2021 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠤᠴᠢᠷ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/6/30
    ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ      ᠦᠪᠦᠷ ᠵᠠᠰᠠᠭ ᠦᠰᠦᠭ ﹇2021﹈ 25 ᠳ᠋ᠤᠭᠠᠷ ᠲᠣᠭᠠᠲᠤ      2021 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠤᠴᠢᠷ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄      2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠪᠣᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠨᠢ ᠲᠡᠩᠬᠡᠷᠡᠭᠦᠯᠦᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠲᠤᠳᠬᠠᠨ ᠥᠷᠭᠡᠳᠬᠡᠬᠦ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠪᠠᠷ ᠬᠦᠴᠦᠲᠡᠶ ᠠᠬᠢᠭᠤᠯᠬᠤ ᠶᠢᠨ ᠲᠤᠰᠠᠳᠠ᠂ ᠡᠳᠦᠭᠡ 2021 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠤᠴᠢᠷ ᠢ ᠳᠤᠤᠷᠠᠬᠢ ᠮᠡᠲᠦ ᠮᠡᠳᠡᠭᠳᠡᠪᠡ᠃      ᠨᠢᠭᠡ᠂ ᠬᠢᠨᠠᠨ ᠬᠠᠷᠭᠤᠭᠤᠯᠵᠤ ᠲᠣᠭᠲᠠᠭᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ      ᠡᠯ᠎ᠡ ᠭᠠᠵᠠᠷ ᠣᠷᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠬᠠᠷᠭᠤᠭᠤᠯᠵᠤ ᠲᠣᠭᠲᠠᠭᠠᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠨᠡᠶᠢᠭᠡᠮ ᠨᠡᠶᠢᠲᠡ ᠳᠤ ᠴᠠᠭ ᠲᠤᠬᠠᠢ ᠳᠤ ᠨᠢ ᠨᠡᠶᠢᠲᠡᠯᠡᠬᠦ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠲᠣᠰ ᠵᠢᠯ ᠳᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠲᠣᠬᠢᠷᠠᠭᠤᠯᠬᠤ ᠳᠤ ᠪᠠᠨ ᠡᠷᠬᠡᠪᠰᠢ ᠬᠤᠯᠪᠣᠭᠳᠠᠯ ᠪᠥᠬᠦᠶ ᠲᠠᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠪᠠᠯᠠ ᠮᠥᠩᠭᠦ ᠶᠢ ᠨᠥᠬᠦᠨ ᠣᠯᠭᠤᠵᠤ ᠳᠠᠭᠤᠰᠬᠠᠬᠤ ᠬᠡᠷᠡᠭᠲᠡᠶ︔ ᠡᠯ᠎ᠡ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠ ᠪᠠᠯᠠ ᠮᠥᠩᠭᠦ ᠶᠢ ᠣᠯᠭᠤᠭᠰᠠᠨ ᠪᠠᠶᠢᠳᠠᠯ ᠳᠤ ᠪᠠᠶᠢᠴᠠᠭᠠᠯᠲᠠ ᠬᠢᠬᠦ ᠶᠢᠨ ᠬᠠᠮᠲᠤ᠂ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠭᠦᠢᠴᠡᠳ ᠣᠯᠭᠤᠬᠤ ᠪᠠᠨ ᠦᠨᠡᠨ ᠬᠦ ᠪᠠᠲᠤᠯᠠᠬᠤ ᠬᠡᠷᠡᠭᠲᠡᠶ᠃      ᠬᠤᠶᠠᠷ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠰᠠᠭᠤᠷᠢ ᠠᠴᠠ ᠨᠢ ᠳᠠᠭᠠᠭᠠᠵᠤ ᠪᠠᠲᠤᠯᠠᠬᠤ ᠦᠷ᠎ᠡ ᠪᠦᠲᠦᠭᠡᠯ ᠢ ᠪᠠᠲᠤᠳᠬᠠᠨ ᠥᠷᠭᠡᠳᠬᠡᠬᠦ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠬᠡᠷᠡᠭᠲᠡᠢ      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ ︽ᠳᠥᠷᠪᠡ ᠶᠢ ᠬᠡᠪ ᠢᠶᠠᠷ ᠨᠢ ᠪᠠᠶᠢᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠ ᠲᠦᠷ ᠴᠠᠭ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠬᠤ ᠶᠢ ᠦᠷᠭᠦᠯᠵᠢᠯᠡᠨ ᠪᠠᠲᠤᠯᠠᠬᠤ ᠬᠡᠷᠡᠭᠲᠡᠢ᠃ ᠠᠵᠢᠯ ᠣᠯᠣᠭᠰᠠᠨ ᠪᠥᠭᠡᠳ ᠭᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠵᠤ ᠶᠠᠳᠠᠭᠤ ᠠᠴᠠ ᠠᠩᠭᠢᠵᠢᠷᠠᠭᠰᠠᠨ ᠬᠥᠮᠥᠰ ᠢ ᠢᠳᠡᠭ ᠢᠳᠡᠭ ᠢᠶᠠᠷ ᠬᠠᠪᠰᠤᠷᠤᠨ ᠲᠡᠳᠬᠦᠬᠦ ᠣᠷᠣᠨ ᠲᠤᠭ᠎ᠠ ᠠᠴᠠ ᠭᠠᠷᠭᠠᠬᠤ ᠶᠢ ᠬᠡᠷᠡᠭᠵᠢᠭᠦᠯᠵᠦ᠂ ᠰᠠᠭᠤᠷᠢ ᠠᠴᠠ ᠨᠢ ᠳᠠᠭᠠᠭᠠᠵᠤ ᠪᠠᠲᠤᠯᠠᠬᠤ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠦᠮᠦᠨ ᠠᠮᠠ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠂ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ ᠵᠢᠴᠢ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠭᠡᠷ ᠪᠦᠯᠢ ᠶᠢᠨ ᠪᠤᠰᠤᠳ ᠪᠦᠷᠢᠯᠳᠦᠬᠦᠨ ᠵᠡᠷᠭᠡ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠦᠮᠦᠨ ᠠᠮᠠ ᠶᠢ ᠬᠥᠳᠡᠯᠦᠩᠭᠦᠶ ᠬᠢᠨᠠᠨ ᠰᠢᠨᠵᠢᠵᠦ᠂ ᠰᠠᠯᠠᠭ᠎ᠠ ᠮᠥᠴᠢᠷ ᠤᠳ ᠬᠠᠮᠲᠤᠷᠠᠯᠴᠡᠨ ᠬᠦᠳᠡᠯᠦᠯᠴᠡᠭᠰᠡᠨ ᠲᠦᠭᠰᠢᠭᠦᠷᠢ ᠶᠢ ᠰᠡᠷᠡᠮᠵᠢᠯᠡᠭᠦᠯᠬᠦ᠂ ᠰᠤᠳᠤᠯᠤᠨ ᠮᠠᠭᠠᠳᠯᠠᠬᠤ ᠪᠠ ᠠᠷᠭᠠᠴᠠᠭᠠᠨ ᠰᠢᠢᠳᠪᠦᠷᠢᠯᠡᠬᠦ ᠲᠣᠭᠲᠠᠴᠠ ᠪᠠᠨ ᠤᠯᠠᠨ ᠨᠢᠭᠡ ᠠᠯᠬᠤᠮ ᠪᠦᠷᠢᠨᠰᠢᠭᠦᠯᠦᠨ᠂ ᠨᠥᠬᠦᠴᠡᠯ ᠳᠤ ᠨᠡᠶᠢᠴᠡᠬᠦ ᠬᠥᠮᠦᠰ ᠢ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ ᠵᠣᠬᠢᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠤᠨ ᠭᠠᠷᠲᠠᠨ ᠭᠦᠢᠴᠡᠳᠬᠡᠵᠦ ᠦᠢᠯᠡᠴᠢᠯᠡᠬᠦ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃      ᠭᠤᠷᠪᠠ᠂ ᠲᠦᠷ ᠴᠠᠭ ᠲᠡᠩᠬᠡᠷᠡᠭᠦᠯᠦᠨ ᠲᠤᠰᠠᠯᠠᠵᠤ ᠲᠦᠷᠭᠡᠨ ᠲᠤᠰᠠᠯᠠᠵᠤ ᠬᠦᠴᠢᠷᠳᠡᠯ ᠢ ᠨᠢ ᠰᠢᠢᠳᠪᠦᠷᠢᠯᠡᠬᠦ ᠦᠢᠯᠡᠳᠦᠯ ᠢᠶᠠᠨ ᠦᠨᠡᠨ ᠬᠦ ᠪᠠᠳᠠᠷᠠᠭᠤᠯᠬᠤ ᠬᠡᠷᠡᠭᠲᠡᠶ      ᠲᠡᠩᠬᠡᠷᠡᠭᠦᠯᠦᠨ ᠲᠤᠰᠠᠯᠠᠬᠤ ᠪᠡᠯᠡ ᠮᠥᠩᠭᠦᠨ ᠤ ᠣᠷᠣᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠨᠢ ᠪᠣᠳᠠᠲᠠᠢ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦᠨ ᠤ ᠲᠥᠰᠦᠪ ᠢ ᠭᠦᠢᠴᠡᠳ ᠲᠣᠬᠢᠷᠠᠭᠤᠯᠵᠤ ᠥᠭᠬᠦ ᠶᠢᠨ ᠳᠠᠭᠠᠤ ᠳᠤ᠂ ᠪᠡᠯᠡ ᠮᠥᠩᠭᠦ ᠵᠠᠷᠤᠴᠠᠭᠤᠯᠬᠤ ᠠᠬᠢᠴᠠ ᠪᠠᠨ ᠲᠦᠷᠭᠡᠳᠬᠡᠬᠦ ᠬᠡᠷᠡᠭᠲᠡᠢ᠂ ᠣᠷᠣᠨ ᠨᠤᠲᠤᠭ ᠤᠨ ᠲᠥᠰᠦᠪ ᠲᠤ ᠣᠷᠣᠭᠤᠯᠤᠭᠰᠠᠨ ᠪᠠᠶᠢᠲᠠᠯ᠎ᠠ ᠪᠠᠨ ᠵᠠᠷᠤᠬᠤ ᠦᠭᠡᠶ᠂ ᠲᠥᠰᠥᠪ ᠲᠤ ᠤᠷᠤᠭᠤᠯᠴᠢᠬᠠᠭᠠᠳ ᠪᠠᠭ᠎ᠠ ᠵᠠᠷᠤᠬᠤ ᠵᠢᠴᠢ ᠵᠢᠯ ᠤᠨ ᠡᠴᠦᠰ ᠲᠤ ︽ᠱᠠᠯᠠᠪᠳᠠᠨ ᠵᠣᠭᠤᠰ ᠵᠠᠷᠤᠬᠤ︾ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠂ ᠵᠠᠷᠴᠢᠮ ᠳᠡᠭᠡᠷ᠎ᠡ ᠪᠠᠨ ᠲᠦᠷ ᠴᠠᠭ ᠲᠡᠩᠬᠡᠷᠡᠭᠦᠯᠦᠨ ᠲᠤᠰᠠᠯᠠᠬᠤ ᠪᠡᠯᠡ ᠮᠥᠩᠭᠦᠨ ᠤ ᠣᠷᠣᠭᠤᠯᠤᠯᠲᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠶ ᠪᠠᠶᠢᠬᠤ ᠬᠡᠷᠡᠭᠲᠡᠶ᠃ ᠲᠦᠷ ᠴᠠᠭ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠰᠢᠯᠢᠳᠡᠭᠵᠢᠭᠦᠯᠦᠨ᠂ ᠭᠡᠨᠡᠳᠲᠡ ᠶᠢᠨ ᠴᠢᠨᠠᠷᠲᠠᠶ᠂ ᠲᠤᠯᠭᠠᠮ ᠴᠢᠨᠠᠷᠲᠠᠶ᠂ ᠠᠮᠢᠳᠤᠷᠠᠯ ᠳᠤ ᠪᠠᠨ ᠲᠦᠷ ᠴᠠᠭ ᠤᠨ ᠴᠢᠨᠠᠷᠲᠠᠶ ᠬᠦᠴᠢᠷᠳᠡᠯ ᠲᠤᠯᠭᠠᠷᠠᠭᠰᠠᠨ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠦᠷ ᠴᠠᠭ ᠲᠡᠩᠬᠡᠷᠡᠭᠦᠯᠦᠨ ᠲᠤᠰᠠᠯᠠᠬᠤ ᠪᠡᠯᠡᠳᠬᠡᠯ ᠮᠥᠩᠭᠦᠨ ᠤ ᠳᠦᠷᠢᠮ ᠢ ᠦᠨᠡᠨ ᠬᠦ ᠪᠦᠷᠢᠨᠰᠢᠭᠦᠯᠦᠨ ᠲᠡᠭᠦᠯᠳᠡᠷᠵᠢᠭᠦᠯᠵᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠦᠷ ᠴᠠᠭ ᠲᠡᠩᠬᠡᠷᠡᠭᠦᠯᠦᠨ ᠲᠤᠰᠠᠯᠠᠬᠤ ᠪᠡᠯᠡᠳᠬᠡᠯ ᠮᠥᠩᠭᠦ ᠪᠠᠨ ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠪᠠᠭᠤᠯᠭᠠᠬᠤ ᠶᠢᠨ ᠬᠠᠮᠲᠤ᠂ ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠲᠦᠷ ᠴᠠᠭ ᠲᠡᠩᠬᠡᠷᠡᠭᠦᠯᠦᠨ ᠲᠤᠰᠠᠯᠠᠬᠤ ᠪᠡᠯᠡᠳᠬᠡᠯ ᠮᠥᠩᠭᠦ ᠶᠢ ᠪᠠᠶᠢᠭᠤᠯᠬᠤ᠂ ᠡᠷᠭᠢᠯᠳᠦᠭᠦᠯᠬᠦ ᠪᠠ ᠵᠠᠷᠤᠬᠤ ᠳᠤ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃      ᠳᠥᠷᠪᠡ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠪᠠᠨ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠪᠠᠨ ᠤᠯᠠᠮ ᠨᠢᠭᠡ ᠠᠯᠬᠤᠮ ᠪᠦᠷᠢᠨᠰᠢᠭᠦᠯᠵᠦ᠂ ᠬᠠᠷᠭᠤᠭᠤᠯᠬᠤ ᠭᠤᠣᠯ ᠴᠣᠭᠴᠠ ᠶᠢᠨ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠰᠠᠯᠠᠭ᠎ᠠ ᠮᠥᠴᠢᠷ ᠤᠨ ᠳ᠋ᠠᠶᠢᠲ᠋ᠠ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠡᠷᠴᠢᠮ ᠢ ᠴᠢᠩᠭᠠᠷᠠᠭᠤᠯᠵᠤ᠂ ᠮᠡᠳᠡᠭᠡ ᠵᠠᠩᠭᠢ ᠶᠢᠨ ᠳ᠋ᠠᠶᠢᠲ᠋ᠠ ᠶᠢᠨ ᠬᠡᠪᠴᠢᠶ᠎ᠡ ᠶᠢ ᠲᠠᠰᠤᠷᠠᠯᠲᠠ ᠦᠬᠡᠢ ᠥᠷᠭᠡᠳᠬᠡᠨ᠂ ᠬᠠᠷᠭᠤᠭᠤᠯᠤᠭᠰᠠᠨ ᠠᠵᠢᠯ ᠤᠨ ᠦᠷ᠎ᠡ ᠳ᠋ᠦᠩ ᠨᠢ ᠣᠨᠣᠪᠴᠢᠲᠠᠶ᠂ ᠳ᠋ᠠᠶᠢᠲ᠋ᠠ ᠨᠢ ᠠᠮᠤᠷ ᠲᠦᠪᠰᠢᠨ᠂ ᠦᠢᠯᠡᠴᠢᠯᠡᠭᠡ ᠨᠢ ᠥᠨᠳᠥᠷ ᠦᠷ᠎ᠡ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠯ᠎ᠡ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠪᠠᠩᠬᠢ ᠶᠢᠨ ᠬᠠᠳᠠᠭᠠᠯᠠᠮᠵᠢ ᠶᠢᠨ ᠵᠣᠭᠤᠰ᠂ ᠮᠥᠩᠭᠦᠨ ᠭᠦᠢᠯᠭᠡᠭᠡᠨ ᠤ ᠬᠦᠷᠦᠩᠭᠡ ᠮᠦᠩᠭᠦ ᠠᠬᠤᠢᠯᠠᠬᠤ ᠨᠡᠷᠡᠳᠬᠦᠨ ᠳᠤ ᠲᠤᠰᠬᠠᠶ ᠱᠤᠭᠤᠮ ᠢᠶᠠᠷ ᠲᠤᠬᠠᠶ ᠶᠢᠨ ᠴᠠᠭ ᠲᠤ ᠨᠢ ᠬᠠᠷᠭᠤᠭᠤᠯᠬᠤ ᠠᠵᠢᠯ ᠢ ᠥᠷᠨᠢᠭᠦᠯᠵᠦ᠂ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠢ ᠣᠨᠣᠪᠴᠢᠲᠠᠶ ᠪᠠᠷ ᠮᠠᠭᠠᠳᠯᠠᠨ ᠲᠣᠭᠲᠠᠭᠠᠬᠤ ᠪᠠᠨ ᠦᠨᠡᠨ ᠬᠦ ᠪᠠᠲᠤᠯᠠᠬᠤ ᠬᠡᠷᠡᠭᠲᠡᠢ᠃      ᠲᠠᠪᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠲᠡᠢ      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠦᠴᠢᠷᠳᠡᠯᠲᠡᠶ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠬᠡᠷᠡᠭᠲᠡᠶ᠃ ᠬᠦᠴᠢᠷᠳᠡᠯᠲᠡᠶ ᠣᠯᠠᠨ ᠲᠦᠮᠡᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ ᠭᠤᠶᠤᠴᠢᠯᠠᠬᠤ ᠳᠤ ᠬᠠᠩᠭᠠᠬᠤ ᠴᠢᠬᠤᠯᠠᠲᠠᠶ ᠭᠡᠷᠡᠴᠢ ᠮᠠᠲ᠋ᠧᠷᠢᠶᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠨᠢ ᠪᠠᠶᠢᠴᠠᠭᠠᠨ ᠯᠠᠪᠯᠠᠵᠤ ᠪᠣᠯᠳᠠᠭ ᠯᠡ ᠶᠤᠮ ᠪᠤᠯ ᠬᠦᠴᠢᠷᠳᠡᠯᠲᠡᠶ ᠣᠯᠠᠨ ᠲᠦᠮᠡᠨ ᠢ ᠳᠠᠭᠢᠵᠤ ᠲᠤᠰᠢᠶᠠᠯᠭᠠᠬᠤ ᠪᠠᠷ ᠱᠠᠭᠠᠷᠳᠠᠬᠤ ᠥᠬᠡᠶ︔ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠶᠤᠴᠢᠯᠠᠭᠴᠢ ᠶᠢ ᠱᠠᠭᠠᠷᠳᠠᠯᠭ᠎ᠠ ᠶᠣᠰᠣᠭᠠᠷ ᠪᠢᠴᠢᠭ ᠢᠶᠠᠷ ᠠᠮᠠᠯᠠᠯᠲᠠ ᠬᠢᠯᠭᠡᠭᠰᠡᠨ ᠪᠠᠶᠢᠪᠠᠯ᠂ ᠬᠠᠮᠢᠶ᠎ᠠ ᠪᠥᠬᠦᠶ ᠭᠡᠷᠡᠴᠢ ᠶᠢ ᠨᠢ ᠳᠠᠭᠢᠵᠤ ᠨᠡᠬᠡᠨ ᠠᠪᠬᠤ ᠥᠬᠡᠶ᠂ ᠬᠦᠴᠢᠷᠳᠡᠯᠲᠡᠶ ᠣᠯᠠᠨ ᠲᠦᠮᠡᠨ ᠤ ᠵᠠᠪᠠᠯ ᠲᠤᠰᠢᠶᠠᠬᠤ ᠴᠢᠬᠤᠯᠠᠲᠠᠶ ᠭᠡᠷᠡᠴᠢᠯᠡᠬᠦ ᠮᠠᠲ᠋ᠧᠷᠢᠶᠠᠯ ᠢ ᠪᠣᠯ ᠨᠡᠶᠢᠭᠡᠮ ᠤᠨ ᠲᠡᠩᠬᠡᠷᠡᠭᠦᠯᠦᠨ ᠲᠤᠰᠠᠯᠠᠭᠤᠯᠬᠤ ᠶᠢ ᠭᠤᠶᠤᠴᠢᠯᠠᠬᠤ ᠦᠶ᠎ᠡ ᠳᠤ ᠨᠢ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠦᠨᠡᠨ ᠬᠦ ᠳᠥᠭᠦᠮᠴᠢᠯᠡᠵᠦ᠂ ᠭᠦᠢᠴᠡᠳᠬᠡᠬᠦ ᠴᠠᠭ ᠬᠤᠭᠤᠴᠠᠭ᠎ᠠ ᠶᠢ ᠨᠢ ᠪᠣᠭᠤᠨᠢᠰᠬᠠᠨ᠂ ᠲᠡᠩᠬᠡᠷᠡᠭᠦᠯᠦᠨ ᠲᠤᠰᠠᠯᠠᠭᠤᠯᠬᠤ ᠪᠠᠷ ᠭᠤᠶᠤᠴᠢᠯᠠᠭᠰᠠᠨ ᠭᠡᠷ ᠪᠦᠯᠢ ᠳᠤ ᠮᠠᠷᠭᠤᠭᠠᠨ ᠦᠭᠡᠶ ᠪᠣᠯ ᠠᠷᠠᠳᠴᠢᠯᠠᠯ ᠢᠶᠠᠷ ᠦᠨᠡᠯᠡᠯᠲᠡ ᠬᠢᠬᠦ ᠦᠭᠡᠶ ᠪᠠᠶᠢᠵᠤ ᠪᠣᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠠᠵᠢᠯ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠪᠦᠬᠦ ᠣᠷᠣᠨ ᠤ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠱᠤᠭᠤᠮ ᠢ ᠦᠨᠡᠨ ᠬᠦ ᠪᠠᠲᠤ ᠰᠠᠬᠢᠬᠤ ᠬᠡᠷᠡᠭᠲᠡᠢ᠃      ᠵᠢᠷᠭᠤᠭ᠎ᠠ᠂ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠢ ᠵᠢᠭᠠᠨ ᠵᠢᠯᠣᠭᠤᠳᠴᠤ ᠬᠢᠨᠠᠨ ᠬᠠᠮᠢᠶᠠᠷᠬᠤ ᠪᠠᠨ ᠴᠢᠩᠭᠠᠷᠠᠭᠤᠯᠬᠤ ᠬᠡᠷᠡᠭᠲᠡᠢ      ᠡᠯ᠎ᠡ ᠠᠶᠢᠮᠠᠭ ᠬᠤᠲᠠ ᠨᠢ ᠬᠠᠷᠢᠶ᠎ᠠ ᠪᠦᠬᠦᠢ ᠭᠠᠵᠠᠷ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠵᠡᠷᠭᠡ ᠳᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ ᠨᠢ ᠬᠢᠨᠠᠨ ᠬᠠᠷᠭᠤᠭᠤᠯᠵᠤ ᠨᠤᠲᠠᠯᠠᠬᠤ ᠡᠷᠬᠡ ᠪᠠᠨ ᠳᠣᠷᠣᠭᠰᠢ ᠲᠠᠯᠪᠢᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠪᠠᠷ ᠵᠢᠭᠠᠨ ᠵᠢᠯᠣᠭᠤᠳᠬᠤ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠬᠠᠷᠢᠶ᠎ᠠ ᠪᠦᠬᠦᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠲᠤᠬᠠᠶᠢᠯᠠᠭᠰᠠᠨ ᠠᠵᠢᠯ ᠢ ᠵᠢᠭᠠᠨ ᠵᠢᠯᠣᠭᠤᠳᠬᠤ᠂ ᠪᠤᠯᠪᠠᠰᠤᠷᠠᠯ ᠭᠦᠷᠳᠡᠬᠡᠬᠦ ᠪᠠ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠬᠢᠨᠠᠨ ᠬᠠᠮᠢᠶᠠᠷᠬᠤ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠪᠠᠶᠢᠭᠤᠯᠤᠨ᠂ ᠬᠢᠨᠠᠨ ᠬᠠᠮᠢᠶᠠᠷᠬᠤ ᠠᠵᠢᠯ ᠤᠨ ᠵᠦᠢᠯᠡᠰ᠂ ᠠᠷᠭ᠎ᠠ ᠬᠡᠮᠵᠢᠶ᠎ᠡ᠂ ᠳᠡᠰ ᠳᠠᠷᠠᠭᠠᠯᠠᠯ ᠢ ᠨᠠᠷᠢᠯᠢᠭᠵᠢᠭᠤᠯᠵᠤ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠬᠢᠨᠠᠨ ᠬᠠᠷᠭᠤᠭᠤᠯᠵᠤ ᠨᠤᠲᠠᠯᠠᠭᠰᠠᠨ ᠵᠦᠢᠯᠡᠰ ᠢ 30% ᠠᠴᠠ ᠳᠣᠣᠷ᠎ᠠ ᠪᠠᠶᠢᠯᠭᠠᠬᠤ ᠥᠬᠡᠶ ᠬᠠᠷᠢᠴᠠᠯ ᠢᠶᠠᠷ ᠰᠤᠭᠤᠴᠢᠨ ᠪᠠᠶᠢᠴᠠᠭᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠳᠠᠭᠠᠯᠳᠤᠭᠤᠯᠤᠯ᠄      1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠬᠠᠮ ᠬᠦᠰᠦᠨᠦᠭᠲᠦ      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢᠨ ᠬᠠᠮ ᠬᠦᠰᠦᠨᠦᠭᠲᠦ      3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠵᠤ ᠰᠤᠪᠢᠯᠠᠬᠤ ᠪᠠᠷᠢᠮᠵᠢᠶ᠎ᠠ ᠶᠢᠨ ᠬᠠᠮ ᠬᠦᠰᠦᠨᠦᠭᠲᠦ      2021 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠬᠠᠭᠤᠯᠤᠨ ᠢᠯᠡᠭᠡᠬᠦ ᠨᠢ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂      ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠂      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂      ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂      ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂      ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ