ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2021 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/6/16

      6 ᠰᠠᠷ᠎ᠠ ᠶᠢᠨ 15᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠪᠸᠢ ᠶᠢᠨ ᠱᠢ ᠶᠠᠨ ᠬᠤᠳᠠ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠤᠨ ᠲᠤᠬᠠᠢ ᠴᠢᠬᠤᠯᠠ ᠵᠢᠭᠠᠪᠤᠷᠢ ᠪᠣᠯᠤᠨ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠪᠦᠬᠦ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠸᠢᠳᠢᠣ᠋ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠲᠤᠬᠠᠢ ᠪᠠᠶᠢᠷᠢᠯᠠᠭᠤᠯᠤᠯᠲᠠ ᠬᠢᠪᠠ᠃
      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ ᠭᠦᠨᠵᠡᠭᠡᠶ ᠣᠶᠢᠯᠠᠭᠠᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠣᠳᠣᠬᠠᠨ ᠤ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠤᠯᠤᠰ ᠲᠦᠷᠦ ᠶᠢᠨ ᠲᠠᠯ᠎ᠠ ᠠᠴᠠ ᠦᠨᠡᠨ ᠬᠦ ᠲᠠᠨᠢᠵᠤ ᠡᠵᠡᠮᠰᠢᠬᠦ ᠬᠡᠷᠡᠭᠲᠡᠶ᠃ ᠬᠤᠪᠸᠢ ᠶᠢᠨ ᠱᠢ ᠶᠠᠨ ᠬᠤᠳᠠ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠪᠣᠯᠤᠨ ᠤᠢᠢᠷ᠎ᠠ ᠶᠢᠨ ᠬᠤᠭᠤᠴᠠᠭᠠᠨ ᠳᠤ ᠪᠦᠬᠦ ᠤᠯᠤᠰ ᠤᠨ ᠤᠯᠠᠨ ᠭᠠᠵᠠᠷ ᠲᠤ ᠭᠠᠷᠤᠭᠰᠠᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠤᠯᠤᠰ ᠲᠦᠷᠦ ᠶᠢᠨ ᠰᠡᠷᠭᠡᠭ ᠴᠢᠨᠠᠷ ᠪᠣᠯᠤᠨ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠨᠢᠭᠡ ᠠᠴᠠ ᠨᠦᠬᠦᠭᠡ ᠶᠢ ᠵᠦᠢᠴᠢᠯᠡᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠡᠷᠡᠰ ᠬᠠᠮᠠᠭᠠᠯᠠᠨ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠬᠤᠲᠠ ᠶᠢᠨ ᠶᠠᠪᠤᠳᠠᠯ ᠤᠨ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠤᠲᠠ ᠪᠠᠯᠭᠠᠰᠤᠨ ᠤ ᠪᠠᠶᠢᠭᠠᠯᠢ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠶᠢ ᠬᠦᠴᠦᠯᠡᠨ ᠠᠬᠢᠭᠤᠯᠵᠤ᠂ ᠬᠤᠲᠠ ᠪᠠᠯᠭᠠᠰᠤᠨ ᠤ ᠪᠠᠶᠢᠭᠠᠯᠢ ᠶᠢᠨ ᠰᠢᠲᠠᠮᠠᠬᠠᠶ ᠬᠡᠶ ᠵᠡᠷᠭᠡ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠠᠵᠢᠯᠯᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠶ ᠬᠠᠩᠭᠠᠬᠤ ᠬᠠᠭᠤᠴᠢᠨ ᠬᠤᠭᠤᠯᠠᠶ ᠶᠢᠨ ᠲᠤᠤᠷ ᠢ ᠥᠭᠡᠷᠡᠴᠢᠯᠡᠨ ᠰᠠᠶᠢᠵᠢᠷᠠᠭᠤᠯᠬᠤ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠬᠤᠲᠠ ᠶᠢᠨ ︽ᠠᠮᠢ ᠨᠠᠰᠤᠨ ᠤ ᠱᠤᠭᠤᠮ︾᠎ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠣᠷᠣᠨ ᠤ ᠠᠮᠤᠷ ᠲᠦᠪᠰᠢᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠨ ᠴᠢᠩᠭ᠎ᠠ ᠠᠳᠬᠤᠵᠤ ᠪᠣᠳᠠᠲᠠᠶ ᠠᠳᠬᠤᠨ ᠰᠠᠶᠢᠲᠤᠷ ᠠᠳᠬᠤᠬᠤ ᠶᠢ ᠪᠠᠷᠢᠮᠳᠠᠯᠠᠨ᠂ ᠠᠶᠤᠯᠲᠠᠶ ᠬᠢᠮᠢ ᠶᠢᠨ ᠪᠣᠳᠠᠰ᠂ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ᠂ ᠲᠡᠮᠦᠷᠯᠢᠭ ᠪᠣᠯᠪᠠᠰᠤᠷᠠᠭᠤᠯᠬᠤ᠂ ᠪᠠᠷᠢᠯᠭ᠎ᠠ ᠪᠠᠷᠢᠬᠤ᠂ ᠵᠠᠮ ᠲᠡᠭᠡᠭᠡᠪᠦᠷᠢ᠂ ᠭᠠᠯ ᠲᠦᠢᠮᠡᠷ ᠢ ᠰᠡᠷᠭᠡᠶᠢᠯᠡᠬᠦ ᠵᠡᠷᠭᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠦᠷᠭᠦᠯᠵᠢᠯᠡᠨ ᠣᠨᠢᠨ ᠳᠡᠭᠡᠷ᠎ᠡ ᠨᠢ ᠬᠦᠴᠦᠯᠡᠵᠦ᠂ ᠰᠢᠷᠦᠭᠦᠨ ᠪᠣᠷᠣᠭᠠᠨ᠂ ᠠᠭᠤᠯᠠᠨ ᠦᠶᠡᠷ ᠵᠡᠷᠭᠡ ᠪᠠᠶᠢᠭᠠᠯᠢ ᠶᠢᠨ ᠭᠠᠮᠰᠢᠭ ᠢ ᠠᠷᠭᠠᠴᠡᠭᠠᠬᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠡᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠣᠭᠲᠡᠴᠡ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠠᠨ ᠲᠦᠮᠡᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠨ᠂ ᠭᠠᠯ ᠰᠡᠷᠭᠡᠶᠢᠯᠡᠨ ᠭᠠᠯ ᠤᠨᠲᠠᠷᠠᠭᠠᠬᠤ ᠵᠢᠯᠤᠭᠤᠳᠤᠬᠴᠢ ᠪᠠᠶᠢᠯᠳᠤᠭᠴᠢ᠂ ᠣᠷᠣᠨ ᠨᠤᠲᠤᠭ ᠤᠨ ᠲᠤᠰᠬᠠᠢ ᠠᠪᠤᠷᠠᠨ ᠲᠤᠰᠠᠯᠠᠬᠤ ᠠᠵᠢᠯᠳᠠᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠰᠢᠢᠳᠪᠦᠷᠢᠯᠡᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠠᠳᠡᠯ ᠭᠠᠷᠤᠮᠠᠭᠴᠠ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠠᠮᠤᠷ ᠲᠦᠪᠰᠢᠨ ᠢᠶᠠᠷ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠪᠦᠬᠦ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠢ ᠬᠠᠮᠲᠤ ᠪᠠᠷ ᠵᠠᠰᠠᠬᠤ ᠪᠠᠶᠢᠷᠢᠰᠢᠯ ᠢ ᠪᠠᠶᠢᠭᠤᠯᠤᠨ ᠪᠦᠷᠢᠯᠳᠦᠭᠦᠯᠵᠦ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ︽54 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯ ᠢ ᠲᠣᠬᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ︾᠎ ᠶᠢ ᠬᠢᠨᠠᠨ ᠵᠥᠪᠯᠡᠵᠦ ᠪᠠᠲᠤᠯᠠᠪᠠ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ