ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ 2021 ᠣᠨ ᠤ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/6/11

      6 ᠰᠠᠷ᠎ᠠ ᠶᠢᠨ 10᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ  ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠪᠠᠶᠢᠷᠢᠯᠠᠭᠤᠯᠵᠤ᠂ ᠤᠷᠠᠳ ᠤᠨ ᠳᠤᠮᠳᠠᠳᠤ ᠬᠤᠰᠢᠭᠤ᠂ ᠠᠷᠤ ᠬᠤᠷᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠯᠵᠢᠯᠳᠠ ᠶᠢᠨ ᠪᠦᠰᠡ ᠶᠢᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠲᠥᠰᠦᠯ ᠵᠡᠷᠭᠡ ᠵᠦᠢᠯᠡᠰ ᠢ ᠰᠤᠳᠤᠯᠵᠠᠢ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠪᠡ᠃
      ᠬᠤᠷᠠᠯ ᠠᠴᠠ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠤᠶᠢᠵᠢᠭᠤᠯᠤᠨ ᠬᠥᠭᠵᠢᠭᠡᠬᠦ ᠨᠢ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ᠂ ᠪᠦᠬᠦ ᠵᠢᠯ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ᠃ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠠᠴᠠ ᠪᠠᠨ ᠡᠭᠦᠰᠴᠦ᠂ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠬᠦ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠰᠬᠠᠯ ᠴᠢᠩᠭ᠎ᠠ ᠪᠠᠶᠢᠭ᠎ᠠ ᠲᠦᠭᠵᠢᠷᠡᠯ ᠠᠰᠠᠭᠤᠳᠠᠯ᠂ ᠡᠪᠡᠷᠰᠢᠶᠡᠯ ᠠᠰᠠᠭᠤᠳᠠᠯ᠂ ᠬᠦᠴᠢᠷᠳᠡᠯ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠤᠷᠤᠬᠤ ᠶᠢ ᠵᠥᠪᠰᠢᠶᠡᠷᠡᠬᠦ ᠪᠠᠷᠢᠮᠵᠢᠶ᠎ᠠ ᠶᠢ ᠴᠢᠨᠠᠭᠰᠢᠳᠠ ᠴᠢᠯᠦᠭᠡᠳᠠᠢ ᠪᠤᠯᠭᠠᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠵᠤ᠂ ︽ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ︾᠎ ᠢ ᠵᠣᠬᠢᠶᠠᠨ ᠪᠠᠶᠢᠭᠤᠯᠵᠦ ᠬᠡᠷᠡᠭᠵᠢᠭᠦᠯᠬᠦ ᠪᠠ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠲᠤᠪᠤᠶᠢᠮ᠎ᠠ ᠪᠠᠶᠢᠷᠢᠨ ᠳᠤ ᠲᠠᠯᠪᠢᠨ ᠰᠠᠶᠢᠲᠤᠷ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠡᠯ᠎ᠡ ᠬᠦᠷᠢᠶ᠎ᠠ ᠴᠠᠷᠠᠭᠠᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢᠵᠢᠯ ᠤᠨ ᠠᠷᠭ᠎ᠠ ᠪᠠᠷᠢᠯ ᠢᠶᠠᠷ ᠥᠭᠡᠷᠡᠴᠢᠯᠡᠯᠲᠡ ᠶᠢ ᠬᠠᠤᠯᠢ ᠶᠣᠰᠣᠭᠠᠷ ᠡᠮᠬᠢ ᠲᠢᠭᠯᠢᠮ ᠲᠠᠢ ᠠᠬᠢᠭᠤᠯᠬᠤ ᠶᠢ ᠪᠠᠲᠤᠯᠠᠵᠤ᠂ ᠤᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠪᠥᠭᠡᠳ ᠳᠥᠭᠦᠮ ᠲᠦᠷᠬᠡᠨ ᠪᠠᠶᠢᠬᠤ ᠶᠢ ᠠᠬᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ︽ᠨᠢᠭᠡ ᠰᠦᠯᠵᠢᠶ᠎ᠡ ᠪᠠᠷ ᠭᠦᠢᠴᠡᠳᠬᠡᠬᠦ︾᠂

︽ᠠᠯᠠᠭᠠᠨ ᠳᠡᠭᠡᠷ᠎ᠡ ᠭᠦᠢᠴᠡᠳᠬᠡᠬᠦ︾᠂ ︽ᠨᠢᠭᠡ ᠯᠡ ᠤᠳᠠᠭ᠎ᠠ ᠳᠤ ᠭᠦᠢᠴᠡᠳᠬᠡᠬᠦ︾᠂ ︽ᠲᠠᠨ ᠳᠤ ᠬᠠᠪᠰᠤᠷᠤᠨ ᠭᠦᠢᠴᠡᠳᠬᠡᠬᠦ︾ ᠲᠠᠯ᠎ᠠ ᠪᠠᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠠᠪᠴᠤ᠂ ︽ᠦᠢᠯᠡᠴᠢᠯᠡᠭᠡ ᠨᠢ ᠬᠠᠯᠠᠭᠤᠮᠰᠤᠭ᠂ ᠠᠵᠢᠯ ᠶᠠᠪᠤᠳᠠᠯ ᠬᠦᠢᠴᠡᠳᠬᠡᠬᠦ ᠨᠢ ᠲᠦᠷᠭᠡᠨ︾ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠬᠡᠷᠡᠭᠲᠡᠶ᠃ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠰᠠᠶᠢᠲᠤᠷ ᠦᠢᠯᠡᠴᠢᠯᠡᠵᠦ᠂ ᠲᠡᠭᠦᠨ ᠤ ᠰᠢᠨ᠎ᠡ ᠶᠢ ᠡᠭᠦᠳᠴᠤ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃
      ᠬᠤᠷᠠᠯ ᠠᠴᠠ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠪᠥᠲᠥᠭᠡᠨ ᠪᠠᠶᠢᠭᠤᠯᠬᠤ ᠳᠤ ᠶᠡᠷᠦᠩᠬᠡᠶ ᠱᠦᠵᠢ ᠰᠢ ᠶᠢᠨ ᠫᠢᠩ ᠤᠨ

︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ ᠵᠢᠴᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠣᠬᠢᠷᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠲᠤᠷᠰᠢᠯᠲᠠ ᠶᠢᠨ ᠴᠡᠭ ᠤᠨ ᠠᠶᠢᠮᠠᠭ ᠬᠤᠲᠠ᠂ ᠬᠤᠰᠢᠭᠤ ᠰᠢᠶᠠᠨ ᠨᠤᠭᠤᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠦ ᠬᠡᠷᠡᠭᠵᠢᠭᠦᠯᠤᠨ᠂ ᠲᠤᠷᠰᠢᠯᠲᠠ ᠶᠢᠨ ᠠᠵᠢᠯ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠵᠢᠯᠣᠭᠤᠳᠤᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢᠶᠠᠷ ᠳᠠᠮᠵᠢᠨ᠂ ᠠᠵᠢᠯ ᠤᠨ ᠳᠤᠮᠳᠠᠬᠢ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠶ ᠭᠡᠵᠤ ᠴᠢᠬᠤᠯᠠᠴᠢᠯᠠᠪᠠ᠃
      ᠬᠤᠷᠠᠯ ᠠᠴᠠ᠂ ᠵᠠᠮ ᠦᠡᠭᠭᠡᠷᠡᠬᠦ ᠲᠡᠷᠭᠡ ᠬᠦᠰᠭᠡ ᠶᠢᠨ ᠥᠨᠳᠥᠷ ᠤᠨ ᠬᠡᠮᠵᠢᠶ᠎ᠡ ᠪᠤᠯᠤᠨ ᠥᠷᠭᠡᠨ ᠤ ᠬᠡᠮᠵᠢᠶ᠎ᠡ ᠶᠢ ᠬᠢᠵᠠᠭᠠᠷᠯᠠᠬᠤ ᠲᠤᠨᠤᠭ ᠲᠥᠬᠦᠭᠡᠷᠦᠮᠵᠢ ᠪᠠ ᠪᠠᠶᠢᠴᠠᠭᠠᠬᠤ ᠬᠠᠷᠠᠭᠤᠯ ᠤᠨ ᠴᠡᠭ ᠤᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠬᠦ ᠶᠢᠨ ᠵᠣᠷᠢᠯᠭ᠎ᠠ ᠨᠢ ᠵᠠᠰᠠᠮᠠᠯ ᠵᠠᠮ ᠪᠠ ᠬᠤᠲᠠ ᠶᠢᠨ ᠵᠠᠮ ᠤᠨ ᠲᠡᠷᠬᠡ ᠬᠦᠰᠬᠡ ᠨᠡᠪᠲᠡᠷᠡᠬᠦ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠭᠤᠤᠯ ᠵᠠᠮ ᠱᠤᠭᠤᠮ ᠢ ᠨᠡᠪᠲᠡᠷᠡᠭᠦᠯᠦᠨ᠂ ᠰᠠᠯᠪᠤᠷᠢ ᠵᠠᠮ ᠱᠤᠭᠤᠮ ᠢ ᠰᠢᠯᠤᠭᠤᠳᠬᠠᠵᠤ᠂ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮ ᠢ ᠪᠠᠶᠢᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠴᠢᠨᠠᠬᠰᠢᠳᠠ ᠰᠢᠯᠢᠳᠡᠭᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠨ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠶᠤᠮ᠃ ᠤᠯᠤᠰ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠣᠬᠢᠷᠠᠭᠤᠯᠤᠯᠲᠠ ᠶᠢ ᠲᠡᠷᠡ ᠶᠤᠰᠤᠭᠠᠷ ᠨᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠶᠣᠰᠣᠭᠠᠷ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ᠂ ᠲᠥᠷᠥᠯ ᠬᠤᠪᠢᠶᠠᠨ ᠵᠠᠰᠠᠬᠤ᠂ ᠰᠢᠨ᠎ᠡ ᠶᠢ ᠡᠭᠦᠳᠦᠨ ᠬᠥᠲᠥᠯᠦᠨ ᠳᠠᠭᠠᠭᠤᠯᠬᠤ ᠵᠠᠷᠴᠢᠮ ᠢ ᠰᠠᠶᠢᠲᠤᠷ ᠡᠵᠡᠮᠳᠡᠨ᠂ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠶᠢᠨ ᠶᠠᠪᠤᠳᠠᠯ ᠢ ᠰᠠᠶᠢᠲᠤᠷ ᠬᠢᠬᠦ ᠶᠢ ᠦᠨᠡᠨ ᠬᠦ ᠪᠠᠲᠤᠯᠠᠨ᠂ ᠠᠷᠠᠳ ᠣᠯᠠᠨ ᠢ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠶ ᠭᠡᠵᠤ ᠵᠢᠭᠠᠵᠤ ᠭᠠᠷᠭᠠᠪᠠ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ