ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠰᠢᠯᠢᠳᠡᠭ ᠨᠠᠮ ᠤᠨ ᠠᠵᠢᠯᠲᠠᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ  ᠱᠢ ᠲᠠᠢ ᠹᠧᠩ ᠶᠠᠷᠢᠶ᠎ᠠ ᠲᠠᠯᠪᠢᠵᠤ            ᠪᠦ᠋ ᠰᠢᠶᠤᠤ ᠯᠢᠨ ᠬᠤᠷᠠᠯ ᠢ ᠡᠷᠬᠢᠯᠡᠵᠦ ᠯᠢ ᠰᠢᠤ ᠯᠢᠩ ᠣᠷᠣᠯᠴᠠᠵᠠᠢ
ᠨᠡᠶᠢᠲᠡᠯᠡᠭᠰᠡᠨ ᠴᠠᠭ᠄
2021/6/30

      ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ 100 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ᠂ 6 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠳᠠᠨ ᠪᠣᠯᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠭ ᠰᠠᠨᠠᠭ᠎ᠠ ᠪᠠᠨ ᠥᠯᠥ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠲᠡᠮᠡᠴᠡᠵᠦ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃


0630内蒙古自治区优秀共产党员.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠺᠣᠮᠠᠨᠳ᠋ᠯᠠᠭᠴᠢ᠂ ᠬᠡᠰᠡᠭ ᠮᠤᠵᠢ ᠶᠢᠨ ᠲᠠᠰ ᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠣᠯᠴᠠᠵᠠᠶ᠃


0630内蒙古自治区优秀共产党员2.jpg


      ᠬᠤᠷᠠᠯ ᠤᠨ ᠲᠠᠯᠠᠪᠠᠢ ᠶᠢᠨ ᠭᠤᠣᠯ ᠬᠥᠰᠢᠭᠡ ᠶᠢᠨ ᠲᠥᠪ ᠲᠤ ᠨᠠᠮ ᠤᠨ ᠰᠦᠯᠳᠡ ᠶᠢ ᠥᠨᠳᠥᠷ ᠡᠯᠭᠦᠵᠦ᠂ ᠬᠤᠶᠠᠷ ᠲᠠᠯ᠎ᠠ ᠶᠢᠨ ᠬᠤᠷᠴᠠ ᠤᠯᠠᠭᠠᠨ ᠲᠤᠭ ᠬᠠᠷᠠᠭ᠎ᠠ ᠶᠢ ᠪᠤᠯᠢᠶᠠᠵᠤ᠂ ᠠᠭᠤᠷ ᠠᠮᠢᠰᠬᠤᠯ ᠲᠥᠪ ᠬᠢᠴᠢᠶᠡᠩᠭᠦᠢ ᠪᠦᠬᠡᠳ ᠬᠦᠷ ᠬᠥᠭᠵᠢᠶᠡᠨ ᠢᠶᠠᠷ ᠪᠢᠯᠬᠠᠨ᠎ᠠ᠃ ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠪᠠᠷ ᠡᠬᠢᠯᠡᠵᠦ᠂ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠲᠠᠷᠠᠭ᠎ᠠ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠢ ᠳ᠋ᠦᠩ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠳᠠᠨ ᠪᠣᠯᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠭᠦᠸᠧ ᠴᠢ ᠵᠡᠷᠭᠡ 200 ᠡᠪ ᠬᠠᠮᠲᠤ ᠨᠠᠮ ᠤᠨ ᠭᠡᠰᠢᠭᠦᠨ᠂ ᠵᠢᠶᠠᠩ ᠨᠠ ᠵᠡᠷᠭᠡ 100 ᠨᠠᠮ ᠤᠨ ᠠᠵᠢᠯᠳᠠᠨ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠤᠸᠠᠨ ᠾᠧ ᠵᠡᠭᠡᠯᠢ ᠭᠤᠳᠤᠮᠵᠢ ᠶᠢᠨ ᠲᠠᠢ ᠫᠢᠩ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠵᠡᠷᠭᠡ 100 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠵᠥ᠂ ᠳᠤᠰ ᠳᠤᠰ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠨᠠᠮ ᠤᠨ ᠠᠵᠢᠯᠳᠠᠨ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠶᠢᠨ ᠴᠣᠯᠠ ᠣᠯᠭᠤᠬᠤ ᠪᠠᠷ ᠲᠣᠭᠲᠠᠪᠠ᠃

ᠱᠢ ᠲᠠᠢ ᠹᠧᠩ᠂ ᠪᠦ᠋ ᠰᠢᠶᠤᠤ ᠯᠢᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠶᠢᠨ ᠲᠥᠯᠥᠭᠡᠯᠡᠭᠴᠢ ᠳᠤ ᠱᠠᠩᠨᠠᠯ ᠭᠠᠷᠳᠠᠭᠤᠯᠵᠤ᠂ ᠬᠤᠷᠠᠯ ᠤᠨ ᠲᠠᠯᠠᠪᠠᠢ ᠳᠤ ᠠᠯᠠᠭ᠎ᠠ ᠲᠠᠰᠢᠯᠳᠠ ᠶᠢᠨ ᠳᠠᠭᠤᠨ ᠨᠢᠵᠢᠬᠢᠨᠡᠪᠡ᠃


0630内蒙古自治区优秀共产党员3.jpg


0630内蒙古自治区优秀共产党员4.jpg


0630内蒙古自治区优秀共产党员5.jpg


0630内蒙古自治区优秀共产党员6.jpg


      ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠮᠦᠨ᠎ᠡ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠳᠤ ᠬᠠᠯᠠᠭᠤᠨ ᠪᠠᠶᠠᠷ ᠬᠦᠷᠭᠡᠵᠦ᠂ ᠡᠯ᠎ᠡ ᠲᠡᠦᠬᠡᠨ ᠴᠠᠭ ᠦᠶ᠎ᠡ ᠳᠤ ᠨᠠᠮ ᠪᠣᠯᠤᠨ ᠠᠷᠠᠳ ᠲᠦᠮᠡᠨ ᠤ ᠦᠢᠯᠡᠰ᠂ ᠥᠪᠥᠷ ᠮᠣᠩᠭᠤᠯ ᠤᠨ ᠬᠥᠭᠵᠢᠯᠲᠡ ᠲᠠᠪᠰᠢᠯᠳᠠ ᠳᠤ ᠬᠤᠪᠢ ᠨᠡᠮᠡᠷᠢ ᠦᠵᠡᠭᠦᠯᠦᠭᠰᠡᠨ ᠠᠬᠠᠮᠠᠳ ᠨᠢᠭᠡ ᠦᠶ᠎ᠡ ᠶᠢᠨ ᠬᠢᠨ ᠪᠠ ᠦᠷᠡᠭᠳᠡᠭᠰᠡᠨ ᠪᠠᠭᠠᠲᠤᠷᠴᠤᠳ᠂ ᠠᠬᠠᠮᠠᠳ ᠨᠠᠮ ᠤᠨ ᠭᠡᠰᠢᠭᠦᠨ ᠠᠬᠠᠮᠠᠳ ᠺᠠᠳ᠋ᠷᠴᠤᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠪᠦᠬᠦ ᠣᠷᠣᠨ ᠤ ᠡᠯ᠎ᠡ ᠹᠷᠦᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠡᠪ ᠬᠠᠮᠲᠤ ᠨᠠᠮ ᠤᠨ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠮᠠᠨ ᠤ ᠨᠠᠮ ᠬᠤᠪᠢᠰᠬᠠᠯ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠶᠢ ᠤᠳᠤᠷᠢᠳᠤᠭᠰᠠᠨ ᠠᠭᠤᠤ ᠶᠡᠭᠡ ᠲᠡᠦᠬᠡᠨ ᠶᠠᠪᠤᠴᠠ ᠳᠤ᠂ ᠥᠪᠥᠷ ᠮᠣᠩᠭᠤᠯ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠢᠮᠠᠭᠲᠠ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠵᠤ᠂ ᠨᠠᠮ ᠤᠨ ᠠᠳᠠᠯᠢ ᠪᠤᠰᠤ ᠲᠡᠦᠬᠡᠨ ᠴᠠᠭ ᠦᠶ᠎ᠡ ᠳᠠᠬᠢ ᠭᠤᠤᠯ ᠡᠭᠦᠷᠭᠡ ᠶᠢᠨ ᠲᠣᠭᠤᠷᠢᠨ ᠳᠤ ᠡᠷᠡᠯᠬᠡᠭᠯᠡᠨ ᠲᠡᠮᠡᠴᠡᠵᠦ᠂ ᠥᠪᠡᠷ ᠢ ᠪᠠᠨ ᠤᠮᠠᠷᠲᠠᠨ ᠬᠤᠪᠢ ᠨᠡᠮᠡᠷᠢ ᠦᠵᠡᠭᠦᠯᠵᠦ᠂ ᠬᠦᠴᠦᠷᠬᠡᠭ ᠳᠠᠶᠢᠰᠤᠨ ᠠᠴᠠ ᠰᠦᠷᠳᠡᠬᠦ ᠥᠬᠡᠶ᠂ ᠠᠶᠤᠯ ᠲᠦᠭᠰᠢᠭᠦᠷᠢ ᠠᠴᠠ ᠡᠮᠢᠶᠡᠬᠦ ᠥᠬᠡᠶ᠂ ᠦᠷᠡᠭᠳᠡᠯ ᠰᠦᠢᠳᠦᠯ ᠠᠴᠠ ᠠᠶᠤᠬᠤ ᠥᠬᠡᠶ ᠪᠠᠶᠢᠵᠤ᠂ ᠡᠯ᠎ᠡ ᠹᠷᠦᠨᠲ᠂ ᠡᠯ᠎ᠡ ᠬᠦᠷᠢᠶ᠎ᠡ᠂ ᠡᠯ᠎ᠡ ᠵᠦᠢᠯ ᠤᠨ ᠠᠵᠢᠯ ᠳᠤᠮᠳᠠ ᠪᠠᠨ ᠢᠯᠡᠳᠲᠡ ᠠᠮᠵᠢᠯᠲᠠ ᠣᠯᠵᠤ᠂ ᠨᠠᠮ ᠪᠣᠯᠤᠨ ᠠᠷᠠᠳ ᠲᠦᠮᠡᠨ ᠤ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠵᠦ᠂ ᠬᠦᠴᠦ ᠬᠥᠯᠥᠰᠥ᠂ ᠠᠷᠢᠭᠤᠨ ᠴᠢᠰᠤ ᠪᠣᠯᠤᠨ ᠠᠮᠢ ᠨᠠᠰᠤ ᠪᠠᠷ ᠢᠶᠠᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠰᠠᠬᠢᠬᠰᠠᠨ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠬᠰᠠᠨ ᠬᠠᠷᠢᠭᠤᠯᠲᠠ ᠶᠢᠨ ᠬᠠᠭᠤᠳᠠᠰᠤ ᠨᠤᠭᠤᠳ ᠢ ᠲᠤᠰᠢᠶᠠᠭᠰᠠᠨ ᠪᠠᠶᠢᠨ᠎ᠠ᠃ ᠡᠨᠡ ᠡᠳᠦᠷ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠪᠣᠯ ᠳᠠᠷᠤᠢ ᠡᠭᠦᠨ ᠤ ᠳᠣᠲᠣᠷᠠᠬᠢ ᠭᠠᠷᠮᠠᠭᠠᠢ ᠲᠥᠯᠥᠭᠡᠯᠡᠭᠴᠢ ᠮᠥᠨ᠂ ᠤᠯᠠᠨ ᠢᠶᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠰᠡᠳᠬᠢᠯ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠰᠡᠳᠬᠢᠯ ᠢᠶᠠᠷ ᠠᠵᠢᠯ ᠢᠶᠠᠨ ᠬᠢᠴᠢᠶᠡᠩᠬᠦ᠋ᠢᠯᠡᠨ ᠰᠠᠶᠢᠲᠤᠷ ᠬᠢᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ ᠲᠦᠮᠡᠨ ᠳᠤ ᠦᠢᠯᠡᠴᠢᠯᠡᠵᠦ᠂ ᠵᠠᠩᠭᠢᠯᠠᠭ᠎ᠠ ᠶᠢᠨ ᠦᠶ᠎ᠡ ᠳᠤ ᠳᠠᠭᠠᠷᠢᠨ ᠣᠷᠣᠵᠤ᠂ ᠠᠶᠤᠯ ᠲᠦᠭᠰᠢᠭᠦᠷᠢ ᠲᠠᠢ ᠦᠶ᠎ᠡ ᠳᠤ ᠠᠮᠢ ᠴᠦᠯᠡᠨ ᠲᠡᠮᠡᠴᠡᠵᠤ᠂ ᠭᠤᠮᠣᠳᠠᠯ ᠬᠠᠷᠠᠮᠰᠠᠯ ᠦᠭᠡᠢ ᠪᠠᠲᠤ ᠪᠠᠷᠢᠮᠳᠠᠯᠠᠯ ᠪᠠ ᠬᠦᠴᠦ ᠬᠥᠳᠡᠯᠮᠦᠷᠢ ᠪᠠᠷ ᠢᠶᠠᠨ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠭᠠᠯ ᠤᠯᠠᠭᠠᠨ ᠨᠠᠮ ᠤᠨ ᠲᠤᠭ ᠲᠤ ᠭᠡᠷᠡᠯ ᠭᠢᠯᠪᠠᠭ᠎ᠠ ᠨᠡᠮᠡᠷᠢᠯᠡᠭᠰᠡᠨ ᠪᠠᠶᠢᠨ᠎ᠠ ᠭᠡᠵᠤ ᠵᠢᠭᠠᠵᠤ ᠭᠠᠷᠭᠠᠵᠠᠢ᠃ ᠱᠢ ᠲᠠᠢ ᠹᠧᠩ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠶᠢᠨ ᠬᠢᠨ ᠢᠷᠠᠭᠤ ᠠᠯᠳᠠᠷ ᠢᠶᠠᠨ ᠬᠤᠪᠢ ᠳᠠᠬᠢᠨ ᠨᠠᠨᠳᠢᠩᠨᠠᠵᠤ᠂ ᠪᠠᠷᠳᠠᠮᠨᠠᠬᠤ ᠥᠬᠡᠶ ᠪᠠᠴᠢᠮᠳᠠᠬᠤ ᠥᠬᠡᠶ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠰᠢᠷᠭᠠᠭᠤ ᠬᠠᠲᠠᠭᠤᠵᠢᠯᠲᠠᠶ ᠪᠣᠳᠠᠲᠠᠶ ᠠᠵᠢᠯᠯᠠᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤᠮᠳᠠ ᠳᠠᠬᠢᠨ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠳᠠᠢ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠪᠠᠷ ᠳᠠᠭᠤᠷᠢᠶᠠᠯ ᠪᠣᠯᠭᠠᠵᠤ᠂ ᠲᠡᠳᠡᠨ ᠤ ᠲᠡᠷᠢᠭᠦᠨ ᠤ ᠦᠢᠯᠡ ᠠᠵᠢᠯᠯᠠᠭ᠎ᠠ ᠪᠣᠯᠤᠨ ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠵᠤ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠵᠤ᠂ ᠰᠠᠶᠢᠨ ᠢ ᠰᠣᠩᠭᠤᠨ ᠳᠠᠭᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠶ᠂ ᠴᠠᠭ ᠦᠶ᠎ᠡ ᠳᠡᠭᠡᠨ ᠣᠰᠣᠯᠳᠠᠬᠤ ᠦᠭᠡᠶ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠳᠦᠭᠡᠢ ᠭᠡᠵᠤ ᠵᠤᠷᠢᠭᠵᠢᠭᠤᠯᠵᠠᠢ᠃
      ᠱᠢ ᠲᠠᠢ ᠹᠧᠩ᠂ ᠨᠠᠮ ᠤᠨ ᠭᠡᠰᠢᠭᠦᠨ ᠪᠣᠯ ᠨᠠᠮ ᠤᠨ ᠪᠡᠶ᠎ᠡ ᠴᠣᠭᠴᠠ ᠶᠢᠨ ᠡᠰ ᠮᠥᠨ᠂ ᠨᠠᠮ ᠤᠨ ᠠᠵᠢᠯᠯᠠᠭ᠎ᠠ ᠶᠢᠨ ᠭᠤᠣᠯ ᠴᠣᠭᠴᠠ ᠮᠥᠨ᠃ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠥᠷᠢᠰᠥᠯᠳᠦᠭᠡᠨ ᠤ ᠡᠮᠦᠨ᠎ᠡ᠂ ᠡᠷᠬᠡᠪᠰᠢ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠨᠠᠮ ᠤᠨ ᠪᠠᠶᠢᠭᠤᠯᠤᠯᠲᠠ ᠶᠢᠨ ᠰᠠᠭᠤᠷᠢ ᠢᠨᠵᠧᠨᠧᠷᠢᠩ ᠪᠣᠯᠭᠠᠨ ᠠᠳᠬᠤᠬᠤ ᠶᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠤ ᠬᠤᠪᠢᠰᠬᠠᠯ ᠤᠨ ᠤᠯᠠᠮᠵᠢᠯᠡᠯ ᠢ ᠵᠠᠯᠭᠠᠮᠵᠢᠯᠠᠬᠤ᠂ ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠬᠤ ᠶᠢ ᠬᠥᠮᠦᠵᠢᠭᠦᠯᠵᠦ ᠬᠦᠳᠦᠯᠦᠨ ᠵᠢᠯᠣᠭᠤᠳᠴᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠤᠤᠷ ᠴᠢᠨᠠᠷ ᠢ ᠡᠭᠦᠷᠢᠳᠡ ᠪᠠᠲᠤᠯᠠᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠤᠯᠤᠰ ᠲᠦᠷᠦ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠦᠨ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠬᠤᠰᠢᠭᠤᠴᠢ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠢ︔ ᠦᠵᠡᠯ ᠰᠠᠨᠠᠭᠠᠨ ᠤ ᠠᠤᠭ᠎ᠠ ᠬᠦᠴᠦᠨ ᠢ ᠤᠯᠠᠮ ᠴᠢᠨᠠᠭᠰᠢᠳᠠ ᠣᠶᠢᠯᠠᠭᠠᠵᠤ᠂ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠢᠲᠡᠭᠡᠯ ᠪᠢᠰᠢᠷᠡᠯ ᠪᠠᠲᠤ ᠴᠢᠩᠭ᠎ᠠ ᠪᠠᠶᠢᠬᠤ ᠬᠤᠰᠢᠭᠤᠴᠢ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠢ︔ ᠵᠣᠷᠢᠯᠲᠠ ᠶᠢᠨ ᠤᠬᠠᠮᠰᠠᠷ ᠢᠶᠠᠨ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ᠠᠷᠠᠳ ᠲᠦᠮᠡᠨ ᠤ ᠲᠥᠯᠥᠭᠡ ᠭᠡᠬᠦ ᠰᠡᠳᠬᠢᠯᠭᠡ ᠪᠠᠨ ᠪᠠᠲᠤ ᠪᠠᠷᠢᠮᠳᠠᠯᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠬᠤᠰᠢᠭᠤᠴᠢ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠤᠰᠬᠠᠬᠤ ᠬᠤᠰᠢᠭᠤᠴᠢ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠢ︔ ᠪᠠᠳᠤ ᠴᠢᠩᠭ᠎ᠠ ᠰᠤᠷᠲᠠᠯ ᠢ ᠤᠯᠠᠮ ᠴᠢᠨᠠᠭᠰᠢᠳᠠ ᠳᠠᠪᠲᠠᠨ ᠪᠣᠯᠪᠠᠰᠤᠷᠠᠭᠤᠯᠵᠤ᠂ ᠡᠷᠬᠢᠮ ᠳᠡᠭᠡᠳᠦ ᠵᠠᠩ ᠰᠤᠷᠳᠠᠯ ᠢ ᠳᠠᠪᠲᠠᠨ ᠪᠣᠯᠪᠠᠰᠤᠷᠠᠭᠤᠯᠵᠤ᠂ ᠦᠪᠡᠷ ᠢ ᠪᠠᠨ ᠴᠢᠩᠭ᠎ᠠ ᠱᠠᠭᠠᠷᠳᠠᠬᠤ ᠬᠤᠰᠢᠭᠤᠴᠢ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠤ ᠵᠢᠭᠠᠵᠥ ᠭᠠᠷᠭᠠᠪᠠ᠃


0630内蒙古自治区优秀共产党员7.jpg


      ᠱᠢ ᠲᠠᠢ ᠹᠧᠩ᠂ ᠰᠢᠨ᠎ᠡ ᠲᠡᠦᠬᠡᠨ ᠨᠥᠬᠦᠴᠡᠯ ᠳᠤᠤᠷ᠎ᠠ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠪᠥᠬᠦ ᠠᠵᠢᠯ ᠢ ᠰᠠᠶᠢᠲᠤᠷ ᠬᠢᠬᠦ ᠳᠤ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠳᠤ ᠳᠠᠪᠬᠤᠷᠭ᠎ᠠ ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠲᠠ ᠥᠬᠡᠶ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠦᠨᠳᠦᠰᠦᠨ ᠱᠠᠳᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠡᠷᠬᠡᠪᠰᠢ ᠪᠠᠲᠤ ᠪᠤᠢ ᠪᠣᠯᠭᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠲᠠᠪᠰᠢᠬᠤ᠂ ᠪᠦᠬᠦ ᠲᠠᠯ᠎ᠠ ᠪᠠᠷ ᠬᠠᠲᠠᠭᠤᠵᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠨᠡᠩ ᠥᠨᠳᠥᠷ ᠪᠠᠷᠢᠮᠵᠢᠶ᠎ᠠ ᠨᠡᠩ ᠴᠢᠩᠭ᠎ᠠ ᠱᠠᠭᠠᠷᠳᠠᠯᠭ᠎ᠠ ᠪᠠᠷ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ ᠪᠠᠶᠢᠭᠠᠳ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠨᠠᠮ ᠤᠨ ᠤᠳᠤᠷᠢᠳᠬᠤ ᠲᠦᠷᠢᠮ ᠤᠨ ᠰᠢᠰᠲ᠋ᠧᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠴᠢᠷᠮᠠᠶᠢᠨ ᠪᠦᠷᠢᠯᠳᠦᠭᠦᠯᠵᠦ᠂ ᠨᠠᠮ ᠢ ᠬᠠᠮᠢᠶᠠᠷᠬᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠥᠪᠡᠷ ᠢ ᠪᠠᠨ ᠲᠠᠰᠤᠷᠠᠯᠳᠠ ᠦᠭᠡᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠬᠤ ᠬᠡᠷᠡᠭᠲᠡᠢ᠃ ᠥᠷᠭᠡᠨ ᠤᠯᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤᠯᠤᠰ ᠲᠦᠷᠦ ᠶᠢᠨ ᠴᠢᠳᠠᠮᠵᠢ ᠪᠠᠨ ᠲᠤᠪᠤᠶᠢᠯᠭᠠᠨ᠂ ᠤᠯᠤᠰ ᠲᠦᠷᠦ ᠪᠠᠷ ᠬᠦᠲᠦᠯᠦᠨ ᠳᠠᠭᠠᠭᠤᠯᠬᠤ ᠪᠠᠨ ᠴᠢᠩᠭᠠᠳᠬᠠᠵᠤ᠂ ᠵᠣᠬᠢᠶᠠᠨ ᠪᠠᠶᠢᠭᠤᠯᠬᠤ ᠬᠦᠴᠦᠨ ᠢᠶᠠᠨ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠰᠠᠭᠤᠷᠢ ᠪᠠᠨ ᠴᠢᠩᠭᠠᠳᠬᠠᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠦᠨᠳᠦᠰᠦ ᠪᠠᠨ ᠪᠠᠬᠢᠵᠢᠭᠦᠯᠬᠦ ᠳᠡᠭᠡᠷ᠎ᠡ ᠬᠦᠴᠦ ᠲᠠᠯᠪᠢᠵᠤ᠂ ᠨᠠᠮ ᠤᠨ ᠵᠣᠷᠢᠯᠲᠠ ᠶᠢ ᠤᠬᠠᠭᠤᠯᠬᠤ᠂ ᠨᠠᠮ ᠤᠨ ᠲᠣᠭᠲᠠᠭᠠᠯ ᠢ ᠲᠤᠭᠤᠰᠢᠯᠠᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠤᠯᠠᠨ ᠲᠦᠮᠡᠨ ᠢ ᠲᠠᠶᠢᠴᠢᠯᠠᠨ ᠤᠯᠠᠨ ᠲᠦᠮᠡᠨ ᠳᠤ ᠦᠢᠯᠡᠴᠢᠯᠡᠬᠦ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃
      ᠪᠦ᠋ ᠰᠢᠶᠤᠤ ᠯᠢᠨ ᠬᠤᠷᠠᠯ ᠢ ᠡᠷᠬᠢᠯᠡᠬᠦ ᠳᠡᠭᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ᠂ ᠲᠡᠷᠢᠭᠦᠨ ᠤ ᠬᠢ ᠶᠢ ᠳᠠᠪᠠᠵᠤ ᠭᠠᠷᠬᠤ ᠶᠢ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠪᠣᠳᠠᠲᠤ ᠠᠵᠢᠯᠯᠠᠭ᠎ᠠ ᠪᠣᠯᠭᠠᠵᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠢ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠬᠥᠬᠡᠬᠤᠲᠠ ᠵᠢᠴᠢ ᠠᠶᠢᠮᠠᠭ ᠬᠤᠲᠠ ᠳᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ︽ᠬᠤᠶᠠᠷ ᠰᠢᠯᠢᠳᠡᠭ ᠨᠢᠭᠡ ᠲᠡᠷᠢᠭᠦᠨ︾ ᠤ ᠬᠡᠰᠡᠭ ᠲᠥᠯᠥᠭᠡᠯᠡᠭᠴᠢ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ