠦ᠂ ᠬᠠᠲᠤᠨ ᠭᠤᠤᠯ ᠤᠨ ᠤᠰᠤᠨ ᠣᠷᠣᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠤᠰᠤᠨ ᠣᠷᠣᠨ ᠤ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 2007 ᠣᠨ ᠳᠤ ᠦᠷᠡᠵᠢᠭᠦᠯᠬᠦ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ᠂ ᠦᠬᠠᠶ ᠬᠤᠲᠠ ᠨᠢᠭᠡᠨᠲᠡ ᠡᠯ᠎ᠡ ᠲᠥᠷᠥᠯ ᠤᠨ ᠵᠢᠭᠠᠰᠤᠨ ᠤ ᠲᠥᠷᠥᠯ ᠢ ᠨᠡᠶᠢᠲᠡ 1742 ᠲᠦᠮᠡ ᠲᠠᠯᠪᠢᠭᠰᠠᠨ ᠪᠠᠶᠢᠨ᠎ᠠ᠃ ᠦᠷᠡᠵᠢᠭᠦᠯᠬᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠠᠴᠠ ᠭᠠᠳᠠᠨ᠎ᠠ ᠪᠠᠰᠠ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠲᠣᠭᠲᠠᠭᠠᠬᠤ᠂ ᠬᠠᠤᠯᠢ ᠪᠤᠰᠤ ᠪᠠᠷ ᠠᠩᠨᠠᠵᠤ ᠱᠦᠭᠦᠬᠦ ᠠᠵᠢᠯᠯᠠᠭ᠎ᠠ ᠳᠤ ᠴᠣᠬᠢᠯᠲᠠ ᠥᠭᠬᠦ᠂ ᠵᠢᠭᠠᠰᠤᠨ ᠤ ᠲᠦᠷᠦᠯ ᠢ ᠦᠷᠡᠵᠢᠭᠦᠯᠬᠦ ᠦᠷᠳᠡᠭᠡ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠦᠬᠠᠶ ᠨᠠᠭᠤᠷ ᠵᠢᠴᠢ ᠬᠠᠲᠤᠨ ᠭᠤᠣᠯ ᠤᠨ ᠠᠮᠢ ᠠᠬᠤᠶ ᠶᠢᠨ ᠡᠬᠢ ᠪᠠᠶᠠᠯᠢᠭ ᠢ ᠨᠡᠩ ᠰᠠᠶᠢᠲᠤᠷ ᠬᠠᠮᠠᠭᠠᠯᠠᠵᠤ ᠪᠠᠶᠢᠨ᠎ᠠ᠃
     ᠬᠤᠶᠢᠰᠢᠳᠠ᠂ ᠦᠬᠠᠶ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠦᠷᠡᠵᠢᠭᠦᠯᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠭᠠᠰᠤᠨ ᠤ ᠶᠠᠪᠤᠳᠠᠯ ᠤᠨ ᠲᠣᠭᠤᠷᠢᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ︽ᠵᠢᠭᠠᠰᠤᠨ ᠠᠵᠤ ᠠᠬᠤᠶ ᠶᠢᠨ ᠬᠠᠤᠯᠢ︾ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠠᠷᠠᠳ ᠤᠨ ᠬᠠᠲᠤᠨ ᠭᠤᠤᠯ ᠤᠨ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠵᠢᠴᠢ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠷᠡᠵᠢᠭᠦᠯᠬᠦ ᠶᠢ ᠵᠢᠱᠢᠭᠰᠡᠨ ᠦᠷ᠎ᠡ ᠪᠦᠲᠦᠮᠵᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃

ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ