ᠥᠪᠡᠷᠲᠡᠭᠡᠨ ᠵᠠᠰᠠᠬᠤ ᠣᠷᠣᠨ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/23
      6 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠠᠶᠤᠯ ᠥᠬᠡᠶ ᠦᠶᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠭᠤᠯᠵᠤ᠂ ᠬᠤᠪᠧᠶ ᠮᠤᠵᠢ ᠶᠢᠨ ᠱᠢ ᠶᠠᠨ ᠬᠤᠲᠠ ᠶᠢᠨ ᠰᠢᠲᠠᠮᠠᠬᠠᠶ ᠬᠡᠶ ᠳᠡᠯᠪᠡᠷᠡᠭᠰᠡᠨ ᠠᠳᠡᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠵᠢᠴᠢ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ᠂ ᠪᠥᠬᠦ ᠤᠯᠤᠰ ᠤᠨ ᠠᠶᠤᠯ ᠥᠬᠡᠶ ᠦᠶᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠶᠤᠯ ᠥᠬᠡᠶ ᠦᠶᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ  ᠢ ᠲᠤᠬᠢᠷᠠᠭᠤᠯᠤᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠯᠢ ᠪᠢᠩ ᠷᠦᠩ᠂ ᠪᠣᠤ ᠭᠠᠩ᠂ ᠬᠤᠸᠠᠩ ᡁᠢ ᠴᠢᠶᠠᠩ᠂ ᠾᠧᠩ ᠰᠢᠶᠤᠤ ᠹᠠᠨ ᠬᠤᠷᠠᠯ ᠳᠤ ᠣᠷᠤᠯᠴᠠᠵᠠᠢ᠃      ᠬᠤᠷᠠᠯ ᠳᠤ ᠱᠠᠭᠠᠷᠳᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ᠂ ᠣᠳᠣᠬᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠤᠶᠢᠯ  ᠤᠨ ᠴᠢᠬᠤᠯᠠ ᠴᠢᠨᠠᠷ ᠢ ᠤᠯᠤᠰ ᠲᠦᠷᠦ ᠶᠢᠨ ᠲᠠᠯ᠎ᠠ ᠪᠠᠷ ᠦᠨᠡᠨ ᠬᠦ ᠲᠠᠨᠢᠨ ᠡᠵᠡᠮᠰᠢᠬᠦ ᠬᠡᠷᠡᠭᠲᠡᠢ᠂ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠨᠢᠭᠡ ᠠᠴᠠ ᠨᠥᠭᠦᠭᠡ ᠶᠢ ᠮᠡᠳᠡᠨ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠳᠠᠯᠳᠠ ᠭᠡᠮ ᠤᠳ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠳᠲᠡᠷ ᠲᠦᠷᠭᠡᠨ ᠥᠷᠨᠢᠭᠦᠯᠬᠦ ᠬᠡᠷᠡᠭᠲᠡᠶ᠂ ᠢᠯᠠᠩᠭᠤᠶ᠎ᠠ ᠬᠤᠲᠠ ᠶᠢᠨ ᠰᠢᠲᠠᠮᠠᠭᠠᠢ ᠬᠡᠢ ᠬᠠᠩᠭᠠᠬᠤ ᠬᠠᠭᠤᠴᠢᠨ ᠬᠤᠭᠤᠯᠠᠶ ᠨᠤᠭᠤᠳ ᠢ ᠥᠭᠡᠷᠡᠴᠢᠯᠡᠬᠦ ᠶᠢ ᠴᠢᠬᠤᠯᠠ ᠠᠴᠠ ᠴᠢᠬᠤᠯᠠ ᠠᠵᠢᠯ ᠪᠣᠯᠭᠠᠬᠤ ᠬᠡᠷᠡᠭᠲᠡᠶ᠂ ᠬᠤᠲᠠ ᠶᠢᠨ ᠳᠤᠮᠳᠠᠬᠢ ᠲᠣᠰᠬᠤᠨ᠂ ᠬᠠᠭᠤᠴᠢᠨ ᠬᠤᠷᠢᠶᠠᠯᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤ ᠵᠡᠭᠡᠯᠢ ᠵᠡᠷᠭᠡ ᠨᠡᠯᠢᠶᠡᠳ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠭᠠᠵᠠᠷ ᠤᠳ ᠲᠤ ᠪᠦᠬᠦ ᠲᠠᠯ᠎ᠠ ᠶᠢᠨ ᠵᠢᠭᠰᠠᠭᠠᠨ ᠪᠠᠶᠢᠴᠠᠭᠠᠯᠲᠠ ᠴᠡᠭᠴᠡᠯᠡᠨ ᠵᠠᠰᠠᠯᠲᠠ ᠬᠢᠬᠦ ᠪᠠᠨ ᠴᠢᠩᠭᠠᠳᠬᠠᠬᠤ ᠬᠡᠷᠡᠭᠲᠡᠶ᠂ ᠭᠤᠷᠪᠠᠨ ᠵᠢᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠰᠢᠪᠲᠤᠯᠬᠤ ᠶᠢ ᠭᠦᠨᠵᠡᠭᠡᠢ ᠥᠷᠨᠢᠭᠦᠯᠬᠦ ᠬᠡᠷᠡᠭᠲᠡᠢ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠬᠦ ᠪᠠᠨ ᠲᠦᠷᠭᠡᠳᠬᠡᠵᠦ᠂ ᠬᠠᠤᠯᠢ ᠬᠡᠷᠡᠭᠵᠢᠭᠦᠯᠬᠦ ᠶᠢ ᠴᠢᠩᠭ᠎ᠠ ᠬᠢᠨᠠᠨ ᠬᠠᠮᠢᠶᠠᠷᠤᠨ᠂ ᠡᠯ᠎ᠡ ᠲᠥᠷᠥᠯ ᠤᠨ ᠣᠨᠴᠠ ᠶᠡᠭᠡ ᠠᠳᠡᠯ ᠭᠠᠷᠬᠤ ᠶᠢ ᠡᠷᠡᠰ ᠴᠢᠩᠭ᠎ᠠ ᠰᠡᠷᠭᠡᠶᠢᠯᠡᠬᠦ ᠬᠡᠷᠡᠭᠲᠡᠢ᠃《 ᠭᠤᠷᠪᠠᠨ ᠡᠷᠬᠡᠪᠰᠢ 》 ᠶᠢᠨ ᠱᠠᠭᠠᠷᠳᠠᠯᠭ᠎ᠠ ᠶᠣᠰᠣᠭᠠᠷ᠂ ᠡᠯ᠎ᠡ ᠲᠠᠯ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢ ᠪᠠᠲᠤᠯᠠᠨ ᠠᠮᠤᠷ ᠲᠣᠭᠲᠠᠭᠤᠨ ᠢ ᠬᠠᠮᠠᠭᠠᠯᠠᠬᠤ ᠪᠣᠳᠠᠲᠤ ᠦᠷ᠎ᠡ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠯ᠎ᠡ᠃  
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ