ᠦᠪᠡᠷᠲᠡᠭᠡᠨ ᠵᠠᠰᠠᠬᠤ ᠣᠷᠣᠨ ᠤ ᠮᠤᠵᠢ ᠶᠢᠨ ᠲᠡᠰ ᠤᠨ ᠤᠳᠤᠷᠢᠳᠤᠯᠭ᠎ᠠ ︽ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠠ — ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ︾ ᠢ ᠲᠤᠭᠤᠷᠢᠨ ᠦᠵᠡᠵᠠᠢ  ᠱᠢ ᠲᠠᠢ ᠹᠧᠩ  ᠯᠢ ᠰᠢᠤ ᠯᠢᠩ ᠣᠷᠣᠯᠴᠠᠪᠠ
ᠨᠡᠶᠢᠲᠡᠯᠡᠭᠰᠡᠨ ᠴᠠᠭ᠄
2021/6/29

      6 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠵᠡᠷᠭᠡ ᠮᠤᠵᠢ ᠶᠢᠨ ᠲᠡᠰ ᠤᠨ ᠤᠳᠤᠷᠢᠳᠤᠯᠭ᠎ᠠ ᠨᠠᠷ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ᠂ ︽ᠤᠭ ᠰᠠᠨᠠᠭ᠎ᠠ ᠪᠠᠨ ᠦᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠠ︾ ᠬᠡᠮᠡᠬᠦ ᠭᠤᠣᠯ ᠰᠡᠳᠦᠪᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ ᠢ ᠲᠣᠭᠤᠷᠢᠨ ᠦᠵᠡᠵᠡᠭᠡᠪᠡ᠃


0629自治区省级领导参观“不忘初心牢记使命——中国共产党历史展览”.jpg


      ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠱᠢ ᠲᠠᠢ ᠹᠧᠩ᠂ ᠯᠢ ᠰᠢᠤ ᠯᠢᠩ ᠵᠡᠷᠭᠡ ᠮᠤᠵᠢ ᠶᠢᠨ ᠲᠡᠰ ᠤᠨ ᠤᠳᠤᠷᠢᠳᠤᠯᠭ᠎ᠠ ᠦᠵᠡᠰᠭᠦᠯᠡᠩ ᠤᠨ ᠲᠤᠭᠤᠷᠢᠭ ᠲᠤ ᠬᠦᠷᠴᠤ᠂ ᠮᠠᠨ ᠤ ᠨᠠᠮ ᠤᠨ ᠰᠦᠷ ᠳᠠᠯᠠᠶᠢᠴᠠᠲᠠᠢ ᠵᠠᠭᠤᠨ ᠵᠢᠯ ᠤᠨ ᠲᠡᠦᠬᠡᠨ ᠥᠩᠭᠡᠷᠡᠯᠲᠡ ᠶᠢ ᠰᠣᠨᠣᠰᠴᠤ ᠣᠶᠢᠯᠠᠭᠠᠪᠠ᠃ ᠦᠵᠡᠰᠬᠦᠯᠡᠩ ᠨᠢ

︽ᠳᠤᠮᠳᠠᠳᠤ ᠤᠯᠤᠰ ᠤᠨ ᠡᠪ ᠬᠠᠮᠲᠤ ᠨᠠᠮ ᠢ ᠪᠠᠶᠢᠭᠤᠯᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠤᠭᠰᠠᠨ ᠨᠢ︾᠂

︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ᠂ ᠨᠡᠶᠢᠭᠡᠮ ᠵᠢᠷᠤᠮᠲᠤ ᠬᠤᠪᠢᠰᠬᠠᠯ ᠪᠣᠯᠤᠨ ᠪᠦᠳᠦᠬᠡᠨ ᠪᠠᠶᠢᠭᠤᠯᠤᠯᠲᠠ ᠬᠢᠭᠰᠡᠨ ᠨᠢ︾᠂

︽ᠥᠭᠡᠷᠡᠴᠢᠯᠡᠯᠲᠡ ᠨᠡᠬᠡᠬᠡᠯᠳᠡ ᠬᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠭᠡᠭᠡᠨ ᠬᠥᠭᠵᠢᠭᠦᠯᠦᠭᠰᠡᠨ ᠨᠢ︾᠂ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠣᠷᠣᠬᠤ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠭᠰᠡᠨ ᠨᠢ︾ ᠵᠡᠷᠭᠡ ᠳᠦᠷᠪᠡᠨ ᠬᠡᠰᠡᠭ ᠢᠶᠠᠷ ᠪᠦᠷᠢᠯᠳᠦᠵᠡᠢ᠃ 1300 ᠭᠠᠷᠤᠢ ᠬᠡᠷᠡᠯ ᠵᠢᠷᠤᠭ ᠵᠢᠷᠤᠭ ᠬᠦᠰᠦᠨᠦᠭᠲᠦ ᠦᠰᠦᠭ ᠪᠢᠴᠢᠭ ᠤᠨ ᠲᠠᠨᠢᠯᠴᠠᠭᠤᠯᠭ᠎ᠠ᠂ 200 ᠰᠢᠬᠠᠮ ᠪᠤᠳᠠᠳᠠᠢ ᠡᠳ᠋ ᠪᠣᠳᠠᠰ ᠤᠨ ᠳᠡᠯᠭᠡᠨ ᠦᠵᠡᠬᠦᠯᠭᠡ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠵᠠᠭᠤᠨ ᠵᠢᠯ ᠤᠨ ᠭᠡᠷᠡᠯ ᠰᠠᠴᠤᠷᠠᠩᠭᠤᠢ ᠠᠮᠵᠢᠯᠳᠠ ᠶᠢ ᠡᠬᠦᠳᠦᠭᠰᠡᠨ ᠰᠦᠷ ᠲᠠᠯᠠᠶᠢᠴᠠᠳᠠᠢ ᠦᠩᠬᠡᠷᠡᠯᠳᠡ ᠶᠢ ᠬᠠᠷᠠᠭᠤᠯᠤᠭᠰᠠᠨ ᠪᠠᠶᠢᠨ᠎ᠠ᠃ ᠣᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠴᠤ᠂ ᠦᠵᠡᠰᠬᠦᠯᠡᠩ ᠤᠨ ᠡᠮᠦᠨ᠎ᠡ ᠪᠠᠶᠢᠨ ᠪᠠᠶᠢᠨ ᠵᠤᠭᠰᠤᠵᠤ᠂ ᠬᠤᠯᠪᠣᠭᠳᠠᠯ ᠪᠥᠬᠦᠶ ᠪᠠᠶᠢᠳᠠᠯ ᠢ ᠯᠠᠪᠯᠠᠨ ᠠᠰᠠᠭᠤᠵᠤ᠂ ᠦᠵᠡᠯ ᠰᠠᠨᠠᠭ᠎ᠠ ᠲᠥᠷᠥᠭᠳᠡᠯ ᠢᠶᠠᠨ ᠰᠣᠯᠢᠯᠴᠠᠵᠤ᠂ ᠠᠬᠤᠢ ᠲᠠᠯᠠᠪᠠᠶ ᠳᠤ ᠲᠣᠭᠤᠷᠢᠨ ᠦᠵᠡᠬᠦ ᠪᠠᠷ ᠳᠡᠮᠵᠢᠨ᠂ ᠮᠠᠨ ᠤ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠴᠦᠬᠦᠷᠡᠰᠢ ᠦᠭᠡᠢ ᠦᠢᠯᠡᠳᠦᠯᠭᠡᠵᠢᠭᠦᠯᠦᠭᠰᠡᠨ᠂ ᠬᠦᠴᠢᠷ ᠪᠡᠷᠬᠡᠰᠢᠶᠡᠯ ᠢ ᠢᠯᠡᠨ ᠳᠠᠪᠠᠵᠤ ᠰᠠᠭᠤᠷᠢ ᠶᠢ ᠴᠤᠬᠴᠠᠯᠠᠨ ᠦᠢᠯᠡᠰ ᠪᠤᠰᠬᠠᠭᠰᠠᠨ᠂ ᠬᠡᠷᠡᠯ ᠰᠠᠴᠤᠷᠠᠩᠭᠤᠶ ᠠᠮᠵᠢᠯᠲᠠ ᠶᠢ ᠡᠭᠦᠳᠦᠭᠰᠡᠨ᠂ ᠢᠷᠡᠭᠡᠳᠦᠶ ᠳᠤ ᠵᠠᠮ ᠨᠡᠬᠡᠬᠡᠭᠰᠡᠨ ᠵᠠᠭᠤᠨ ᠵᠢᠯ ᠢ ᠡᠷᠭᠢᠴᠡᠭᠦᠯᠵᠦ᠂ ᠤᠯᠠᠭᠠᠨ ᠵᠠᠰᠠᠭ ᠤᠨ ᠬᠢᠯᠪᠠᠷ ᠪᠤᠰᠤ ᠪᠠᠷ ᠢᠷᠡᠭᠰᠡᠨ᠂ ᠰᠢᠨ᠎ᠡ ᠳᠤᠮᠳᠠᠳᠤ ᠤᠯᠤᠰ ᠬᠢᠯᠪᠠᠷ ᠪᠤᠰᠤ ᠪᠠᠷ ᠢᠷᠡᠭᠰᠡᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠬᠢᠯᠪᠠᠷ ᠪᠤᠰᠤ ᠪᠠᠷ ᠢᠷᠡᠭᠰᠡᠨ ᠭᠡᠳᠡᠭ ᠢ ᠨᠠᠩ ᠭᠦᠨᠵᠡᠭᠡᠶ ᠲᠠᠨᠢᠪᠠ᠃




      ᠤᠯᠠᠨ ᠢᠶᠠᠷ ᠢᠶᠠᠨ᠂ ᠪᠡᠶ᠎ᠡ ᠪᠠᠷ ᠢᠶᠠᠨ ᠲᠦᠷᠦᠭᠦᠯᠡᠨ ᠨᠠᠮ ᠤᠨ ᠲᠡᠮᠡᠴᠡᠯ ᠤᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠦᠲᠦᠮᠵᠢ ᠪᠠᠷ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ᠴᠢᠭᠯᠡᠯ ᠢᠶᠠᠨ ᠲᠣᠳᠣᠷᠬᠠᠶᠢᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠨ᠂ ᠬᠦᠴᠦᠨ ᠴᠢᠳᠠᠯ ᠢ ᠨᠢᠭᠲᠠᠷᠠᠭᠤᠯᠵᠤ᠂ ᠨᠠᠮ ᠤᠨ ᠦᠢᠯᠡᠳᠦᠯᠭᠡ ᠶᠢᠨ ᠡᠭᠦᠳᠦᠨ ᠪᠦᠲᠦᠭᠡᠯᠲᠡ ᠪᠣᠯᠤᠨ ᠲᠡᠦᠬᠡ ᠶᠢᠨ ᠲᠤᠷᠰᠢᠯᠭ᠎ᠠ ᠪᠠᠷ ᠤᠶᠤᠨ ᠤᠬᠠᠭᠠᠨ ᠢᠶᠠᠨ ᠰᠡᠩᠬᠡᠷᠡᠭᠦᠯᠦᠨ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠪᠦᠬᠦ ᠣᠷᠣᠨ ᠤ ᠨᠠᠮ ᠤᠨ ᠭᠡᠰᠢᠭᠦᠨ ᠺᠠᠳ᠋ᠷ ᠪᠣᠯᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠤᠷᠢᠭᠵᠢᠭᠤᠯᠤᠨ ᠴᠤᠭ ᠪᠠᠳᠠᠷᠠᠩᠭᠤᠢ ᠤᠮᠤᠭ ᠵᠤᠷᠢᠭ ᠬᠡᠭᠦᠳᠡᠭ ᠳᠦᠭᠦᠷᠡᠩ ᠢᠳᠡᠭᠡᠯ ᠵᠤᠷᠢᠭ ᠢᠶᠠᠷ ᠨᠡᠶᠢᠭᠡᠮ ᠵᠢᠷᠤᠮᠳᠤ ᠣᠳᠣᠬᠢᠴᠢᠯᠠᠭᠰᠠᠨ ᠥᠪᠥᠷ ᠮᠣᠩᠭᠤᠯ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠤᠷᠤᠯᠴᠠᠭᠤᠯᠤᠨ᠎ᠠ ᠭᠡᠵᠦ ᠢᠯᠡᠳᠬᠡᠵᠡᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ