ᠨᠠᠮ ᠤᠨ ᠨᠠᠢᠮᠠᠳᠤᠭᠠᠷ ᠶᠡᠭᠡ ᠬᠤᠷᠠᠯ / 1956 ᠣᠨ/ ᠪᠡᠭᠡᠵᠢᠩ
ᠨᠡᠶᠢᠲᠡᠯᠡᠭᠰᠡᠨ ᠴᠠᠭ᠄
2021/6/28
      ᠶᠡᠭᠡ ᠬᠤᠷᠠᠯ ᠠᠴᠠ ᠨᠡᠶᠢᠭᠡᠮ ᠵᠢᠷᠤᠮ ᠤᠨ ᠥᠭᠡᠷᠡᠴᠢᠯᠡᠯᠲᠡ ᠶᠢ ᠦᠨᠳᠦᠰᠦᠨ ᠳᠤ ᠪᠠᠨ ᠪᠡᠶᠡᠯᠡᠭᠦᠯᠦᠭᠰᠡᠨ ᠤ ᠳᠠᠷᠠᠭᠠᠬᠢ ᠤᠯᠤᠰ ᠤᠨ ᠳᠣᠲᠣᠭᠠᠳᠤ ᠶᠢᠨ ᠭᠤᠣᠯ ᠵᠥᠷᠢᠴᠡᠯ ᠳᠤ ᠰᠢᠨᠵᠢᠯᠡᠬᠦ ᠤᠬᠠᠭᠠᠨᠴᠢ ᠮᠠᠭᠠᠳᠯᠠᠯᠲᠠ ᠬᠢᠪᠡ︔ ᠤᠯᠤᠰ ᠲᠦᠷᠦ᠂ ᠠᠵᠤ ᠠᠬᠤᠶ᠂ ᠰᠣᠶᠣᠯ ᠪᠠ ᠭᠠᠳᠠᠭᠠᠳᠤ ᠬᠠᠷᠢᠯᠴᠠᠭᠠᠨ ᠤ ᠠᠵᠢᠯ ᠤᠨ ᠴᠢᠭᠯᠡᠯᠲᠡ ᠨᠦᠭᠦᠳ ᠢ ᠲᠣᠭᠲᠠᠭᠠᠪᠠ︔ ᠶᠡᠭᠡ ᠬᠤᠷᠠᠯ ᠠᠴᠠ ᠪᠠᠲᠤᠯᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾᠎ ᠳᠤ ᠲᠦᠷᠦ ᠪᠠᠷᠢᠭᠴᠢ ᠨᠠᠮ ᠤᠨ ᠣᠨᠴᠠᠯᠢᠭ ᠢ ᠢᠯᠡᠷᠡᠭᠦᠯᠵᠦ᠂ ᠨᠠᠮ ᠤᠨ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠪᠠ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠴᠢᠬᠤᠯᠠᠴᠢᠯᠠᠵᠤ᠂ ᠪᠦᠬᠦ ᠤᠯᠤᠰ᠂ ᠮᠤᠵᠢ᠂ ᠰᠢᠶᠠᠨ ᠤ ᠱᠠᠲᠤᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠪᠠᠶᠢᠩᠭᠤ ᠶᠢᠨ ᠲᠤᠰᠢᠶᠠᠯ ᠤᠨ ᠲᠦᠷᠢᠮ ᠢ ᠬᠡᠷᠡᠭᠵᠢᠭᠦᠯᠦᠨ᠎ᠡ ᠭᠡᠵᠦ ᠲᠣᠭᠲᠠᠭᠠᠵᠠᠶ᠃ ᠶᠡᠭᠡ ᠬᠤᠷᠠᠯ ᠠᠴᠠ ︽ᠤᠯᠤᠰ ᠲᠦᠷᠦ ᠶᠢᠨ ᠢᠯᠡᠳᠬᠡᠯ ᠤᠨ ᠲᠤᠬᠠᠶ ᠰᠢᠢᠳᠪᠦᠷᠢ︾ ᠪᠠ ︽ᠤᠯᠤᠰ ᠠᠷᠠᠳ ᠤᠨ ᠠᠵᠤ ᠠᠬᠤᠶ ᠶᠢ ᠬᠥᠭᠵᠢᠭᠦᠯᠬᠦ ᠬᠤᠶᠠᠳᠤᠭᠠᠷ ᠲᠠᠪᠤᠨ ᠵᠢᠯ ᠤᠨ ᠲᠥᠯᠥᠪᠯᠡᠭᠡᠨ ᠤ ᠲᠤᠬᠠᠶ ᠰᠠᠨᠠᠭᠤᠯᠭ᠎ᠠ︾᠎ ᠶᠢ ᠪᠠᠲᠤᠯᠠᠪᠠ᠃
党的八大.jpg
ᠢᠷᠡᠯᠲᠡ᠄ ᠠᠷᠠᠳ ᠤᠨ ᠰᠦᠯᠵᠢᠶ᠎ᠡ