ᠨᠠᠮ ᠤᠨ ᠳᠣᠯᠤᠳᠤᠭᠠᠷ ᠶᠡᠭᠡ ᠬᠤᠷᠠᠯ / 1945 ᠣᠨ / ᠶᠠᠨ ᠠᠨ
ᠨᠡᠶᠢᠲᠡᠯᠡᠭᠰᠡᠨ ᠴᠠᠭ᠄
2021/6/28
      1945 ᠣᠨ ᠤ 4 ᠰᠠᠷ᠎ᠠ ᠶᠢᠨ 23᠎ ᠤ ᠡᠳᠦᠷ ᠠᠴᠠ 6 ᠰᠠᠷ᠎ᠠ ᠶᠢᠨ 11᠎ ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠶᠠᠨ ᠠᠨ ᠳᠤ ᠬᠤᠷᠠᠯᠳᠤᠪᠠ᠃ ᠳᠣᠯᠣᠳᠤᠭᠠᠷ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ ᠨᠡᠶᠢᠲᠡ 755 ᠬᠥᠮᠦᠨ ᠪᠠᠶᠢᠵᠤ᠂ ᠡᠭᠦᠨ ᠤ ᠳᠣᠲᠣᠷ᠎ᠠ ᠵᠢᠩᠬᠢᠨᠢ ᠲᠥᠯᠥᠭᠡᠯᠡᠭᠴᠢ 547 ᠬᠥᠮᠦᠨ᠂ ᠣᠷᠣᠯᠠᠭᠴᠢ ᠲᠥᠯᠥᠭᠡᠯᠡᠭᠴᠢ 208 ᠬᠥᠮᠦᠨ ᠪᠠᠶᠢᠵᠤ᠂ ᠪᠥᠬᠦ ᠨᠠᠮ ᠤᠨ 121 ᠲᠦᠮᠡᠨ ᠨᠠᠮ ᠤᠨ ᠭᠡᠰᠢᠭᠦᠨ ᠢ ᠲᠥᠯᠥᠭᠡᠯᠡᠪᠡ᠃ ᠶᠡᠭᠡ ᠬᠤᠷᠠᠯ ᠤᠨ ᠨᠢᠭᠡᠨ ᠴᠢᠬᠤᠯᠠ ᠶᠡᠭᠡ ᠲᠡᠦᠬᠡᠨ ᠭᠠᠪᠢᠶ᠎ᠠ ᠵᠢᠳᠬᠦᠯ ᠪᠣᠯ ᠨᠠᠮ ᠤᠨ ᠤᠯᠤᠰ ᠲᠦᠷᠦ ᠶᠢᠨ ᠱᠣᠭᠤᠮ ᠢ ᠲᠣᠭᠲᠠᠭᠠᠭᠰᠠᠨ ᠶᠠᠪᠤᠳᠠᠯ ᠪᠣᠯᠤᠨ᠎ᠠ᠃ ᠳᠠᠷᠤᠢ ︽ᠣᠯᠠᠨ ᠲᠦᠮᠡᠨ ᠢ ᠵᠣᠷᠢᠭᠲᠠᠢ ᠳᠠᠶᠢᠴᠢᠯᠠᠨ᠂ ᠠᠷᠠᠳ ᠤᠨ ᠬᠦᠴᠦᠨ ᠢ ᠪᠤᠵᠠᠭᠠᠶᠢᠷᠠᠭᠤᠯᠵᠤ᠂ ᠮᠠᠨ ᠤ ᠨᠠᠮ ᠤᠨ ᠤᠳᠤᠷᠢᠳᠤᠯᠭ᠎ᠠ ᠳᠣᠣᠷ᠎ᠠ᠂ ᠶᠠᠫᠣᠨ ᠤ ᠳᠦᠷᠢᠮᠡᠬᠡᠶᠢᠯᠡᠭᠴᠢᠳ ᠢ ᠴᠣᠬᠢᠨ ᠢᠯᠠᠵᠤ᠂ ᠪᠦᠬᠦ ᠤᠯᠤᠰ ᠤᠨ ᠠᠷᠠᠳ ᠲᠦᠮᠡᠨ ᠢ ᠴᠢᠯᠦᠭᠡᠯᠡᠨ᠂ ᠨᠢᠭᠡᠨ ᠰᠢᠨ᠎ᠡ ᠠᠷᠠᠳᠴᠢᠯᠠᠭᠰᠠᠨ ᠶᠣᠰᠤᠨ ᠤ ᠳᠤᠮᠳᠠᠳᠤ ᠤᠯᠤᠰ ᠢ ᠪᠠᠶᠢᠭᠤᠯᠤᠨ᠎ᠠ︾᠃ ᠨᠠᠮ ᠤᠨ ᠳᠣᠯᠤᠳᠤᠭᠠᠷ ᠶᠡᠭᠡ ᠬᠤᠷᠠᠯ ᠤᠨ ᠪᠠᠰᠠ ᠨᠢᠭᠡ ᠲᠡᠦᠬᠡᠲᠦ ᠴᠢᠨᠠᠷᠲᠠᠢ ᠬᠤᠪᠢ ᠨᠡᠮᠡᠷᠢ ᠪᠣᠯ ᠮᠠᠤ ᠽᠧ ᠳ᠋ᠦᠩ ᠤᠨ ᠦᠵᠡᠯ ᠰᠠᠨᠠᠭ᠎ᠠ ᠶᠢ ᠨᠠᠮ ᠤᠨ ᠵᠢᠯᠤᠭᠤᠳᠬᠤ ᠦᠵᠡᠯ ᠰᠠᠨᠠᠭ᠎ᠠ ᠪᠣᠯᠭᠠᠨ ᠵᠢᠩᠬᠢᠨᠢ ᠪᠠᠷ ᠲᠣᠭᠲᠠᠭᠠᠭᠰᠠᠨ ᠪᠦᠭᠡᠳ ᠨᠠᠮ ᠤᠨ ᠳᠦᠷᠢᠮ ᠳᠤ ᠪᠢᠴᠢᠨ ᠣᠷᠤᠭᠤᠯᠵᠤ᠂ ᠡᠨᠡ ᠨᠢ ᠮᠠᠷᠺᠰ ᠯᠧᠨᠢᠨ ᠤ ᠦᠵᠡᠯ ᠤᠨ ᠦᠨᠳᠦᠰᠦᠨ ᠤᠭ ᠶᠣᠰᠤ ᠶᠢ ᠳᠤᠮᠳᠠᠳᠤ ᠤᠯᠤᠰ ᠤᠨ ᠬᠤᠪᠢᠰᠬᠠᠯ ᠤᠨ ᠪᠤᠲᠠᠲᠠᠢ ᠲᠠᠢ ᠤᠶᠠᠯᠳᠤᠭᠤᠯᠬᠤ ᠶᠠᠪᠤᠴᠠ ᠳᠤᠮᠳᠠᠬᠢ ᠠᠩᠬᠠᠨ ᠤ ᠲᠡᠦᠬᠡᠨ ᠦᠰᠦᠷᠦᠯᠲᠡ ᠪᠣᠯᠤᠨ᠎ᠠ᠃
中共七大.jpg
ᠢᠷᠡᠯᠲᠡ᠄ ᠠᠷᠠᠳ ᠤᠨ ᠰᠦᠯᠵᠢᠶ᠎ᠡ