ᠨᠠᠮ ᠤᠨ ᠠᠷᠪᠠᠳᠤᠭᠠᠷ ᠶᠡᠭᠡ ᠬᠤᠷᠠᠯ / 1973 ᠣᠨ / ᠪᠡᠭᠡᠵᠢᠩ
ᠨᠡᠶᠢᠲᠡᠯᠡᠭᠰᠡᠨ ᠴᠠᠭ᠄
2021/6/30
      1973 ᠣᠨ ᠤ 8 ᠳ᠋ᠤᠭᠠᠷ ᠰᠠᠷ᠎ᠠ ᠶᠢᠨ 24᠎ ᠤ ᠡᠳᠦᠷ ᠠᠴᠠ 28᠎ ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠶᠡᠭᠡ ᠬᠤᠷᠠᠯ ᠳᠤ 1249 ᠲᠥᠯᠥᠭᠡᠯᠡᠭᠴᠢ ᠣᠷᠣᠯᠴᠠᠪᠠ᠃ ᠲᠤᠬᠠᠶ ᠶᠢᠨ ᠦᠶ᠎ᠡ ᠳᠤ ᠪᠦᠬᠦ ᠤᠯᠤᠰ ᠲᠤ 2800 ᠲᠦᠮᠡᠨ ᠨᠠᠮ ᠤᠨ ᠭᠡᠰᠢᠭᠦᠨ ᠲᠠᠢ ᠪᠠᠶᠢᠵᠠᠶ᠃ ᠵᠧᠦ ᠡᠧᠨ ᠯᠠᠶ ᠤᠯᠤᠰ ᠲᠦᠷᠦ ᠶᠢᠨ ᠢᠯᠡᠳᠬᠡᠯ ᠬᠢᠵᠦ᠂ ᠸᠠᠩ ᠬᠤᠩ ᠸᠧᠨ ︽ᠨᠠᠮ ᠤᠨ ᠲᠦᠷᠢᠮ ᠳᠤ ᠵᠠᠰᠠᠪᠤᠷᠢ ᠣᠷᠣᠭᠤᠯᠬᠤ ᠲᠤᠬᠠᠶ ᠢᠯᠡᠳᠬᠡᠯ︾ ᠬᠢᠪᠡ᠃ ᠶᠡᠭᠡ ᠬᠤᠷᠠᠯ ᠠᠴᠠ ᠤᠯᠤᠰ ᠲᠦᠷᠦ ᠶᠢᠨ ᠢᠯᠡᠳᠬᠡᠯ ᠪᠠ ᠵᠠᠰᠠᠪᠤᠷᠢ ᠣᠷᠣᠭᠤᠯᠤᠭᠰᠠᠨ ᠨᠠᠮ ᠤᠨ ᠲᠦᠷᠢᠮ ᠢ ᠪᠠᠲᠤᠯᠠᠵᠤ᠂ 195 ᠭᠡᠰᠢᠭᠦᠨ ᠪᠠ 124 ᠣᠷᠣᠯᠠᠭᠴᠢ ᠭᠡᠰᠢᠭᠦᠨ ᠢᠶᠠᠷ ᠪᠦᠷᠢᠯᠳᠦᠭᠰᠡᠨ ᠲᠥᠪ ᠬᠤᠷᠢᠶ᠎ᠠ ᠶᠢ ᠰᠣᠩᠭᠤᠪᠠ᠃ ᠠᠷᠪᠠᠳᠤᠭᠠᠷ ᠶᠡᠭᠡ ᠬᠤᠷᠠᠯ ᠶᠢᠰᠦᠳᠦᠭᠡᠷ ᠶᠡᠭᠡ ᠬᠤᠷᠠᠯ ᠤᠨ ︽ᠵᠡᠭᠦᠨ︾᠎ ᠤ ᠠᠯᠳᠠᠭ᠎ᠠ ᠶᠢ ᠦᠷᠭᠦᠯᠵᠢᠯᠡᠭᠦᠯᠪᠡ᠃
党的十大.jpg
ᠢᠷᠡᠯᠲᠡ᠄ ᠠᠷᠠᠳ ᠤᠨ ᠰᠦᠯᠵᠢᠶ᠎ᠡ