ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2021/6/30
                                          ᠥᠪᠥᠷ ᠵᠠᠰᠠᠭ ᠠᠯᠪᠠᠨ ᠲᠠᠷᠬᠠᠭᠠᠭᠰᠠᠨ ﹇2021﹈ 4 ᠳ᠋ᠦ᠋ᠭᠡᠷ ᠲᠣᠭᠠᠲᠤ                         ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂             ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ              ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 34 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠮᠠᠨ ᠤ ᠣᠷᠣᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ︵ᠳᠣᠷᠣᠭᠰᠢ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠭᠡᠵᠦ ᠲᠣᠪᠴᠢᠯᠠᠨ᠎ᠠ︶ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠮᠡᠲᠦ ᠰᠠᠨᠠᠯ ᠳᠤᠷᠠᠳᠪᠠ᠃      ᠨᠢᠭᠡ᠂ ᠬᠠᠷᠠᠯᠲᠠ ᠪᠣᠯᠬᠤ ᠡᠭᠦᠷᠭᠡ ᠵᠢᠴᠢ ᠲᠣᠬᠢᠷᠠᠭᠤᠯᠤᠨ ᠬᠡᠷᠡᠭᠯᠡᠬᠦ ᠬᠡᠪᠴᠢᠶ᠎ᠡ      ︵ᠨᠢᠭᠡ︶ ᠬᠠᠷᠠᠯᠲᠠ ᠪᠣᠯᠬᠤ ᠡᠭᠦᠷᠭᠡ᠃ 2025 ᠣᠨ ᠪᠣᠯᠬᠤ ᠳᠤ᠂ ᠥᠮᠴᠢᠯᠡᠬᠦ ᠡᠷᠬᠡ ᠨᠢ ᠲᠣᠳᠣᠷᠬᠠᠶ᠂ ᠵᠠᠬ᠎ᠠ ᠳᠡᠯᠭᠡᠭᠦᠷ ᠢᠶᠠᠷ ᠦᠨ᠎ᠡ ᠲᠣᠭᠲᠠᠭᠠᠭᠰᠠᠨ᠂ ᠮᠡᠳᠡᠭᠡ ᠵᠠᠩᠭᠢ ᠨᠢ ᠲᠥᠪᠯᠡᠷᠡᠭᠰᠡᠨ᠂ ᠠᠷᠠᠯᠵᠢᠶ᠎ᠠ ᠨᠢ ᠠᠮᠤᠷ ᠲᠦᠪᠰᠢᠨ ᠪᠠᠶᠢᠬᠤ᠂ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ ᠪᠦᠬᠦᠢ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠦᠨᠳᠦᠰᠦᠨ ᠳᠤ ᠪᠠᠨ ᠪᠠᠶᠢᠭᠤᠯᠤᠨ᠎ᠠ᠃ ᠡᠭᠦᠨ ᠤ ᠰᠠᠭᠤᠷᠢᠨ ᠳᠡᠭᠡᠷ᠎ᠡ᠂ ᠡᠯ᠎ᠡ ᠭᠠᠵᠠᠷ ᠣᠷᠣᠨ ᠨᠢ ᠵᠠᠬ᠎ᠠ ᠳᠡᠯᠭᠡᠭᠦᠷ ᠤᠨ ᠲᠦᠷᠢᠮ ᠢ ᠠᠯᠬᠤᠮ ᠠᠯᠬᠤᠮ ᠢᠶᠠᠷ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠢᠯᠡᠴᠢᠯᠡᠬᠦ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠨᠢ ᠨᠠᠩ ᠵᠢᠷᠤᠮᠵᠢᠭᠰᠠᠨ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠠᠷᠠᠯᠵᠢᠶᠠᠨ ᠤ ᠲᠠᠪᠴᠠᠩ ᠢ ᠪᠣᠶ ᠪᠣᠯᠭᠠᠨ᠎ᠠ᠃      ︵ᠬᠤᠶᠠᠷ︶ ᠲᠣᠬᠢᠷᠠᠭᠤᠯᠤᠨ ᠬᠡᠷᠡᠭᠯᠡᠬᠦ ᠬᠡᠪᠴᠢᠶ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ᠂ ᠭᠠᠵᠠᠷ ᠰᠢᠷᠣᠶ ᠶᠢᠨ ᠠᠷᠠᠯᠵᠢᠶ᠎ᠠ ᠵᠢᠴᠢ ᠭᠠᠵᠠᠷ ᠰᠢᠷᠣᠶ ᠶᠢ ᠭᠠᠵᠠᠷ ᠳᠡᠭᠡᠷᠡᠬᠢ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠪᠤᠰᠤᠳ ᠳᠠᠭᠠᠯᠲᠠ ᠪᠣᠳᠠᠰ ᠵᠡᠷᠭᠡ ᠲᠠᠢ ᠬᠠᠮᠲᠤ ᠳᠤ ᠨᠢ ᠠᠷᠠᠯᠵᠢᠶᠠᠯᠠᠭᠰᠠᠨ ᠪᠠᠶᠢᠳᠠᠯ ᠳᠤ ᠭᠤᠤᠯᠳᠠᠯᠭ᠎ᠠ ᠲᠠᠢ ᠴᠢᠭᠯᠡᠭᠦᠯᠦᠨ᠎ᠡ᠃ ᠬᠠᠤᠯᠢ ᠶᠣᠰᠣᠭᠠᠷ ᠵᠠᠬ᠎ᠠ ᠳᠡᠯᠭᠡᠭᠦᠷ ᠲᠤ ᠤᠷᠤᠭᠰᠠᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭᠠᠯᠠᠬᠤ ᠳᠤ ᠲᠣᠰ ᠰᠠᠨᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃      ᠬᠤᠶᠠᠷ᠂ ᠰᠢᠯᠵᠢᠭᠦᠯᠦᠨ ᠥᠭᠬᠦ ᠨᠥᠬᠦᠴᠡᠯ ᠢ ᠲᠣᠳᠣᠷᠬᠠᠶᠢᠯᠠᠵᠤ᠂ ᠰᠢᠯᠵᠢᠭᠦᠯᠦᠨ ᠥᠭᠬᠦ ᠲᠥᠷᠢᠮ ᠢ ᠲᠡᠭᠦᠯᠳᠡᠷᠵᠢᠭᠦᠯᠬᠦ ᠬᠡᠷᠡᠭᠲᠡᠶ      ︵ᠨᠢᠭᠡ︶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠬᠡᠯᠪᠡᠷᠢ ᠶᠢ ᠨᠢ ᠲᠣᠳᠣᠷᠬᠠᠶᠢᠯᠠᠨ᠎ᠠ᠃ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠳᠤ ᠮᠠᠶᠢᠮᠠᠶᠢᠯᠠᠬᠤ᠂ ᠰᠣᠯᠢᠯᠴᠠᠬᠤ᠂ ᠪᠡᠯᠡᠭᠯᠡᠬᠦ᠂ ᠪᠡᠯᠡ ᠭᠠᠷᠭᠠᠬᠤ ᠵᠢᠴᠢ ᠬᠠᠤᠯᠢ ᠴᠠᠭᠠᠵᠠ ᠪᠠᠷ ᠰᠢᠢᠳᠪᠦᠷᠢᠯᠡᠬᠦ᠂ ᠡᠳ᠋ ᠬᠦᠷᠦᠩᠭᠡ ᠶᠢ ᠰᠢᠢᠳᠪᠦᠷᠢᠯᠡᠬᠦ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠨᠡᠶᠢᠯᠡᠭᠦᠯᠬᠦ ᠪᠤᠶᠤ ᠰᠠᠯᠭᠠᠬᠤ ᠵᠡᠷᠭᠡ ᠬᠡᠯᠪᠡᠷᠢ ᠮᠠᠶ᠋ᠢᠭ ᠲᠤ ᠬᠤᠯᠪᠣᠭᠳᠠᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠪᠠᠭᠲᠠᠨ᠎ᠠ᠃ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠨᠢ ᠰᠢᠯᠵᠢᠭᠦᠯᠦᠨ ᠥᠭᠬᠦ ᠳᠤ᠂ ᠭᠠᠵᠠᠷ ᠳᠡᠭᠡᠷᠡᠬᠢ ᠪᠠᠷᠢᠯᠭ᠎ᠠ᠂ ᠪᠠᠷᠢᠯᠭ᠎ᠠ ᠶᠢᠨ ᠵᠦᠢᠯ᠂ ᠪᠤᠰᠤᠳ ᠲᠠᠭᠠᠯᠳᠠ ᠪᠣᠳᠠᠰ ᠤᠨ ᠥᠮᠴᠢᠯᠡᠯ ᠤᠨ ᠡᠷᠬᠡ ᠶᠢ ᠬᠠᠮᠲᠤ ᠳᠤ ᠨᠢ ᠰᠢᠯᠵᠢᠭᠦᠯᠬᠦ ᠬᠡᠷᠡᠭᠲᠡᠶ᠃ ᠬᠡᠷ ᠪᠠᠶᠢᠰᠢᠩ ᠭᠠᠵᠠᠷ ᠬᠥᠷᠥᠩᠭᠡ ᠶᠢ ᠰᠢᠯᠵᠢᠭᠦᠯᠦᠨ ᠥᠭᠬᠦ ᠳᠤ ᠬᠤᠯᠪᠣᠭᠳᠠᠪᠠᠯ᠂ ᠬᠡᠷ ᠪᠠᠶᠢᠰᠢᠩ ᠭᠠᠵᠠᠷ ᠬᠥᠷᠥᠩᠭᠡ ᠶᠢ ᠰᠢᠯᠵᠢᠭᠦᠯᠦᠨ ᠥᠭᠬᠦ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠬᠡᠷ ᠪᠠᠶᠢᠰᠢᠩ ᠭᠠᠵᠠᠷ ᠬᠥᠷᠥᠩᠭᠡ ᠶᠢ ᠰᠢᠯᠵᠢᠭᠦᠯᠦᠨ ᠥᠭᠬᠦ ᠬᠠᠮᠢᠶ᠎ᠠ ᠪᠥᠬᠦᠶ ᠭᠠᠷᠳᠠᠮ ᠢ ᠭᠦᠢᠴᠡᠳᠬᠡᠨ᠎ᠡ᠃ ︵ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠷᠣᠭᠰᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠴᠥᠮ ᠣᠷᠤᠯᠴᠠᠬᠤ ᠴᠢᠬᠤᠯᠠᠲᠠᠢ ᠪᠣᠯᠬᠤᠷ ᠳᠠᠭᠢᠵᠤ ᠵᠢᠭᠰᠠᠭᠠᠵᠤ ᠲᠣᠳᠤᠷᠬᠠᠶᠢᠯᠠᠬᠤ ᠥᠬᠡᠶ︶      ︵ᠬᠤᠶᠠᠷ︶ ᠠᠳᠠᠯᠢ ᠪᠤᠰᠤ ᠡᠷᠬᠡ ᠴᠢᠳᠠᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠯᠵᠢᠭᠦᠯᠦᠨ ᠥᠭᠬᠦ ᠨᠥᠬᠦᠴᠡᠯ ᠢ ᠨᠢ ᠲᠣᠳᠣᠷᠬᠠᠶᠢᠯᠠᠨ᠎ᠠ᠃      1. ᠬᠤᠪᠢᠶᠠᠷᠢᠯᠠᠨ ᠥᠭᠬᠦ ᠠᠷᠭ᠎ᠠ ᠪᠠᠷ ᠣᠯᠤᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠃ ᠬᠤᠪᠢᠶᠠᠷᠢᠯᠠᠨ ᠥᠭᠭᠦᠭᠰᠡᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠵᠥᠪᠰᠢᠶᠡᠷᠡᠭᠦᠯᠦᠭᠰᠡᠨ ᠥᠭᠡᠢ ᠪᠣᠯ ᠳᠤᠷ᠎ᠠ ᠪᠠᠷ ᠢᠶᠠᠨ ᠰᠢᠯᠵᠢᠭᠦᠯᠦᠨ ᠥᠭᠴᠦ ᠪᠣᠯᠬᠤ ᠥᠭᠡᠢ᠂ ᠦᠨᠡᠨ ᠬᠦ ᠰᠢᠯᠵᠢᠭᠦᠯᠦᠨ ᠥᠭᠬᠦ ᠴᠢᠬᠤᠯᠠᠲᠠᠢ ᠪᠣᠯ᠂ ᠬᠤᠪᠢᠶᠠᠷᠢᠯᠠᠨ ᠥᠭᠭᠦᠭᠰᠡᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ ᠬᠥᠮᠦᠨ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠰᠢᠯᠵᠢᠭᠦᠯᠦᠨ ᠥᠭᠭᠦᠭᠰᠡᠨ ᠤ ᠳᠠᠷᠠᠭ᠎ᠠ ᠭᠠᠵᠠᠷ ᠰᠢᠷᠣᠶ ᠶᠢᠨ ᠵᠣᠷᠢᠭᠤᠯᠤᠯᠲᠠ ᠨᠢ ︽ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠭᠠᠷᠴᠠᠭ︾ ᠲᠤ ᠨᠡᠶᠢᠴᠡᠭᠰᠡᠨ ᠪᠠᠶᠢᠪᠠᠯ᠂ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠦᠨ᠎ᠡ ᠶᠢᠨ ᠵᠣᠭᠤᠰ ᠢ ᠨᠥᠬᠦᠵᠦ ᠲᠤᠰᠢᠶᠠᠬᠤ ᠥᠬᠡᠶ ᠪᠠᠶᠢᠵᠤ ᠪᠣᠯᠣᠨ᠎ᠠ᠂ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠪᠦᠷᠢᠳᠭᠡᠯ ᠶᠣᠰᠣᠭᠠᠷ ᠬᠠᠮᠢᠶ᠎ᠠ ᠪᠥᠬᠦᠶ ᠭᠠᠷᠳᠠᠮ ᠢ ᠭᠦᠢᠴᠡᠳᠬᠡᠨ᠎ᠡ  ︔ ︽ᠰᠢᠯᠵᠢᠭᠦᠯᠦᠨ ᠥᠭᠭᠦᠭᠰᠡᠨ ᠬᠡᠷᠡᠭᠯᠡᠬᠦ ᠭᠠᠵᠠᠷ ᠤᠨ ᠭᠠᠷᠴᠠᠭ︾ ᠲᠤ ᠥᠯᠥ ᠨᠡᠶᠢᠴᠡᠪᠡᠯ᠂ ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ ᠳᠣᠤᠷ᠎ᠠ᠂ ᠬᠤᠳᠠᠯᠳᠤᠵᠤ ᠠᠪᠬᠤ ᠲᠠᠯ᠎ᠠ ᠠᠴᠠ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠦᠨ᠎ᠡ ᠶᠢᠨ ᠵᠣᠭᠤᠰ ᠢ ᠬᠠᠤᠯᠢ ᠲᠣᠭᠲᠠᠭᠠᠯ ᠶᠣᠰᠣᠭᠠᠷ ᠨᠦᠬᠦᠵᠦ ᠲᠤᠰᠢᠶᠠᠭᠰᠠᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠪᠦᠷᠢᠳᠭᠡᠯ ᠤᠨ ᠭᠠᠷᠳᠠᠮ ᠢ ᠭᠦᠢᠴᠡᠳᠬᠡᠨ᠎ᠡ᠃ ᠲᠥᠯᠥᠪᠵᠢᠭᠦᠯᠭᠡ ᠶᠢᠨ ᠨᠥᠬᠦᠴᠡᠯ ᠢ ᠬᠠᠤᠯᠢ ᠶᠣᠰᠣᠭᠠᠷ ᠬᠤᠪᠢᠷᠠᠭᠤᠯᠤᠭᠰᠠᠨ ᠪᠠᠶᠢᠪᠠᠯ᠂ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠦᠨ᠎ᠡ ᠶᠢᠨ ᠵᠣᠭᠤᠰ ᠢ ᠨᠦᠬᠦᠵᠦ ᠲᠤᠰᠢᠶᠠᠬᠤ ᠳᠤ ᠬᠤᠪᠢᠷᠠᠭᠤᠯᠤᠭᠰᠠᠨ ᠤ ᠳᠠᠷᠠᠭᠠᠬᠢ ᠲᠥᠯᠥᠪᠵᠢᠭᠦᠯᠭᠡ ᠶᠢᠨ ᠨᠥᠬᠦᠴᠡᠯ ᠳᠣᠣᠷᠠᠬᠢ ᠲᠦᠯᠦᠪᠦᠷᠢᠲᠡᠢ ᠰᠢᠯᠵᠢᠭᠦᠯᠦᠭᠰᠡᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠬᠡᠪ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠶᠣᠰᠣᠭᠠᠷ᠂ ᠣᠲᠣ ᠶᠢᠨ ᠬᠡᠷᠡᠭᠯᠡᠵᠦ ᠪᠠᠶᠢᠭ᠎ᠠ ᠨᠥᠬᠦᠴᠡᠯ ᠳᠣᠤᠷᠠᠬᠢ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠦᠨ᠎ᠡ ᠬᠠᠩᠰᠢ ᠶᠢ ᠬᠠᠰᠤᠭᠠᠳ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠵᠠᠰᠠᠭ ᠤᠨ ᠣᠷᠳᠣᠨ ᠤ ᠪᠠᠶᠢᠭᠤᠯᠤᠮᠵᠢ᠂ ᠠᠵᠢᠯ ᠦᠢᠯᠡᠰ ᠤᠨ ᠨᠢᠭᠡᠴᠢ ᠪᠣᠯᠤᠨ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠬᠤᠭᠤᠷᠣᠨᠳᠣ ᠪᠠᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠤᠪᠢᠶᠠᠷᠢᠯᠠᠨ ᠰᠢᠯᠵᠢᠭᠦᠯᠬᠦ ᠳᠤ᠂ ᠬᠤᠪᠢᠶᠠᠷᠢᠯᠠᠨ ᠰᠢᠯᠵᠢᠭᠦᠯᠦᠭᠰᠡᠨ ᠤ ᠳᠠᠷᠠᠭ᠎ᠠ ︽ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠭᠠᠷᠴᠠᠭ︾ ᠲᠤ ᠨᠡᠶᠢᠴᠡᠵᠦ ᠬᠤᠪᠢᠶᠠᠷᠢᠯᠠᠨ ᠥᠭᠬᠦ ᠠᠷᠭ᠎ᠠ ᠮᠠᠶ᠋ᠢᠭ ᠢ ᠨᠢ ᠦᠯᠡᠳᠡᠭᠡᠵᠦ ᠬᠡᠷᠡᠭᠯᠡᠪᠡᠯ᠂ ᠬᠤᠪᠢᠶᠠᠷᠢᠯᠠᠨ ᠰᠢᠯᠵᠢᠭᠦᠯᠬᠦ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠷ ᠢᠶᠠᠨ ᠭᠠᠵᠠᠷ ᠰᠢᠷᠣᠶ ᠰᠢᠯᠵᠢᠭᠦᠯᠬᠦ ᠪᠦᠷᠢᠳᠭᠡᠯ ᠤᠨ ᠭᠠᠷᠳᠠᠮ ᠢ ᠰᠢᠭᠤᠳ ᠭᠦᠢᠴᠡᠳᠬᠡᠵᠦ ᠪᠣᠯᠤᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      2. ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶ᠋ᠢᠭ ᠢᠶᠠᠷ ᠣᠯᠤᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠠ ᠲᠦᠯᠦᠪᠦᠷᠢᠲᠡᠢ ᠰᠢᠯᠵᠢᠭᠦᠯᠬᠦ ᠭᠡᠷ᠎ᠡ ᠶᠢᠨ ᠪᠣᠯᠵᠣᠯ ᠳᠤ ᠨᠡᠶᠢᠴᠡᠭᠰᠡᠨ ᠤᠷᠢᠲᠠᠯ ᠳᠣᠣᠷ᠎ᠠ᠂ ᠠᠷᠠᠯᠵᠢᠶᠠᠨ ᠤ ᠡᠷᠬᠡ ᠴᠢᠯᠥᠭᠡ ᠶᠢ ᠭᠦᠢᠴᠡᠳ ᠪᠠᠲᠤᠯᠠᠵᠤ᠂ ᠦᠯᠦ ᠬᠥᠳᠡᠯᠬᠦ ᠬᠦᠷᠦᠩᠭᠡ ᠶᠢᠨ ᠰᠢᠯᠵᠢᠭᠦᠯᠬᠦ ᠪᠦᠷᠢᠳᠭᠡᠯ ᠢ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ ᠤᠤᠯ ᠤᠨ ᠲᠦᠯᠦᠪᠦᠷᠢᠲᠡᠢ ᠰᠢᠯᠵᠢᠭᠦᠯᠬᠦ ᠭᠡᠷ᠎ᠡ ᠳᠤ ᠰᠢᠯᠵᠢᠭᠦᠯᠦᠨ ᠥᠭᠬᠦ ᠨᠥᠬᠦᠴᠡᠯ ᠤᠨ ᠲᠤᠬᠠᠶ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ ᠲᠡᠷᠡ ᠪᠣᠯᠵᠣᠯ ᠢ ᠵᠢᠷᠤᠮᠯᠠᠨ᠎ᠠ᠃ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠤ ᠳᠠᠷᠠᠭᠠᠬᠢ ᠭᠠᠵᠠᠷ ᠰᠢᠷᠣᠶ ᠶᠢᠨ ᠬᠡᠷᠡᠭᠯᠡᠬᠦ ᠵᠢᠯ ᠬᠤᠭᠤᠴᠠᠭ᠎ᠠ ᠨᠢ ᠤᠤᠯ ᠤᠨ ᠲᠦᠯᠦᠪᠦᠷᠢᠲᠡᠢ ᠰᠢᠯᠵᠢᠭᠦᠯᠬᠦ ᠭᠡᠷ᠎ᠡ ᠳᠠᠬᠢ ᠦᠯᠡᠳᠡᠭᠰᠡᠨ ᠵᠢᠯ ᠬᠤᠭᠤᠴᠠᠭ᠎ᠠ ᠪᠣᠯᠤᠨ᠎ᠠ᠃ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠪᠡᠯᠡ ᠣᠷᠣᠭᠤᠯᠤᠯᠲᠠ ᠶᠢᠨ ᠲᠤᠭ᠎ᠠ ᠨᠢ ᠪᠦᠬᠦ ᠪᠡᠯᠡ ᠣᠷᠣᠭᠤᠯᠤᠯᠲᠠ ᠶᠢᠨ ᠲᠣᠭᠠᠨ ᠤ 25% ᠠᠴᠠ ᠳᠡᠭᠡᠭᠰᠢ ᠳᠤ ᠬᠦᠷᠦᠭᠰᠡᠨ ᠦᠭᠡᠢ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠨᠢ ︽ᠭᠤᠷᠪᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠳᠤ ᠦᠯᠦ ᠭᠦᠷᠦᠭᠰᠡᠨ ᠳᠤ ᠬᠠᠷᠢᠶᠠᠯᠠᠭᠳᠠᠪᠠᠯ᠂ ᠠᠩᠬ᠎ᠠ ᠤᠳᠠᠭ᠎ᠠ ᠰᠢᠯᠵᠢᠭᠦᠯᠦᠨ ᠥᠭᠬᠦ ᠳᠤ ᠪᠠᠨ᠂ ᠤᠷᠢᠳ ᠢᠶᠠᠷ ᠣᠷᠣᠭᠤᠯᠤᠯᠲᠠ ᠬᠢᠵᠦ ᠳᠠᠷᠠᠭ᠎ᠠ ᠨᠢ ᠰᠢᠯᠵᠢᠭᠦᠯᠦᠨ ᠥᠭᠬᠦ ᠵᠠᠷᠴᠢᠮ ᠶᠣᠰᠣᠭᠠᠷ᠂ ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠤᠷᠢᠳ ᠢᠶᠠᠷ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠨ ᠰᠢᠯᠵᠢᠭᠦᠯᠦᠨ ᠥᠭᠬᠦ ᠭᠡᠷ᠎ᠡ ᠲᠣᠭᠲᠠᠬᠤ ᠶᠢ ᠵᠥᠪᠰᠢᠶᠡᠷᠡᠵᠦ᠂ ᠬᠠᠤᠯᠢ ᠶᠣᠰᠣᠭᠠᠷ ᠥᠯᠥ ᠬᠥᠳᠡᠯᠬᠦ ᠬᠥᠷᠥᠩᠭᠡ ᠶᠢᠨ ᠤᠷᠢᠳᠴᠢᠯᠠᠨ ᠮᠡᠳᠡᠭᠳᠡᠭᠰᠡᠨ ᠪᠦᠷᠢᠳᠭᠡᠯ ᠢ ᠭᠦᠢᠴᠡᠳᠭᠡᠭᠡᠳ ᠨᠡᠭᠡᠭᠡᠨ ᠠᠰᠢᠭᠯᠠᠬᠤ ᠪᠠᠯᠠ ᠣᠷᠣᠭᠤᠯᠤᠯᠲᠠ ᠨᠢ ᠰᠢᠯᠵᠢᠭᠦᠯᠦᠨ ᠥᠭᠬᠦ ᠨᠥᠬᠦᠴᠡᠯ ᠳᠤ ᠭᠦᠷᠦᠭᠰᠡᠨ ᠤ ᠳᠠᠷᠠᠭ᠎ᠠ᠂ ᠳᠠᠬᠢᠨ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠪᠦᠷᠢᠳᠭᠡᠯ ᠤᠨ ᠭᠠᠷᠳᠠᠮ ᠢ ᠭᠦᠢᠴᠡᠳᠬᠡᠨ᠎ᠡ᠃ ᠥᠯᠥ ᠬᠥᠳᠡᠯᠬᠦ ᠬᠥᠷᠥᠩᠭᠡ ᠶᠢᠨ ᠤᠷᠢᠳᠴᠢᠯᠠᠨ ᠮᠡᠳᠡᠭᠳᠡᠭᠰᠡᠨ ᠪᠦᠷᠢᠳᠭᠡᠯ ᠤᠨ ᠭᠡᠷᠡᠴᠢ ᠶᠢ ᠪᠣᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠡᠭᠡᠭᠡᠨ ᠪᠠᠶᠢᠭᠤᠯᠬᠤ ᠵᠡᠷᠭᠡ ᠬᠠᠮᠢᠶ᠎ᠠ ᠪᠥᠬᠦᠶ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠭᠡᠬᠦ ᠶᠢᠨ ᠦᠨᠳᠦᠰᠦᠯᠡᠯ ᠪᠣᠯᠭᠠᠵᠤ ᠪᠣᠯᠤᠨ᠎ᠠ᠃ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠶᠡᠷᠦᠩᠬᠡᠶ ᠲᠣᠭᠠᠨ ᠳᠤ ᠡᠵᠡᠯᠡᠬᠦ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠶᠢᠨ ᠬᠠᠷᠢᠴᠠᠯ ᠢ ᠬᠢᠷᠢ ᠬᠡᠮ ᠲᠠᠢ ᠪᠠᠶᠢᠭᠤᠯᠤᠮᠵᠢ ᠳᠤ ᠨᠠᠶᠢᠳᠠᠵᠤ ᠮᠠᠭᠠᠳᠯᠠᠨ ᠲᠣᠭᠲᠠᠭᠠᠯᠭᠠᠵᠤ ᠪᠣᠯᠤᠨ᠎ᠠ᠃ ᠭᠠᠵᠠᠷ ᠰᠢᠷᠣᠶ ᠰᠤᠯᠠ ᠲᠠᠯᠪᠢᠭᠳᠠᠵᠤ ᠪᠠᠶᠢᠬᠤ ᠳᠤ ᠬᠤᠯᠪᠣᠭᠳᠠᠭᠰᠠᠨ ᠪᠣᠯ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠵᠦ ᠪᠣᠳᠠᠲᠠᠶᠢᠵᠢᠭᠤᠯᠤᠭᠰᠠᠨ ᠤ ᠳᠠᠷᠠᠭ᠎ᠠ᠂ ᠲᠣᠰ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠯᠡᠨ᠎ᠡ᠃      ᠦᠨ᠎ᠡ ᠲᠣᠭᠲᠠᠭᠠᠨ ᠪᠡᠯᠡ ᠭᠠᠷᠭᠠᠬᠤ ᠪᠤᠶᠤ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠣᠯᠤᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠃ ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶ᠋ᠢᠭ ᠢᠶᠠᠷ ᠣᠯᠤᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠤᠤᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠷ ᠬᠠᠩᠰᠢᠯᠠᠨ ᠪᠡᠯᠡ ᠭᠠᠷᠭᠠᠬᠤ ᠪᠤᠶᠤ ᠬᠤᠪᠢ ᠣᠷᠣᠭᠤᠯᠬᠤ ᠶᠢ ᠵᠥᠪᠰᠢᠶᠡᠷᠡᠭᠰᠡᠨ ᠪᠠᠶᠢᠭᠤᠯᠭ᠎ᠠ ᠳᠤ ᠳᠠᠬᠢᠵᠤ ᠮᠡᠳᠡᠭᠦᠯᠵᠦ ᠵᠥᠪᠰᠢᠶᠡᠷᠡᠭᠦᠯᠬᠦ ᠴᠢᠬᠤᠯᠠ ᠦᠭᠡᠢ︔ ᠰᠢᠯᠵᠢᠭᠦᠯᠦᠨ ᠥᠭᠭᠦᠭᠰᠡᠨ ᠤ ᠲᠠᠷᠠᠭ᠎ᠠ᠂ ᠦᠨ᠎ᠡ ᠲᠣᠭᠲᠠᠭᠠᠨ ᠪᠡᠯᠡ ᠭᠠᠷᠭᠠᠬᠤ ᠪᠤᠶᠤ ᠬᠤᠪᠢ ᠣᠷᠣᠭᠤᠯᠬᠤ ᠠᠷᠭ᠎ᠠ ᠮᠠᠶ᠋ᠢᠭ ᠪᠣᠯᠭᠠᠨ ᠦᠯᠡᠳᠡᠭᠡᠵᠦ ᠪᠣᠯᠤᠨ᠎ᠠ᠂ ᠡᠰᠡᠬᠦᠯ᠎ᠡ ᠰᠢᠭᠤᠳ ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶ᠋ᠢᠭ ᠪᠣᠯᠭᠠᠨ ᠬᠤᠪᠢᠷᠠᠭᠤᠯᠵᠤ ᠪᠣᠯᠤᠨ᠎ᠠ᠃ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠷ ᠦᠨ᠎ᠡ ᠲᠣᠭᠲᠠᠭᠠᠨ ᠪᠠᠯᠠ ᠭᠠᠷᠭᠠᠬᠤ ᠪᠤᠶᠤ ᠬᠤᠪᠢ ᠣᠷᠣᠭᠤᠯᠵᠤ ᠭᠠᠵᠠᠷ ᠰᠢᠷᠣᠶ ᠶᠢᠨ ᠵᠣᠷᠢᠭᠤᠯᠤᠯᠲᠠ ᠶᠢ ᠬᠤᠪᠢᠷᠠᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠭᠠᠳ ᠪᠠᠭᠲᠠᠭᠠᠮᠵᠢ ᠶᠢᠨ ᠨᠣᠷᠮ᠎ᠠ ᠶᠢ ᠨᠢ ᠨᠡᠮᠡᠭᠳᠡᠭᠦᠯᠦᠭᠰᠡᠨ ᠪᠠᠶᠢᠪᠠᠯ᠂ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠲᠦᠯᠦᠪᠦᠷᠢᠲᠡᠢ ᠰᠢᠯᠵᠢᠭᠦᠯᠬᠦ ᠬᠤᠯᠪᠣᠭᠳᠠᠯ ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠦᠨ᠎ᠡ ᠶᠢᠨ ᠵᠣᠭᠤᠰ ᠢ ᠬᠠᠤᠯᠢ ᠶᠣᠰᠣᠭᠠᠷ ᠵᠥᠪᠰᠢᠶᠡᠷᠡᠭᠦᠯᠬᠦ ᠪᠠᠷ ᠳᠡᠮᠵᠢᠨ ᠨᠦᠬᠦᠵᠦ ᠲᠤᠰᠢᠶᠠᠨ᠂ ᠣᠯᠣᠭᠰᠠᠨ ᠠᠷᠭ᠎ᠠ ᠮᠠᠶ᠋ᠢᠭ ᠢ ᠨᠢ ᠲᠦᠯᠦᠪᠦᠷᠢᠲᠡᠢ ᠰᠢᠯᠵᠢᠭᠦᠯᠦᠭᠰᠡᠨ ᠢᠶᠠᠷ ᠬᠤᠪᠢᠷᠠᠭᠤᠯᠵᠤ ᠪᠣᠯᠣᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      3. ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠪᠠᠶᠢᠭᠤᠯᠤᠯ ᠤᠨ ᠥᠭᠡᠷᠡᠴᠢᠯᠡᠯᠲᠡ ᠬᠢᠬᠦ ᠳᠤ ᠬᠤᠪᠢᠶᠠᠷᠢᠯᠠᠨ ᠰᠠᠯᠭᠠᠵᠤ ᠥᠭᠭᠦᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦ᠃ ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠪᠠᠶᠢᠭᠤᠯᠤᠯ ᠤᠨ ᠥᠭᠡᠷᠡᠴᠢᠯᠡᠯᠲᠡ ᠬᠢᠬᠦ ᠳᠤ ᠬᠤᠯᠪᠣᠭᠳᠠᠭᠰᠠᠨ ᠬᠤᠪᠢᠶᠠᠷᠢᠯᠠᠨ ᠰᠠᠯᠭᠠᠵᠤ ᠥᠭᠬᠦ ᠭᠠᠵᠠᠷ ᠰᠢᠷᠣᠶ ᠨᠢ ︽ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠭᠠᠷᠴᠠᠭ︾ ᠲᠤ ᠨᠡᠶᠢᠴᠡᠭᠰᠡᠨ ᠪᠠᠶᠢᠪᠠᠯ᠂ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠦᠷᠭᠦᠯᠵᠢᠯᠡᠨ ᠬᠤᠪᠢᠶᠠᠷᠢᠯᠠᠨ ᠰᠠᠯᠭᠠᠵᠤ ᠥᠭᠬᠦ ᠠᠷᠭ᠎ᠠ ᠮᠠᠶ᠋ᠢᠭ ᠢᠶᠠᠷ ᠬᠡᠷᠡᠭᠯᠡᠵᠦ ᠪᠣᠯᠤᠨ᠎ᠠ︔ ︽ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠭᠠᠷᠴᠠᠭ︾ ᠲᠤ ᠥᠯᠥ ᠨᠡᠶᠢᠴᠡᠪᠡᠯ᠂ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠬᠤᠳᠠᠯᠳᠤᠵᠤ ᠠᠪᠬᠤ ᠲᠠᠯ᠎ᠠ ᠠᠴᠠ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠦᠨ᠎ᠡ ᠶᠢᠨ ᠵᠣᠭᠤᠰ ᠢ ᠨᠥᠬᠦᠵᠦ ᠲᠤᠰᠢᠶᠠᠭᠰᠠᠨ ᠤ ᠲᠠᠷᠠᠭ᠎ᠠ ᠦᠯᠦ ᠬᠥᠳᠡᠯᠬᠦ ᠬᠦᠷᠦᠩᠭᠡ ᠶᠢ ᠰᠢᠯᠵᠢᠭᠦᠯᠬᠦ ᠪᠦᠷᠢᠳᠭᠡᠯ ᠢ ᠭᠦᠢᠴᠡᠳᠭᠡᠨ᠎ᠡ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ︵ᠭᠤᠷᠪᠠ︶ ᠭᠠᠵᠠᠷ ᠰᠢᠷᠣᠶ ᠶᠢ ᠬᠡᠰᠡᠭᠯᠡᠨ ᠬᠤᠪᠢᠶᠠᠬᠤ᠂ ᠨᠡᠶᠢᠯᠡᠭᠦᠯᠵᠦ ᠰᠢᠯᠵᠢᠭᠦᠯᠦᠨ ᠥᠭᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ ᠬᠥᠮᠦᠨ ᠨᠢ ᠭᠤᠶᠤᠴᠢᠯᠠᠯ ᠭᠠᠷᠭᠠᠵᠤ᠂ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠲᠠᠩ ᠡᠷᠬᠡᠲᠦ ᠭᠠᠵᠠᠷ ᠢ ᠤᠯᠠᠨ ᠡᠷᠬᠡᠲᠦ ᠭᠠᠵᠠᠷ ᠪᠣᠯᠭᠠᠨ ᠬᠤᠪᠢᠶᠠᠵᠦ᠂ ᠤᠯᠠᠨ ᠡᠷᠬᠡᠲᠦ ᠭᠠᠵᠠᠷ ᠢ ᠨᠡᠶᠢᠯᠡᠭᠦᠯᠦᠭᠡᠳ ᠭᠠᠭᠴᠠ ᠡᠷᠬᠡᠲᠦ ᠭᠠᠵᠠᠷ ᠪᠣᠯᠭᠠᠵᠤ ᠪᠣᠯᠤᠨ᠎ᠠ᠃ ᠬᠡᠰᠡᠭᠯᠡᠭᠰᠡᠨ᠂ ᠨᠡᠶᠢᠯᠡᠭᠦᠯᠦᠭᠰᠡᠨ ᠤ ᠳᠠᠷᠠᠭᠠᠬᠢ ᠭᠠᠵᠠᠷ ᠰᠢᠷᠣᠶ ᠶᠢᠨ ᠥᠮᠴᠢᠯᠡᠬᠦ ᠡᠷᠬᠡ ᠨᠢ ᠲᠣᠳᠣᠷᠬᠠᠶ᠂ ᠲᠤᠰᠠᠭᠠᠷ ᠬᠡᠰᠡᠭᠯᠡᠬᠦ ᠨᠥᠬᠦᠴᠡᠯ ᠢ ᠪᠦᠷᠢᠳᠦᠭᠦᠯᠵᠦ᠂ ᠤᠯᠠᠨ ᠨᠡᠶᠢᠲᠡ ᠶᠢᠨ ᠢᠵᠢ ᠪᠦᠷᠢᠳᠦᠭᠦᠯᠬᠦ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠪᠠ ᠬᠡᠷᠡᠭᠯᠡᠯᠲᠡ ᠳᠤ ᠬᠤᠯᠪᠣᠭᠳᠠᠭᠰᠠᠨ ᠪᠠᠶᠢᠪᠠᠯ᠂ ᠰᠢᠯᠵᠢᠭᠦᠯᠦᠨ ᠥᠭᠬᠦ ᠭᠡᠷ᠎ᠡ ᠳᠤ ᠬᠤᠯᠪᠣᠭᠳᠠᠯ ᠪᠦᠬᠦᠢ ᠡᠷᠬᠡ ᠡᠭᠦᠷᠭᠡ ᠶᠢ ᠲᠣᠳᠣᠷᠬᠠᠶᠢᠯᠠᠬᠤ ᠬᠡᠷᠡᠭᠲᠡᠶ᠃ ᠭᠠᠵᠠᠷ ᠰᠢᠷᠣᠶ ᠶᠢ ᠬᠡᠰᠡᠭᠯᠡᠨ ᠰᠢᠯᠵᠢᠭᠦᠯᠵᠦ ᠥᠭᠬᠦ ᠳᠤ ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ᠂ ᠲᠦᠯᠦᠪᠦᠷᠢᠲᠡᠢ ᠰᠢᠯᠵᠢᠭᠦᠯᠬᠦ ᠭᠡᠷ᠎ᠡ ᠶᠢᠨ ᠪᠣᠯᠵᠣᠨ ᠲᠣᠭᠲᠠᠭᠰᠠᠨ ᠵᠦᠢᠯ ᠳᠤ ᠨᠡᠶᠢᠴᠡᠬᠦ ᠬᠡᠷᠡᠭᠲᠡᠶ᠂ ᠬᠡᠰᠡᠭᠯᠡᠨ ᠬᠤᠪᠢᠶᠠᠬᠤ ᠪᠠ ᠲᠦᠯᠦᠪᠦᠷᠢᠲᠡᠢ ᠰᠢᠯᠵᠢᠭᠦᠯᠦᠨ ᠥᠭᠴᠦ ᠪᠣᠯᠬᠤ ᠦᠭᠡᠢ ᠭᠡᠵᠦ ᠲᠣᠳᠣᠷᠬᠠᠶ ᠲᠣᠭᠲᠠᠭᠠᠭᠰᠠᠨ ᠪᠠᠶᠢᠪᠠᠯ᠂ ᠪᠣᠯᠵᠣᠨ ᠲᠣᠭᠲᠠᠭᠰᠠᠨ ᠢᠶᠠᠷ ᠭᠦᠢᠴᠡᠣᠡᠭᠡᠭᠦ ᠬᠡᠷᠡᠭᠲᠡᠶ᠃ ᠬᠡᠰᠡᠭᠯᠡᠬᠦ ᠪᠠᠷ ᠪᠠᠶᠢᠭ᠎ᠠ ᠡᠷᠬᠡᠲᠦ ᠭᠠᠵᠠᠷ ᠢ ᠨᠢᠭᠡᠨᠲᠡ ᠤᠷᠢᠳᠴᠢᠯᠠᠨ ᠬᠤᠳᠠᠯᠳᠤᠭᠰᠠᠨ ᠪᠤᠶᠤ ᠣᠯᠠᠨ ᠡᠷᠬᠡ ᠠᠰᠢᠭ ᠤᠨ ᠭᠤᠣᠯ ᠴᠣᠭᠴᠠ ᠣᠷᠣᠰᠢᠵᠤ ᠪᠠᠶᠢᠪᠠᠯ᠂ ᠬᠤᠯᠪᠣᠭᠳᠠᠯ ᠪᠥᠬᠦᠶ ᠡᠷᠬᠡ ᠠᠰᠢᠭᠲᠤ ᠬᠥᠮᠦᠨ ᠤ ᠵᠥᠪᠰᠢᠶᠡᠷᠡᠯ ᠢ ᠤᠯᠬᠤ ᠬᠡᠷᠡᠭᠲᠡᠶ᠂ ᠡᠷᠬᠡ ᠠᠰᠢᠭᠲᠤ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠥᠬᠡᠶ᠃ ᠬᠡᠰᠡᠭᠯᠡᠨ ᠬᠤᠪᠢᠶᠠᠵᠤ ᠰᠢᠯᠵᠢᠭᠦᠯᠦᠨ ᠥᠭᠭᠦᠭᠰᠡᠨ ᠤ ᠲᠠᠷᠠᠭ᠎ᠠ ᠡᠯ᠎ᠡ ᠬᠡᠰᠡᠭ ᠭᠠᠵᠠᠷ ᠨᠢ ᠲᠥᠯᠥᠪᠵᠢᠭᠦᠯᠭᠡ ᠶᠢᠨ ᠬᠢᠵᠠᠭᠠᠷᠯᠠᠬᠤ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠂ ᠬᠡᠷᠪᠡ ᠪᠠᠭᠲᠠᠭᠠᠮᠵᠢ ᠶᠢᠨ ᠨᠤᠷᠮ᠎ᠠ ᠶᠢ ᠨᠢ ᠨᠡᠮᠡᠭᠳᠡᠭᠦᠯᠬᠦ ᠳᠤ ᠬᠦᠷᠪᠡᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠪᠠᠷᠢᠯᠭ᠎ᠠ ᠶᠢᠨ ᠲᠠᠯᠠᠪᠠᠢ ᠶᠢ ᠨᠡᠮᠡᠭᠳᠡᠭᠦᠯᠦᠭᠰᠡᠨ ᠲᠠᠯ᠎ᠠ ᠠᠴᠠ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠦᠭᠰᠡᠨ ᠦᠨ᠎ᠡ ᠶᠢᠨ ᠵᠣᠭᠤᠰ ᠢ ᠨᠥᠬᠦᠵᠦ ᠲᠤᠰᠢᠶᠠᠬᠤ ᠬᠡᠷᠡᠭᠲᠡᠢ᠃ ᠰᠢᠯᠵᠢᠭᠦᠯᠦᠨ ᠥᠭᠬᠦ ᠨᠥᠬᠦᠴᠡᠯ ᠳᠤ ᠬᠦᠷᠦᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢ ᠬᠡᠰᠡᠭᠯᠡᠨ ᠬᠤᠪᠢᠶᠠᠵᠤ ᠪᠣᠯᠤᠨ᠎ᠠ᠂ ᠬᠡᠰᠡᠭᠯᠡᠨ ᠬᠤᠪᠢᠶᠠᠵᠤ ᠰᠢᠯᠵᠢᠭᠦᠯᠦᠨ ᠥᠭᠬᠦ ᠠᠷᠭ᠎ᠠ ᠮᠠᠶ᠋ᠢᠭ ᠢᠶᠠᠷ ᠳᠠᠮᠵᠢᠭᠤᠯᠵᠤ ᠪᠠᠶᠢᠭᠠᠳ ᠪᠠᠶᠢᠭᠤᠯᠵᠤ ᠪᠠᠶᠢᠭ᠎ᠠ ᠪᠠᠷᠢᠯᠭ᠎ᠠ ᠵᠢᠴᠢ ᠠᠵᠤ ᠠᠬᠤᠶᠢᠯᠠᠯ ᠤᠨ ᠳᠣᠣᠷ᠎ᠠ ᠠᠰᠢᠭᠯᠠᠮᠵᠢᠳᠤ ᠭᠠᠵᠠᠷ ᠪᠣᠯᠤᠨ ᠰᠤᠯᠠ ᠲᠠᠯᠪᠢᠵᠤ ᠪᠠᠶᠢᠭ᠎ᠠ ᠦᠢᠯᠡᠳᠪᠦᠷᠢ ᠶᠢᠨ ᠲᠠᠰᠤᠭ ᠢ ᠭᠦᠢᠴᠡᠳ ᠠᠰᠢᠭᠯᠠᠨ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠥᠭᠵᠢᠭᠦᠯᠬᠦ ᠶᠢ ᠨᠢ ᠵᠣᠷᠢᠭᠵᠢᠭᠤᠯᠤᠨ᠎ᠠ᠂ ᠭᠡᠪᠡᠴᠦ ᠭᠠᠵᠠᠷ ᠰᠢᠷᠣᠶ ᠶᠢᠨ ᠵᠣᠷᠢᠭᠤᠯᠤᠯᠲᠠ ᠶᠢ ᠬᠤᠪᠢᠷᠠᠭᠤᠯᠬᠤ ᠳᠤ ᠡᠷᠬᠡᠪᠰᠢ ᠬᠠᠤᠯᠢ ᠶᠣᠰᠣᠭᠠᠷ ᠵᠥᠪᠰᠢᠶᠡᠷᠡᠭᠦᠯᠬᠦ ᠬᠡᠷᠡᠭᠲᠡᠶ︔ ᠨᠢᠭᠡᠨᠲᠡ ᠲᠥᠯᠥᠪᠵᠢᠭᠦᠯᠭᠡ ᠶᠣᠰᠣᠭᠠᠷ ᠪᠦᠳᠦᠭᠡᠨ ᠪᠠᠶᠢᠭᠤᠯᠵᠤ ᠳᠠᠭᠤᠰᠬᠠᠭᠰᠠᠨ ᠪᠥᠭᠡᠳ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠡᠷᠡᠭᠯᠡᠬᠦ ᠭᠠᠵᠠᠷ ᠢ ᠬᠡᠰᠡᠭᠯᠡᠨ ᠬᠤᠪᠢᠶᠠᠵᠤ ᠰᠢᠯᠵᠢᠭᠦᠯᠦᠨ ᠥᠭᠭᠦᠭᠰᠡᠨ ᠪᠣᠯ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠤᠩᠭᠡ ᠶᠢᠨ ᠡᠷᠬᠡ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ ᠬᠡᠰᠡᠭᠯᠡᠨ ᠬᠤᠪᠢᠶᠠᠵᠤ ᠰᠢᠯᠵᠢᠭᠦᠯᠦᠨ ᠥᠭᠬᠦ ᠭᠠᠷ ᠭᠦᠢᠴᠡᠳᠬᠡᠯ ᠬᠢᠬᠦ ᠬᠡᠷᠡᠭᠲᠡᠶ ᠪᠥᠭᠡᠳ ᠰᠢᠯᠵᠢᠭᠦᠯᠦᠨ ᠥᠭᠭᠦᠭᠰᠡᠨ ᠤ ᠲᠠᠷᠠᠭ᠎ᠠ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠭᠦᠯᠬᠦ ᠪᠠ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠨᠥᠯᠥᠭᠡᠯᠡᠵᠦ ᠪᠣᠯᠬᠤ ᠦᠭᠡᠢ᠃ ᠣᠯᠠᠨ ᠡᠷᠬᠡᠲᠦ ᠭᠠᠵᠠᠷ ᠢ ᠨᠡᠶᠢᠯᠡᠭᠦᠯᠬᠦ ᠳᠤ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠲᠦᠯᠦᠪᠦᠷᠢᠲᠡᠢ ᠰᠢᠯᠵᠢᠭᠦᠯᠬᠦ᠂ ᠰᠢᠯᠵᠢᠭᠦᠯᠦᠨ ᠬᠤᠳᠠᠯᠳᠤᠬᠤ᠂ ᠦᠨ᠎ᠡ ᠲᠣᠭᠲᠠᠭᠠᠨ ᠪᠠᠯᠠ ᠭᠠᠷᠭᠠᠬᠤ ᠪᠤᠶᠤ ᠬᠤᠪᠢ ᠣᠷᠣᠭᠤᠯᠬᠤ ᠵᠡᠷᠭᠡ ᠣᠯᠠᠨ ᠵᠦᠢᠯ ᠤᠨ ᠲᠥᠷᠥᠯ ᠬᠡᠯᠪᠡᠷᠢ ᠳᠤ ᠬᠤᠯᠪᠣᠭᠳᠠᠪᠠᠯ᠂ ᠵᠠᠷᠴᠢᠮ ᠳᠡᠭᠡᠷ᠎ᠡ ᠪᠠᠨ ᠨᠢᠭᠡᠳᠦᠯᠲᠡᠶ ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶ᠋ᠢᠭ ᠢᠶᠠᠷ ᠭᠦᠢᠴᠡᠳᠬᠡᠵᠦ᠂ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠪᠣᠯ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠦᠭᠰᠡᠨ ᠦᠨ᠎ᠡ ᠶᠢᠨ ᠵᠣᠭᠤᠰ ᠢ ᠨᠥᠬᠦᠵᠦ ᠲᠤᠰᠢᠶᠠᠬᠤ ᠬᠡᠷᠡᠭᠲᠡᠶ ; ᠦᠯᠡᠳᠡᠵᠦ ᠪᠠᠶᠢᠭ᠎ᠠ ᠲᠦᠯᠦᠪᠦᠷᠢᠲᠡᠢ ᠰᠢᠯᠵᠢᠭᠦᠯᠦᠭᠰᠡᠨ ᠵᠢᠯ ᠬᠤᠭᠤᠴᠠᠭ᠎ᠠ ᠨᠢ ᠨᠢᠭᠡᠳᠦᠯ ᠥᠬᠡᠶ ᠪᠣᠯ᠂ ᠬᠠᠷᠢᠴᠠᠩᠭᠤᠢ ᠣᠷᠳᠣ ᠵᠢᠯ ᠬᠤᠭᠤᠴᠠᠭ᠎ᠠ ᠪᠠᠷ ᠨᠢ ᠳᠡᠩᠰᠡᠯᠡᠵᠦ ᠪᠣᠯᠤᠨ᠎ᠠ᠂ ᠭᠡᠪᠡᠴᠦ ᠭᠠᠵᠠᠷ ᠰᠢᠷᠣᠶ ᠶᠢᠨ ᠲᠦᠯᠦᠪᠦᠷᠢᠲᠡᠢ ᠰᠢᠯᠵᠢᠭᠦᠯᠦᠭᠰᠡᠨ ᠦᠨ᠎ᠡ ᠶᠢᠨ ᠵᠣᠭᠤᠰ ᠢ ᠳᠠᠭᠢᠵᠤ ᠬᠠᠷᠭᠤᠭᠤᠯᠤᠨ ᠲᠣᠭᠲᠠᠭᠠᠬᠤ ᠶᠢᠨ ᠬᠠᠮᠲᠤ ᠴᠠᠭ ᠲᠤᠬᠠᠶ ᠳᠤ ᠨᠢ ᠨᠥᠬᠦᠵᠦ ᠲᠤᠰᠢᠶᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ᠭᠤᠷᠪᠠ᠂ ᠲᠦᠷᠢᠶᠡᠰᠦᠯᠡᠭᠦᠯᠬᠦ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠭᠦ ᠬᠡᠷᠩᠲᠠᠢ      ︵ᠨᠢᠭᠡ︶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠶᠢᠨ ᠴᠢᠬᠤᠯᠠ ᠪᠥᠬᠦᠶ ᠨᠥᠬᠦᠴᠡᠯ ᠢ ᠲᠣᠳᠣᠷᠬᠠᠶᠢᠯᠠᠨ᠎ᠠ᠃ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠳᠤ ᠲᠥᠯᠥᠪᠦᠷᠢ ᠲᠠᠢ ᠪᠠᠷ ᠬᠡᠷᠡᠭᠯᠡᠬᠦ ᠭᠡᠷ᠎ᠡ ᠶᠢᠨ ᠪᠣᠯᠵᠣᠯ ᠪᠤᠶᠤ ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠂ ᠨᠡᠶᠢᠲᠡ ᠪᠠᠷ ᠨᠢ ᠲᠦᠷᠢᠶᠡᠰᠦᠯᠡᠭᠦᠯᠵᠦ ᠪᠣᠯᠬᠤ ᠪᠦᠭᠡᠳ ᠬᠡᠰᠡᠭ ᠪᠦᠯᠦᠭ ᠢ ᠨᠢ ᠲᠦᠷᠢᠶᠡᠰᠦᠯᠡᠭᠦᠯᠦᠭᠰᠡᠨ ᠴᠦ ᠪᠣᠯᠤᠨ᠎ᠠ᠂ ᠡᠭᠦᠨ ᠤ ᠬᠠᠮᠲᠤ ᠪᠢᠴᠢᠭ ᠤᠨ ᠭᠡᠷ᠎ᠡ ᠲᠣᠭᠲᠠᠭᠠᠵᠤ ᠲᠦᠷᠢᠶᠡᠰᠦᠯᠡᠭᠦᠯᠬᠦ ᠪᠠ ᠳᠦᠷᠢᠶᠡᠰᠦᠯᠡᠬᠦ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ ᠲᠣᠭᠲᠠᠭᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶      ︵ᠬᠤᠶᠠᠷ︶ ᠦᠨ᠎ᠡ ᠲᠥᠯᠥᠪᠦᠷᠢ ᠲᠠᠢ ᠠᠷᠭ᠎ᠠ ᠮᠠᠶ᠋ᠢᠭ ᠢᠶᠠᠷ ᠣᠯᠤᠭᠰᠠᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠲᠦᠷᠢᠶᠡᠰᠦᠯᠡᠭᠦᠯᠬᠦ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ᠂ ᠦᠨ᠎ᠡ ᠲᠣᠭᠲᠠᠭᠠᠨ ᠪᠡᠯᠡ ᠭᠠᠷᠭᠠᠬᠤ ᠪᠤᠶᠤ ᠬᠤᠪᠢ ᠣᠷᠣᠭᠤᠯᠬᠤ ᠵᠡᠷᠭᠡ ᠦᠨ᠎ᠡ ᠲᠥᠯᠥᠪᠦᠷᠢ ᠲᠠᠢ ᠠᠷᠭ᠎ᠠ ᠮᠠᠶ᠋ᠢᠭ ᠢᠶᠠᠷ ᠣᠯᠤᠭᠰᠠᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠨ ᠲᠦᠷᠢᠶᠡᠰᠦᠯᠡᠭᠦᠯᠬᠦ ᠪᠤᠶᠤ ᠰᠢᠯᠵᠢᠭᠦᠯᠦᠨ ᠲᠦᠷᠢᠶᠡᠰᠦᠯᠡᠭᠦᠯᠬᠦ ᠳᠤ᠂ ᠲᠦᠷᠢᠶᠡᠰᠦᠯᠡᠭᠦᠯᠬᠦ ᠪᠤᠶᠤ ᠰᠢᠯᠵᠢᠭᠦᠯᠦᠨ ᠲᠦᠷᠢᠶᠡᠰᠦᠯᠡᠭᠦᠯᠬᠦ ᠭᠡᠷ᠎ᠡ ᠲᠣᠭᠲᠠᠬᠤ ᠬᠡᠷᠡᠭᠲᠡᠶ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠭᠡᠷ᠎ᠡ ᠶᠢᠨ ᠬᠠᠮᠢᠶ᠎ᠠ ᠪᠥᠬᠦᠢ ᠪᠣᠯᠵᠣᠯ ᠠᠴᠠ ᠵᠥᠷᠢᠴᠡᠵᠦ ᠪᠣᠯᠬᠤ ᠥᠭᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ︵ᠭᠤᠷᠪᠠ︶ ᠬᠤᠪᠢᠶᠠᠷᠢᠯᠠᠨ ᠥᠭᠬᠦ ᠠᠷᠭ᠎ᠠ ᠮᠠᠶ᠋ᠢᠭ ᠢᠶᠠᠷ ᠣᠯᠤᠭᠰᠠᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠲᠦᠷᠢᠶᠡᠰᠦᠯᠡᠭᠦᠯᠬᠦ ᠬᠠᠮᠢᠶᠠᠷᠤᠯᠲᠠ ᠶᠢ ᠴᠢᠩᠭᠠᠳᠬᠠᠨ᠎ᠠ᠃ ᠬᠤᠪᠢᠶᠠᠷᠢᠯᠠᠨ ᠥᠭᠬᠦ ᠠᠷᠭ᠎ᠠ ᠮᠠᠶ᠋ᠢᠭ ᠢᠶᠠᠷ ᠣᠯᠤᠭᠰᠠᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠳᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠳᠡᠭᠡᠭᠰᠢ ᠲᠤᠰᠢᠶᠠᠬᠤ ᠲᠦᠷᠢᠶᠡᠰᠦᠨ ᠮᠥᠩᠭᠦ ᠳᠤ ᠠᠭᠤᠯᠤᠭᠳᠠᠵᠤ ᠪᠠᠶᠢᠭ᠎ᠠ ᠭᠠᠵᠠᠷ ᠰᠢᠷᠣᠶ ᠶᠢᠨ ᠠᠰᠢᠭ ᠣᠯᠵᠠᠪᠤᠷᠢ ᠶᠢ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠬᠠᠮᠢᠶᠠᠷᠤᠯᠲᠠ ᠳᠤ ᠣᠷᠣᠭᠤᠯᠵᠤ᠂ ᠣᠷᠣᠯᠭ᠎ᠠ ᠵᠠᠷᠤᠯᠭ᠎ᠠ ᠶᠢ ᠠᠰ ᠠᠰ ᠲᠤ ᠨᠢ ᠬᠠᠮᠢᠶᠠᠷᠬᠤ ᠲᠣᠭᠲᠠᠭᠠᠯ ᠶᠣᠰᠣᠭᠠᠷ᠂ ᠬᠠᠷᠢᠶ᠎ᠠ ᠭᠠᠵᠠᠷ ᠢᠶᠠᠷ ᠨᠢ ᠬᠠᠮᠢᠶᠠᠷᠬᠤ ᠶᠢ ᠬᠡᠷᠡᠭᠵᠢᠭᠦᠯᠵᠦ ᠪᠠᠶᠢᠭᠠᠳ ᠠᠳᠠᠯᠢ ᠱᠠᠲᠤᠨ ᠤ ᠡᠳ᠋ ᠤᠨ ᠵᠠᠰᠠᠭ ᠲᠤ ᠲᠤᠰᠢᠶᠠᠬᠤ ᠬᠡᠷᠡᠭᠲᠡᠶ᠃ ᠡᠷᠬᠡᠲᠦ ᠭᠠᠵᠠᠷ ᠢ ᠣᠷᠳᠣ ᠬᠤᠭᠤᠴᠠᠭ᠎ᠠ ᠪᠠᠷ ᠲᠦᠷᠢᠶᠡᠰᠦᠯᠡᠭᠦᠯᠦᠭᠰᠡᠨ ︵ᠵᠠᠯᠭᠠᠭ᠎ᠠ ᠪᠠᠷ 5 ᠵᠢᠯ ᠠᠴᠠ ᠬᠡᠲᠦᠷᠡᠭᠰᠡᠨ︶ ᠪᠤᠶᠤ ᠨᠢᠭᠡ ᠬᠡᠰᠡᠭ ᠢ ᠨᠢ ᠳᠦᠷᠢᠶᠡᠰᠦᠯᠡᠭᠦᠯᠦᠭᠰᠡᠨ ᠮᠥᠷᠲᠡᠭᠡᠨ ᠬᠡᠰᠡᠭᠯᠡᠨ ᠬᠤᠪᠢᠶᠠᠵᠤ ᠪᠣᠯᠬᠤ ᠳᠤ ᠭᠦᠷᠪᠡᠯ᠂ ᠲᠦᠯᠦᠪᠦᠷᠢᠲᠡᠢ ᠰᠢᠯᠵᠢᠭᠦᠯᠬᠦ᠂ ᠲᠦᠷᠢᠶᠡᠰᠦᠯᠡᠬᠦ ᠵᠡᠷᠭᠡ ᠦᠨ᠎ᠡ ᠲᠥᠯᠥᠪᠦᠷᠢ ᠲᠠᠢ ᠬᠡᠷᠡᠭᠯᠡᠬᠦ ᠭᠠᠷᠳᠠᠮ ᠢ ᠬᠠᠤᠯᠢ ᠶᠣᠰᠣᠭᠠᠷ ᠨᠥᠬᠦᠨ ᠭᠦᠢᠴᠡᠳᠭᠡᠬᠦ ᠬᠡᠷᠡᠭᠲᠡᠶ᠃ ᠬᠤᠪᠢᠶᠠᠷᠢᠯᠠᠨ ᠥᠭᠭᠦᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠦᠭᠰᠡᠨ ᠠᠰᠢᠭ ᠣᠯᠵᠠᠪᠤᠷᠢ ᠶᠢᠨ ᠣᠨ ᠤ ᠭᠤᠶᠤᠴᠢᠯᠠᠨ ᠮᠡᠳᠡᠭᠦᠯᠬᠦ ᠲᠦᠷᠢᠮ ᠢ ᠪᠠᠶᠢᠭᠤᠯᠵᠤ᠂ ᠲᠦᠷᠢᠶᠡᠰᠦᠯᠡᠭᠦᠯᠦᠭᠴᠢ ᠨᠢ ᠬᠠᠤᠯᠢ ᠶᠣᠰᠣᠭᠠᠷ ᠭᠤᠶᠤᠴᠢᠯᠠᠨ ᠮᠡᠳᠡᠭᠦᠯᠬᠦ ᠶᠢᠨ ᠬᠠᠮᠲᠤ ᠬᠠᠮᠢᠶ᠎ᠠ ᠪᠥᠬᠦᠶ ᠠᠰᠢᠭ ᠣᠯᠵᠠᠪᠤᠷᠢ ᠶᠢ ᠲᠤᠰᠢᠶᠠᠭᠰᠠᠨ ᠪᠠᠶᠢᠪᠠᠯ᠂ ᠬᠤᠪᠢᠶᠠᠷᠢᠯᠠᠨ ᠥᠭᠭᠦᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠶᠢᠨ ᠵᠥᠪᠰᠢᠶᠡᠷᠡᠭᠦᠯᠬᠦ ᠭᠠᠷᠳᠠᠮ ᠢ ᠳᠠᠭᠢᠵᠤ ᠠᠰ ᠲᠤ ᠨᠢ ᠲᠤᠰᠠᠭᠠᠷ ᠭᠦᠢᠴᠡᠳᠭᠡᠬᠦ ᠥᠬᠡᠶ᠃ ᠡᠯ᠎ᠡ ᠱᠠᠲᠤᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠤᠷᠰᠢᠨ ᠬᠠᠮᠵᠢᠯᠴᠠᠬᠤ ᠪᠠᠨ ᠴᠢᠩᠭᠠᠳᠬᠠᠵᠤ᠂ ᠬᠠᠮᠲᠤᠷᠠᠭᠰᠠᠨ ᠲᠠᠲᠠᠪᠤᠷᠢᠯᠠᠨ ᠲᠤᠰᠢᠶᠠᠬᠤ ᠲᠣᠭᠲᠠᠴᠠ ᠶᠢ ᠪᠠᠶᠢᠭᠤᠯᠤᠨ᠂ ᠲᠣᠭᠤᠷᠢᠨ ᠪᠠᠶᠢᠴᠠᠭᠠᠵᠤ ᠢᠯᠡᠷᠡᠭᠦᠯᠬᠦ᠂ ᠢᠯᠡᠴᠢᠯᠡᠨ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ︵ᠳᠥᠷᠪᠡ︶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠣᠷᠴᠢᠨ ᠨᠦᠬᠦᠴᠡᠯ ᠢ ᠪᠣᠶ ᠪᠣᠯᠭᠠᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠰᠦᠯᠵᠢᠶᠡᠨ ᠥᠷᠲᠡᠭᠡ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠡ ᠲᠡᠮᠳᠡᠭᠯᠡᠬᠦ ᠲᠤᠮᠤ ᠲᠢᠩᠬᠢᠮ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠤᠩᠬᠤᠪᠴᠢ ᠵᠡᠷᠭᠡ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠳᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠶ᠃ ᠡᠭᠦᠨ ᠤ ᠬᠠᠮᠲᠤ᠂ ᠲᠦᠷᠢᠶᠡᠰᠦᠯᠡᠭᠦᠯᠬᠦ ᠭᠡᠷ᠎ᠡ ᠶᠢᠨ ᠵᠢᠷᠤᠮᠵᠢᠭᠰᠠᠨ ᠪᠢᠴᠢᠭ ᠢ ᠲᠣᠭᠲᠠᠭᠠᠵᠤ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠳᠡᠰ ᠳᠠᠷᠠᠭᠠᠯᠠᠯ ᠢ ᠵᠢᠷᠤᠮᠵᠢᠭᠤᠯᠤᠨ᠂ ᠡᠷᠬᠡ ᠠᠰᠢᠭᠲᠤ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠩᠳᠠᠢ᠃ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠦᠭᠰᠡᠨ ᠪᠠᠶᠢᠳᠠᠯ ᠵᠢᠴᠢ ᠵᠠᠬ᠎ᠠ ᠳᠡᠯᠭᠡᠭᠦᠷ ᠤᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠪᠦᠷᠢᠳᠬᠡᠨ ᠵᠠᠳᠠᠯᠵᠤ᠂ ᠲᠦᠷᠢᠶᠡᠰᠦᠯᠡᠭᠦᠯᠬᠦ ᠵᠠᠬ᠎ᠠ ᠳᠡᠯᠭᠡᠭᠦᠷ ᠤᠨ ᠬᠥᠳᠡᠯᠦᠩᠭᠦᠶ ᠮᠡᠳᠡᠭᠡ ᠵᠠᠩᠭᠢ ᠪᠠ ᠵᠦᠭᠯᠡᠭᠦᠷ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ᠳᠥᠷᠪᠡ᠂ ᠪᠠᠷᠢᠴᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠷᠢᠴᠠᠭᠠᠯᠠᠬᠤ ᠡᠷᠬᠡ ᠴᠢᠳᠠᠪᠤᠷᠢ ᠶᠢ ᠪᠠᠲᠤᠯᠠᠬᠤ ᠬᠡᠷᠩᠳᠠᠢ      ︵ᠨᠢᠭᠡ︶ ᠪᠠᠷᠢᠴᠠᠭᠠᠯᠠᠬᠤ ᠨᠥᠬᠦᠴᠡᠯ ᠢ ᠲᠣᠳᠤᠷᠬᠠᠶᠢᠯᠠᠨ᠎ᠠ᠃ ᠬᠤᠪᠢᠶᠠᠷᠢᠯᠠᠨ ᠥᠭᠬᠦ ᠠᠷᠭ᠎ᠠ ᠮᠠᠶ᠋ᠢᠭ ᠢᠶᠠᠷ ᠣᠯᠤᠭᠰᠠᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠳᠤ ᠪᠠ ᠲᠡᠭᠦᠨ ᠤ ᠭᠠᠵᠠᠷ ᠳᠡᠭᠡᠷᠡᠬᠢ ᠪᠠᠷᠢᠯᠭ᠎ᠠ ᠶᠢᠨ ᠵᠦᠢᠯ ᠲᠠᠢ ᠬᠠᠮᠲᠤ ᠳᠤ ᠨᠢ ᠬᠠᠤᠯᠢ ᠲᠣᠭᠲᠠᠭᠠᠯ ᠶᠣᠰᠣᠭᠠᠷ ᠪᠠᠷᠢᠴᠠᠭᠠᠯᠠᠬᠤ ᠡᠷᠬᠡ ᠲᠣᠭᠲᠠᠭᠠᠵᠤ᠂ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠪᠠᠷᠢᠴᠠᠭᠠᠯᠠᠬᠤ ᠡᠷᠬᠡ ᠶᠢ ᠪᠡᠶᠡᠯᠡᠭᠦᠯᠬᠦ ᠦᠶ᠎ᠡ ᠳᠤ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠦᠭᠰᠡᠨ ᠣᠷᠣᠯᠭ᠎ᠠ ᠶᠢ ᠤᠷᠢᠳ ᠢᠶᠠᠷ ᠲᠤᠰᠢᠶᠠᠬᠤ ᠬᠡᠷᠡᠭᠲᠡᠶ᠃ ᠲᠦᠯᠦᠪᠦᠷᠢᠲᠡᠢ ᠰᠢᠯᠵᠢᠭᠦᠯᠬᠦ᠂ ᠦᠨ᠎ᠡ ᠲᠣᠭᠲᠠᠭᠠᠨ ᠪᠡᠯᠡ ᠭᠠᠷᠭᠠᠬᠤ ᠪᠤᠶᠤ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠣᠯᠤᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠳᠤ ᠪᠠᠷᠢᠴᠠᠭᠠᠯᠠᠬᠤ ᠡᠷᠬᠡ ᠶᠢ ᠬᠠᠤᠯᠢ ᠶᠣᠰᠣᠭᠠᠷ ᠲᠣᠭᠲᠠᠭᠠᠵᠤ ᠪᠣᠯᠤᠨ᠎ᠠ᠃ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠣᠯᠤᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠪᠣᠯ ᠲᠦᠷᠢᠶᠡᠰᠦᠯᠡᠭᠴᠢ ᠲᠣᠭᠲᠠᠭᠠᠯ ᠶᠣᠰᠣᠭᠠᠷ ᠭᠠᠵᠠᠷ ᠰᠢᠷᠣᠶ ᠶᠢᠨ ᠲᠦᠷᠢᠶᠡᠰᠦᠨ ᠮᠥᠩᠭᠦ ᠶᠢ ᠲᠤᠰᠢᠶᠠᠬᠤ ᠶᠢᠨ ᠬᠠᠮᠲᠤ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠤᠭᠰᠠᠨ ᠤ ᠲᠠᠷᠠᠭ᠎ᠠ᠂ ᠲᠦᠷᠢᠶᠡᠰᠦᠯᠡᠬᠦ ᠭᠡᠷ᠎ᠡ ᠶᠢᠨ ᠪᠣᠯᠵᠣᠯ ᠢ ᠦᠨᠳᠦᠰᠦᠯᠡᠨ᠂ ᠲᠡᠭᠦᠨ ᠤ ᠭᠠᠵᠠᠷ ᠳᠡᠭᠡᠷᠡᠬᠢ ᠪᠠᠷᠢᠯᠭ᠎ᠠ ᠵᠢᠴᠢ ᠪᠠᠷᠢᠯᠭ᠎ᠠ ᠶᠢᠨ ᠵᠦᠢᠯ᠂ ᠪᠤᠰᠤᠳ ᠲᠠᠭᠠᠯᠳᠠ ᠪᠣᠳᠠᠰ ᠢ ᠭᠠᠵᠠᠷ ᠰᠢᠷᠣᠶ ᠲᠠᠢ ᠬᠠᠮᠲᠤ ᠨᠢ ᠬᠠᠤᠯᠢ ᠶᠣᠰᠣᠭᠠᠷ ᠪᠠᠷᠢᠴᠠᠭᠠᠯᠠᠵᠤ ᠪᠣᠯᠤᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠬᠤᠶᠠᠷ︶ ᠪᠠᠷᠢᠴᠠᠭᠠᠨ ᠤ ᠡᠷᠬᠡᠲᠦ ᠬᠥᠮᠦᠨ ᠤ ᠬᠢᠵᠠᠭᠠᠷᠯᠠᠯ ᠢ ᠠᠭᠤᠵᠢᠭᠤ ᠲᠠᠯᠪᠢᠨ᠎ᠠ᠃ ᠠᠪᠴᠠᠭᠠᠨ ᠤ ᠡᠷᠬᠡ ᠶᠢ ᠠᠳᠠᠯᠢ ᠲᠡᠭᠰᠢ ᠪᠠᠶᠢᠯᠭᠠᠬᠤ᠂ ᠵᠣᠬᠢᠰᠲᠠᠶ ᠪᠠᠷ ᠠᠭᠤᠵᠢᠭᠤ ᠲᠠᠯᠪᠢᠬᠤ ᠵᠠᠷᠴᠢᠮ ᠶᠣᠰᠣᠭᠠᠷ᠂ ᠪᠠᠶᠢᠭᠠᠯᠢ ᠬᠥᠮᠦᠨ᠂ ᠠᠵᠤ ᠠᠬᠤᠶᠢᠯᠠᠯ ᠴᠥᠮ ᠪᠠᠷᠢᠴᠠᠭᠠᠨ ᠤ ᠡᠷᠬᠡᠲᠦ ᠬᠥᠮᠦᠨ ᠪᠣᠯᠣᠭᠰᠠᠨ ᠤ ᠬᠤᠪᠢ ᠠᠴᠠ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠵᠢᠴᠢ ᠲᠡᠭᠦᠨ ᠤ ᠭᠠᠵᠠᠷ ᠳᠡᠭᠡᠷᠡᠬᠢ ᠪᠠᠷᠢᠯᠭ᠎ᠠ᠂ ᠪᠤᠰᠤᠳ ᠲᠠᠭᠠᠯᠳᠠ ᠪᠣᠳᠠᠰ ᠤᠨ ᠥᠮᠴᠢᠯᠡᠬᠦ ᠡᠷᠬᠡ ᠪᠠᠷ ᠦᠯᠦ ᠬᠥᠳᠡᠯᠬᠦ ᠬᠦᠷᠦᠩᠭᠡ ᠶᠢᠨ ᠪᠠᠷᠢᠴᠠᠭᠠᠨ ᠤ ᠭᠠᠷ ᠭᠦᠢᠴᠡᠳᠬᠡᠯ ᠬᠢᠯᠭᠡᠬᠦ ᠪᠠᠷ ᠬᠠᠤᠯᠢ ᠶᠣᠰᠣᠭᠠᠷ ᠭᠤᠶᠤᠴᠢᠯᠠᠵᠤ ᠪᠣᠯᠣᠨ᠎ᠠ᠂ ᠠᠵᠤ ᠠᠬᠤᠶᠢᠯᠠᠯ ᠤᠨ ᠬᠤᠭᠤᠷᠣᠨᠳᠣᠬᠢ ᠠᠪᠴᠠᠭ᠎ᠠ ᠥᠭᠴᠡᠭᠡ ᠶᠢᠨ ᠭᠡᠷ᠎ᠡ ᠳᠤ ᠬᠤᠯᠪᠣᠭᠳᠠᠭᠰᠠᠨ ᠪᠠᠶᠢᠪᠠᠯ ᠡᠷᠬᠡᠪᠰᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶      ︵ᠭᠤᠷᠪᠠ︶ ᠪᠠᠷᠢᠴᠠᠭᠠᠨ ᠤ ᠪᠤᠳᠠᠰ ᠤᠨ ᠬᠢᠵᠠᠭᠠᠷᠯᠠᠯ ᠢ ᠠᠭᠤᠵᠢᠭᠤ ᠲᠠᠯᠪᠢᠨ᠎ᠠ᠃ ᠨᠡᠶᠢᠲᠡ ᠶᠢᠨ ᠠᠰᠠᠷᠠᠮᠵᠢ ᠶᠢᠨ ᠵᠣᠷᠢᠯᠭ᠎ᠠ ᠤᠨ ᠪᠣᠰᠣ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ᠂ ᠰᠤᠷᠭᠠᠨ ᠬᠦᠮᠦᠵᠢᠯ᠂ ᠰᠣᠶᠣᠯ ᠵᠡᠷᠭᠡ ᠨᠡᠶᠢᠭᠡᠮ ᠤᠨ ᠬᠦᠷᠢᠶ᠎ᠡ ᠴᠠᠷᠠᠭ᠎ᠠ ᠶᠢᠨ ᠠᠵᠤ ᠠᠬᠤᠶᠢᠯᠠᠯ ᠤᠳ ᠤᠨ ᠦᠨ᠎ᠡ ᠲᠥᠯᠥᠪᠦᠷᠢ ᠲᠠᠢ ᠠᠷᠭ᠎ᠠ ᠮᠠᠶ᠋ᠢᠭ ᠢᠶᠠᠷ ᠣᠯᠤᠭᠰᠠᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ᠂ ᠪᠡᠯᠡᠳᠬᠡᠮᠵᠢ ᠵᠡᠷᠭᠡ ᠡᠳ᠋ ᠬᠥᠷᠥᠩᠭᠡ ᠪᠠᠷ ᠢᠶᠠᠨ ᠪᠠᠷᠢᠴᠠᠭᠠᠯᠠᠵᠤ ᠪᠠᠯᠠ ᠲᠣᠬᠢᠷᠠᠭᠤᠯᠭ᠎ᠠ ᠬᠢᠬᠦ ᠶᠢ ᠵᠦᠪᠰᠢᠶᠡᠷᠡᠨ᠂ ᠡᠯ᠎ᠡ ᠭᠠᠵᠠᠷ ᠣᠷᠣᠨ ᠨᠢ ᠬᠠᠮᠢᠶ᠎ᠠ ᠪᠥᠬᠦᠶ ᠲᠥᠬᠦᠷ ᠠᠷᠭ᠎ᠠ ᠬᠡᠮᠵᠢᠶ᠎ᠡ ᠶᠢ ᠰᠦᠪᠡᠭᠴᠢᠯᠡᠨ ᠲᠣᠭᠲᠠᠭᠠᠵᠤ᠂ ᠪᠠᠷᠢᠴᠠᠭᠠᠯᠠᠬᠤ ᠡᠷᠬᠡ ᠶᠢ ᠪᠡᠶᠡᠯᠡᠭᠦᠯᠦᠭᠰᠡᠨ ᠤ ᠳᠠᠷᠠᠭ᠎ᠠ ᠭᠠᠵᠠᠷ ᠰᠢᠷᠣᠶ ᠶᠢᠨ ᠵᠣᠷᠢᠭᠤᠯᠤᠯᠲᠠ ᠶᠢ ᠬᠤᠪᠢᠷᠠᠭᠤᠯᠬᠤ ᠥᠬᠡᠶ᠂ ᠠᠰᠢᠭ ᠲᠤᠰᠠ ᠶᠢᠨ ᠬᠠᠮᠢᠶ᠎ᠠ ᠪᠥᠬᠦᠶ ᠬᠥᠮᠦᠨ ᠤ ᠡᠷᠬᠡ ᠠᠰᠢᠭ ᠢ ᠬᠤᠬᠢᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠩᠳᠠᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶      ᠲᠠᠪᠤ᠂ ᠦᠢᠯᠡᠴᠢᠯᠡᠭᠡᠨ ᠤ ᠲᠣᠭᠲᠠᠯᠴᠠᠭ᠎ᠠ ᠶᠢ ᠪᠥᠷᠢᠨᠰᠢᠬᠦᠯᠥᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠬᠡᠷᠩᠳᠠᠢ      ︵ᠨᠢᠭᠡ︶ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠮᠤ ᠲᠢᠩᠬᠢᠮ ᠪᠤᠶᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠲᠤᠮᠤ ᠲᠢᠩᠬᠢᠮ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠤᠩᠬᠤᠪᠴᠢ ᠭᠠᠷᠭᠠᠵᠤ᠂ ᠠᠷᠠᠯᠵᠢᠶᠠᠨ ᠤ ᠲᠠᠯᠠᠪᠤᠷ ᠭᠠᠵᠠᠷ ᠬᠠᠩᠭᠠᠵᠤ᠂ ᠰᠦᠯᠵᠢᠶ᠎ᠡ ᠪᠠᠷ ᠠᠷᠠᠯᠵᠢᠶᠠᠯᠠᠬᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ᠂ ᠠᠷᠠᠯᠵᠢᠶᠠᠨ ᠤ ᠬᠡᠷᠡᠭ ᠶᠠᠪᠤᠳᠠᠯ ᠢ ᠭᠦᠢᠴᠡᠳᠬᠡᠵᠦ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠨᠡᠶᠢᠲᠡᠯᠡᠬᠦ᠂ ᠠᠷᠠᠯᠵᠢᠶᠠᠯᠠᠬᠤ᠂ ᠠᠷᠠᠯᠵᠢᠶ᠎ᠠ ᠪᠦᠲᠦᠭᠰᠡᠨ ᠢ ᠨᠤᠲᠠᠯᠠᠬᠤ᠂ ᠭᠡᠷ᠎ᠡ ᠲᠣᠭᠲᠠᠬᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠵᠡᠷᠭᠡ ᠨᠢᠭᠡ ᠦᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡ ᠶᠢ ᠬᠠᠩᠭᠠᠬᠤ ᠬᠡᠷᠡᠭᠲᠡᠶ᠃ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠣᠭᠤᠯᠤᠨ ᠨᠢᠭᠡᠳᠦᠯᠲᠡᠶ ᠬᠠᠮᠢᠶᠠᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠢᠳᠡᠪᠬᠢᠲᠡᠶ ᠠᠬᠢᠭᠤᠯᠬᠤ ᠬᠡᠷᠩᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ︵ᠬᠤᠶᠠᠷ︶ ᠠᠷᠠᠯᠵᠢᠶᠠᠨ ᠤ ᠴᠤᠪᠤᠷᠠᠯ ᠢ ᠵᠢᠷᠤᠮᠵᠢᠭᠤᠯᠤᠨ᠎ᠠ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ︽ᠮᠡᠳᠡᠭᠡ ᠵᠠᠩᠭᠢ ᠨᠡᠶᠢᠲᠡᠯᠡᠬᠦ — ᠰᠠᠨᠠᠮᠵᠢ ᠨᠢᠭᠡᠲᠦᠬᠦ — ᠭᠡᠷ᠎ᠡ ᠲᠣᠭᠲᠠᠬᠤ — ᠠᠷᠠᠯᠵᠢᠶ᠎ᠠ ᠶᠢ ᠬᠢᠨᠠᠨ ᠬᠠᠮᠢᠶᠠᠷᠬᠤ︾ ᠠᠷᠠᠯᠵᠢᠶᠠᠨ ᠤ ᠴᠤᠪᠤᠷᠠᠯ ᠢ ᠪᠠᠶᠢᠭᠤᠯᠬᠤ ᠬᠡᠷᠡᠭᠲᠡᠶ᠃ ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠣᠯᠵᠤ ᠪᠣᠯᠤᠨ᠎ᠠ︔ ᠬᠠᠤᠯᠢ ᠶᠣᠰᠣᠭᠠᠷ ᠥᠪᠡᠰᠦᠪᠡᠨ ᠵᠥᠪᠳᠡᠯᠴᠡᠨ ᠠᠷᠠᠯᠵᠢᠶᠠᠯᠠᠵᠤ ᠪᠣᠯᠤᠨ᠎ᠠ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠳᠤ ᠨᠠᠶᠢᠳᠠᠵᠤ ᠢᠯᠡ ᠪᠠᠷ ᠠᠷᠠᠯᠵᠢᠶᠠᠯᠠᠭᠤᠯᠤᠭᠰᠠᠨ ᠴᠤ ᠪᠣᠯᠤᠨ᠎ᠠ᠃ ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠦᠭᠰᠡᠨ ᠤ ᠳᠠᠷᠠᠭ᠎ᠠ ᠭᠡᠷ᠎ᠡ ᠲᠣᠭᠲᠠᠵᠤ᠂ ᠠᠷᠠᠯᠵᠢᠶᠠᠯᠠᠬᠤ ᠦᠨ᠎ᠡ ᠪᠠᠨ ᠬᠠᠤᠯᠢ ᠶᠣᠰᠣᠭᠠᠷ ᠮᠡᠳᠡᠭᠦᠯᠵᠦ᠂ ᠮᠡᠳᠡᠭᠦᠯᠦᠭᠰᠡᠨ ᠦᠨ᠎ᠡ ᠨᠢ ᠪᠠᠷᠢᠮᠵᠢᠶᠠᠯᠠᠵᠣ ᠲᠣᠭᠲᠠᠭᠠᠭᠰᠠᠨ ᠭᠠᠵᠡᠷ ᠰᠢᠷᠣᠢ ᠶᠢᠨ ᠦᠨ᠎ᠡ ᠠᠴᠠ 20% ᠠᠴᠠ ᠢᠯᠡᠭᠦᠦ ᠳᠣᠤᠷ᠎ᠠ ᠪᠠᠶᠢᠪᠠᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠤᠷᠢᠳ ᠢᠶᠠᠷ ᠬᠤᠳᠠᠯᠳᠤᠨ ᠠᠪᠬᠤ ᠡᠷᠬᠡ ᠪᠠᠨ ᠬᠡᠷᠡᠭᠵᠢᠭᠦᠯᠵᠦ ᠪᠣᠯᠤᠨ᠎ᠠ ; ᠮᠡᠳᠡᠭᠦᠯᠦᠭᠰᠡᠨ ᠦᠨ᠎ᠡ ᠬᠠᠩᠰᠢ ᠨᠢ ᠥᠨᠳᠥᠷ ᠰᠢᠭ ᠪᠠᠶᠢᠪᠠᠯ᠂ ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠮᠥᠩᠭᠦᠨ ᠭᠦᠢᠯᠭᠡᠭᠡᠨ ᠤ ᠠᠷᠭ᠎ᠠ ᠪᠠᠷᠢᠯ ᠢᠶᠠᠷ ᠳᠠᠮᠵᠢᠭᠤᠯᠤᠨ ᠲᠤᠬᠢᠷᠠᠭᠤᠯᠤᠯᠳᠠ ᠬᠢᠬᠦ ᠶᠢᠨ ᠬᠠᠮᠲᠤ᠂ ᠡᠷᠬᠡᠲᠦ ᠬᠥᠮᠦᠨ ᠳᠤ ᠲᠦᠭᠰᠢᠭᠦᠷᠢ ᠶᠢ ᠰᠡᠷᠡᠮᠵᠢᠯᠡᠭᠦᠯᠬᠦ ᠰᠠᠨᠠᠭᠤᠯᠤᠮᠵᠢ ᠦᠭᠭᠦ ᠬᠡᠷᠩᠳᠠᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠠᠯᠵᠢᠶ᠎ᠠ ᠶᠢᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠶᠤ ᠲᠦᠯᠦᠪᠦᠷᠢᠲᠡᠢ ᠰᠢᠯᠵᠢᠭᠦᠯᠬᠦ ᠭᠡᠷ᠎ᠡ ᠶᠢᠨ ᠪᠣᠯᠵᠣᠯ᠂ ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ ᠤᠨ ᠲᠣᠭᠲᠠᠭᠠᠯ ᠳᠤ ᠨᠡᠶᠢᠴᠡᠬᠦ ᠥᠬᠡᠶ ᠪᠠᠶᠢᠪᠠᠯ᠂ ᠬᠠᠮᠢᠶ᠎ᠠ ᠪᠥᠬᠦᠶ ᠭᠠᠷᠳᠠᠮ ᠢ ᠨᠢ ᠭᠦᠢᠴᠡᠳᠭᠡᠨ ᠥᠭᠴᠦ ᠪᠣᠯᠬᠤ ᠥᠬᠡᠶ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠭᠠᠵᠠᠷ ᠰᠢᠷᠣᠶ ᠬᠡᠷᠡᠭᠯᠡᠬᠦ ᠡᠷᠬᠡ ᠵᠢᠴᠢ ᠭᠠᠵᠠᠷ ᠳᠡᠭᠡᠷᠡᠬᠢ ᠪᠠᠷᠢᠯᠭ᠎ᠠ ᠶᠢᠨ ᠠᠷᠠᠯᠵᠢᠶ᠎ᠠ ᠳᠤ ᠬᠤᠯᠪᠣᠭᠳᠠᠪᠠᠯ᠂ ᠬᠠᠮᠲᠤ ᠳᠤ ᠨᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠣᠩᠭᠤᠭᠰᠠᠨ ᠪᠥᠭᠡᠳ ᠢᠯᠡ ᠨᠡᠶᠢᠲᠡᠯᠡᠭᠰᠡᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠷᠠᠯᠵᠢᠶᠠᠨ ᠤ ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠬᠤ ᠥᠮᠴᠢᠯᠡᠬᠦ ᠡᠷᠬᠡ ᠶᠢᠨ ᠠᠷᠠᠯᠵᠢᠶᠠᠨ ᠤ ᠪᠠᠶᠢᠭᠤᠯᠤᠮᠵᠢ ᠳᠤ ᠢᠯᠡ ᠪᠠᠷ ᠠᠷᠠᠯᠵᠢᠶᠠᠯᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ︵ᠭᠤᠷᠪᠠ︶ ᠲᠤᠭ᠎ᠠ ᠪᠠᠷᠢᠮᠲᠠ ᠶᠢᠨ ᠬᠠᠷᠢᠯᠴᠠᠨ ᠨᠡᠪᠲᠡᠷᠡᠯᠴᠡᠬᠦ᠂ ᠬᠠᠮᠲᠤ ᠳᠤ ᠪᠠᠨ ᠭᠥᠷᠳᠡᠬᠦ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠭᠠᠵᠠᠷ ᠰᠢᠷᠣᠶ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠰᠢᠢᠳᠪᠦᠷᠢᠯᠡᠬᠦ ᠠᠵᠢᠯ ᠢ ᠵᠣᠯᠭᠠᠭᠤᠯᠬᠤ ᠪᠠᠨ ᠴᠢᠩᠭᠠᠳᠬᠠᠵᠤ᠂ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠳᠤ ᠬᠤᠯᠪᠣᠭᠳᠠᠭᠰᠠᠨ ᠬᠡᠷᠡᠭ ᠲᠤ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠠᠳ ᠤᠨ ᠰᠢᠭᠦᠬᠦ ᠬᠤᠷᠢᠶ᠎ᠠ ᠳᠤ ᠥᠯᠥ ᠬᠥᠳᠡᠯᠬᠦ ᠬᠥᠷᠥᠩᠭᠡ ᠳᠤ ᠬᠤᠯᠪᠣᠭᠳᠠᠭᠰᠠᠨ ᠡᠷᠬᠡ ᠶᠢᠨ ᠪᠠᠶᠢᠳᠠᠯ᠂ ᠤᠤᠯ ᠤᠨ ᠲᠦᠯᠦᠪᠦᠷᠢᠲᠡᠢ ᠰᠢᠯᠵᠢᠭᠦᠯᠬᠦ ᠭᠡᠷ᠎ᠡ ᠳᠤ ᠪᠣᠯᠵᠣᠨ ᠲᠣᠭᠲᠠᠭᠰᠠᠨ ᠡᠷᠬᠡ ᠡᠭᠦᠷᠭᠡ ᠶᠢᠨ ᠪᠠᠶᠢᠳᠠᠯ ᠵᠡᠷᠭᠡ ᠶᠢ ᠴᠠᠭ ᠲᠤᠬᠠᠶ ᠳᠤ ᠨᠢ ᠬᠠᠩᠭᠠᠬᠤ ᠬᠡᠷᠡᠭᠲᠡᠶ᠃ ᠬᠠᠤᠯᠢ ᠴᠠᠭᠠᠵᠠ ᠪᠠᠷ ᠰᠢᠢᠳᠪᠦᠷᠢᠯᠡᠭᠰᠡᠨ ᠭᠠᠵᠠᠷ ᠰᠢᠷᠣᠶ ᠶᠢ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠳᠤ ᠣᠷᠣᠭᠤᠯᠤᠨ ᠠᠷᠠᠯᠵᠢᠶᠠᠯᠠᠵᠤ ᠪᠣᠯᠤᠨ᠎ᠠ᠃ ᠭᠠᠵᠠᠷ ᠰᠢᠷᠣᠶ ᠳᠤ ᠬᠤᠯᠪᠣᠭᠳᠠᠭᠰᠠᠨ ᠡᠳ᠋ ᠬᠥᠷᠥᠩᠭᠡ ᠶᠢ ᠰᠢᠢᠳᠪᠦᠷᠢᠯᠡᠬᠦ ᠠᠵᠢᠯ ᠢ ᠵᠣᠯᠭᠠᠭᠤᠯᠬᠤ ᠪᠠᠨ ᠴᠢᠩᠭᠠᠳᠬᠠᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠤᠯᠤᠰ ᠤᠨ ᠥᠮᠴᠢᠯᠡᠯᠲᠦ ᠭᠠᠵᠠᠷ ᠰᠢᠷᠣᠶ ᠳᠤ ᠬᠤᠯᠪᠣᠭᠳᠠᠭᠰᠠᠨ ᠡᠳ᠋ ᠬᠥᠷᠥᠩᠭᠡ ᠶᠢ ᠰᠢᠢᠳᠪᠦᠷᠢᠯᠡᠬᠦ ᠬᠠᠮᠢᠶᠠᠷᠤᠯᠲᠠ ᠶᠢᠨ ᠴᠤᠪᠤᠷᠠᠯ ᠢ ᠵᠢᠷᠤᠮᠵᠢᠭᠤᠯᠵᠤ᠂ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ ᠡᠷᠬᠡ ᠶᠢᠨ ᠬᠠᠷᠢᠶᠠᠯᠠᠯ ᠢ ᠵᠢᠷᠤᠮᠵᠢᠭᠤᠯᠬᠤ ᠬᠡᠷᠡᠭᠲᠡᠢ︔ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠤᠶᠤ ᠠᠵᠢᠯ ᠦᠢᠯᠡᠰ ᠤᠨ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠳᠤ ᠪᠠᠨ᠂ ᠬᠤᠪᠢᠶᠠᠷᠢᠯᠠᠨ ᠥᠭᠭᠦᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠳᠤ ᠬᠤᠯᠪᠣᠭᠳᠠᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠶᠢᠨ ᠬᠠᠮᠲᠤ᠂ ᠡᠷᠬᠡᠲᠦ ᠭᠠᠵᠠᠷ ᠤᠨ ᠬᠤᠯᠪᠣᠭᠳᠠᠯ ᠪᠥᠬᠦᠶ ᠪᠠᠶᠢᠳᠠᠯ ᠢ ᠲᠤᠬᠠᠶ ᠶᠢᠨ ᠬᠥᠮᠦᠨ ᠳᠤ ᠦᠨᠡᠨ ᠮᠦᠨ ᠢᠶᠠᠷ ᠨᠢ ᠮᠡᠳᠡᠭᠳᠡᠭᠦ ᠬᠡᠷᠡᠭᠲᠡᠶ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠵᠠᠷ ᠰᠢᠷᠤᠢ ᠳᠤ ᠬᠤᠯᠪᠣᠭᠳᠠᠭᠰᠠᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠶᠢᠨ ᠬᠠᠮᠲᠤᠷᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠰᠢᠷᠤᠢ ᠳᠤ ᠬᠤᠯᠪᠣᠭᠳᠠᠭᠰᠠᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠶᠢᠨ ᠳᠡᠩᠰᠡᠯᠡᠨ ᠲᠡᠮᠳᠡᠭᠯᠡᠬᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶ᠎ᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤ ᠨᠢ ᠣᠨᠣᠪᠴᠢᠲᠠᠶ ᠬᠠᠩᠭᠠᠨ᠂ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤ ᠳᠤ ᠪᠠᠨ ᠭᠥᠷᠳᠡᠬᠦ ᠶᠢ ᠪᠡᠶᠡᠯᠡᠭᠦᠯᠬᠦ ᠬᠡᠷᠡᠭᠲᠡᠶ᠃ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠬᠢᠭᠡᠳ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠲᠠᠪᠴᠠᠩ ᠤᠨ ᠬᠠᠷᠢᠯᠴᠠᠨ ᠨᠡᠪᠲᠡᠷᠡᠯᠴᠡᠵᠦ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠭᠠᠵᠠᠷ ᠰᠢᠷᠣᠶ ᠶᠢᠨ ᠠᠷᠠᠯᠵᠢᠶᠠᠨ ᠤ ᠲᠠᠪᠴᠠᠩ ᠳᠤ ᠬᠦᠷᠭᠡᠵᠦ᠂ ᠠᠷᠠᠯᠵᠢᠶᠠᠨ ᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠬᠢᠭᠡᠳ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠭᠰᠡᠨ ᠲᠤᠭ᠎ᠠ ᠪᠠᠷᠢᠮᠲᠠ ᠶᠢᠨ ᠬᠠᠷᠢᠯᠴᠠᠨ ᠨᠡᠪᠲᠡᠷᠡᠯᠴᠡᠵᠦ᠂ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠢ︔ ᠠᠷᠠᠯᠵᠢᠶ᠎ᠠ ᠪᠡᠶᠡᠯᠡᠭᠳᠡᠭᠰᠡᠨ ᠤ ᠳᠠᠷᠠᠭ᠎ᠠ᠂ ᠭᠠᠵᠠᠷ ᠰᠢᠷᠣᠶ ᠶᠢᠨ ᠠᠷᠠᠯᠵᠢᠶᠠᠨ ᠤ ᠮᠡᠳᠡᠭᠡ ᠵᠠᠩᠭᠢ ᠶᠢ ᠴᠠᠭ ᠲᠤᠬᠠᠶ ᠳᠤ ᠨᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠲᠠᠪᠴᠠᠩ ᠳᠤ ᠬᠦᠷᠭᠡᠵᠦ᠂ ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠳᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠬᠠᠩᠭᠠᠬᠤ ᠬᠡᠷᠩᠳᠠᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ︵ᠳᠥᠷᠪᠡ︶ ᠵᠠᠭᠤᠴᠢ ᠵᠣᠬᠢᠶᠠᠨ ᠪᠠᠶᠢᠭᠤᠯᠤᠯᠲᠠ ᠶᠢ ᠪᠣᠢ ᠪᠣᠯᠭᠠᠨ ᠵᠢᠷᠤᠮᠵᠢᠭᠤᠯᠤᠨ᠎ᠠ᠃ ᠡᠯ᠎ᠡ ᠭᠠᠵᠠᠷ ᠣᠷᠣᠨ ᠨᠢ ᠵᠠᠬ᠎ᠠ ᠳᠡᠯᠭᠡᠭᠦᠷ ᠤᠨ ᠠᠷᠠᠯᠵᠢᠶᠠᠨ ᠤ ᠠᠵᠢᠯᠯᠠᠭ᠎ᠠ ᠳᠠᠬᠢ ᠨᠡᠶᠢᠭᠡᠮ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠬᠠᠮᠢᠶ᠎ᠠ ᠪᠥᠬᠦᠶ ᠪᠠᠶᠢᠭᠤᠯᠤᠮᠵᠢ ᠶᠢ ᠬᠥᠭᠵᠢᠭᠦᠯᠦᠨ᠂ ᠵᠣᠬᠢᠬᠤ ᠲᠤᠬᠠᠶᠢᠯᠠᠭᠰᠠᠨ ᠠᠵᠢᠯ ᠤᠨ ᠬᠢᠷᠢ ᠴᠢᠳᠠᠮᠵᠢ ᠲᠠᠢ ᠵᠠᠭᠤᠴᠢ ᠪᠠᠶᠢᠭᠤᠯᠤᠮᠵᠢ ᠶᠢᠨ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠳᠤ ᠦᠨᠡᠨ ᠨᠡᠷ᠎ᠡ ᠪᠠᠷ ᠢᠶᠠᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠰᠣᠷᠠᠭ ᠨᠡᠶᠢᠲᠡᠯᠡᠬᠦ ᠶᠢ ᠵᠣᠷᠢᠭᠵᠢᠭᠤᠯᠵᠤ᠂ ᠠᠷᠠᠯᠵᠢᠶ᠎ᠠ ᠶᠢᠨ ᠡᠯ᠎ᠡ ᠲᠠᠯ᠎ᠠ ᠳᠤ ᠲᠠᠨᠢᠯᠴᠠᠭᠤᠯᠬᠤ᠂ ᠳᠡᠯᠭᠡᠨ ᠦᠵᠡᠭᠦᠯᠬᠦ᠂ ᠯᠠᠪᠯᠠᠭ᠎ᠠ ᠥᠭᠬᠦ᠂ ᠦᠨ᠎ᠡ ᠵᠢᠱᠢᠬᠦ᠂ ᠵᠠᠭᠤᠴᠢᠯᠠᠬᠤ ᠵᠡᠷᠭᠡ ᠦᠢᠯᠡᠴᠢᠯᠡᠭᠡᠨ ᠬᠠᠩᠭᠠᠬᠤ ᠬᠡᠷᠡᠭᠲᠡᠶ᠃ ᠶᠡᠷᠦᠩᠬᠡᠶᠢᠯᠡᠨ ᠦᠨᠡᠯᠡᠬᠦ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠶᠡᠷᠦᠩᠬᠡᠶᠢᠯᠡᠨ ᠨᠡᠷ᠎ᠡ ᠵᠢᠭᠰᠠᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠵᠠᠭᠤᠴᠢ ᠪᠠᠶᠢᠭᠤᠯᠤᠮᠵᠢ ᠶᠢᠨ ᠤᠬᠤᠷᠢᠨ ᠭᠠᠷᠬᠤ ᠲᠣᠭᠲᠠᠴᠠ ᠶᠢ ᠪᠠᠶᠢᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠭᠤᠴᠢᠯᠠᠬᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠴᠡᠭᠡᠷᠯᠡᠭᠦᠯᠵᠦ᠂ ᠵᠠᠭᠤᠴᠢ ᠵᠣᠬᠢᠶᠠᠨ ᠪᠠᠶᠢᠭᠤᠯᠤᠯᠲᠠ ᠶᠢᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠬᠥᠲᠥᠯᠥᠨ ᠵᠢᠯᠣᠭᠤᠳᠤᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ᠵᠢᠷᠭᠤᠭ᠎ᠠ᠂ ᠬᠢᠨᠠᠨ ᠰᠢᠨᠵᠢᠵᠦ ᠬᠢᠨᠠᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ      ︵ᠨᠢᠭᠡ︶ ᠵᠠᠬ᠎ᠠ ᠳᠡᠯᠭᠡᠭᠦᠷ ᠤᠨ ᠬᠢᠨᠠᠨ ᠰᠢᠨᠵᠢᠵᠦ ᠬᠢᠨᠠᠨ ᠬᠠᠮᠢᠶᠠᠷᠬᠤ ᠪᠠ ᠳᠣᠭᠢᠷᠠᠭᠤᠯᠤᠨ ᠡᠵᠡᠮᠳᠡᠬᠦ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠢ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠬᠥᠳᠡᠯᠦᠩᠭᠦᠶ ᠪᠠᠷ ᠬᠢᠨᠠᠨ ᠰᠢᠨᠵᠢᠵᠦ ᠬᠢᠨᠠᠨ ᠬᠠᠮᠢᠶᠠᠷᠬᠤ ᠲᠦᠷᠢᠮ ᠢ ᠪᠦᠷᠢᠨᠰᠢᠬᠦᠯᠵᠦ᠂ ᠬᠢᠨᠠᠨ ᠰᠢᠨᠵᠢᠵᠦ ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠰᠢᠰᠲ᠋ᠧᠮ ᠢᠶᠠᠨ ᠲᠡᠭᠦᠯᠳᠡᠷᠵᠢᠭᠦᠯᠬᠦ ᠬᠡᠷᠡᠭᠲᠡᠶ᠃ ᠲᠣᠰ ᠭᠠᠵᠠᠷ ᠣᠷᠣᠨ ᠤ ᠭᠠᠵᠠᠷ ᠰᠢᠷᠣᠶ ᠶᠢᠨ ᠰᠢᠯᠵᠢᠭᠦᠯᠦᠨ ᠥᠭᠭᠦᠭᠰᠡᠨ᠂ ᠲᠦᠷᠢᠶᠡᠰᠦᠯᠡᠭᠦᠯᠦᠭᠰᠡᠨ᠂ ᠪᠠᠷᠢᠴᠠᠭᠠᠯᠠᠭᠰᠠᠨ ᠲᠠᠯᠠᠪᠠᠶ᠂ ᠪᠦᠲᠦᠴᠡ᠂ ᠦᠨ᠎ᠡ ᠶᠢᠨ ᠵᠣᠭᠤᠰ᠂ ᠴᠠᠭ ᠤᠨ ᠳᠠᠷᠠᠭᠠᠯᠠᠯ᠂ ᠬᠤᠪᠢᠷᠠᠯᠲᠠ ᠶᠢᠨ ᠬᠠᠨᠳᠤᠰᠢ ᠵᠡᠷᠭᠡ ᠲᠤᠭ᠎ᠠ ᠪᠠᠷᠢᠮᠲᠠ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠬᠢᠵᠦ᠂ ᠬᠢᠨᠠᠨ ᠰᠢᠨᠵᠢᠵᠦ ᠵᠠᠳᠠᠯᠤᠯᠲᠠ ᠬᠢᠭᠰᠡᠨ ᠮᠡᠳᠡᠭᠦᠯᠦᠯᠲᠡ ᠭᠠᠷᠭᠠᠨ᠂ ᠵᠠᠬ᠎ᠠ ᠳᠡᠯᠭᠡᠭᠦᠷ ᠤᠨ ᠪᠠᠶᠢᠳᠠᠯ ᠢ ᠰᠤᠳᠤᠯᠤᠨ ᠮᠠᠭᠠᠳᠯᠠᠬᠤ ᠬᠡᠷᠡᠭᠲᠡᠶ᠃ ᠭᠠᠵᠠᠷ ᠤᠨ ᠦᠨ᠎ᠡ ᠶᠢ ᠵᠠᠷᠯᠠᠨ ᠨᠡᠶᠢᠲᠡᠯᠡᠬᠦ ᠲᠣᠭᠲᠠᠯᠴᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠪᠤᠶᠤ ᠪᠠᠷᠢᠮᠵᠢᠶᠠᠯᠠᠨ ᠲᠣᠭᠲᠠᠭᠠᠭᠰᠠᠨ ᠭᠠᠵᠠᠷ ᠤᠨ ᠦᠨ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠪᠠ ᠨᠡᠶᠢᠲᠡᠯᠡᠬᠦ ᠬᠡᠷᠩᠳᠠᠢ︔ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠣᠢ ᠪᠣᠯᠬᠤ᠂ ᠬᠢᠨᠠᠨ ᠰᠢᠨᠵᠢᠬᠦ᠂ ᠵᠢᠭᠠᠨ ᠵᠢᠯᠣᠭᠤᠳᠬᠤ᠂ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠠᠷᠠᠯᠵᠢᠶᠠᠨ ᠤ ᠦᠨ᠎ᠡ ᠬᠠᠩᠰᠢ ᠶᠢᠨ ᠬᠡᠪ ᠤᠨ ᠪᠤᠰᠤ ᠪᠠᠷ ᠬᠡᠯᠪᠡᠯᠵᠡᠬᠦ ᠶᠢ ᠰᠡᠷᠭᠡᠶᠢᠯᠡᠨ ᠬᠤᠷᠢᠭᠯᠠᠬᠤ ᠬᠡᠷᠩᠳᠠᠢ᠃ ᠭᠠᠵᠠᠷ ᠰᠢᠷᠣᠶ ᠶᠢ ᠰᠢᠯᠵᠢᠭᠦᠯᠦᠨ ᠥᠭᠬᠦ ᠳᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠳᠤ ᠬᠤᠯᠪᠣᠭᠳᠠᠬᠤ ᠬᠠᠮᠢᠶ᠎ᠠ ᠪᠥᠬᠦᠶ ᠪᠠᠯᠠ ᠮᠥᠩᠭᠦ ᠶᠢᠨ ᠢᠷᠡᠯᠲᠡ ᠨᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠭᠠᠵᠠᠷ ᠰᠢᠷᠣᠶ ᠬᠤᠳᠠᠯᠳᠤᠨ ᠠᠪᠬᠤ ᠪᠠ ᠪᠠᠯᠠ ᠲᠣᠬᠢᠷᠠᠭᠤᠯᠬᠤ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠬᠦ ᠬᠡᠷᠡᠭᠲᠡᠶ᠃ ᠭᠠᠵᠠᠷ ᠰᠢᠷᠣᠶ ᠶᠢᠨ ᠨᠢᠭᠡᠳᠦᠭᠡᠷ᠂ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠠᠵᠠᠷ ᠰᠢᠷᠣᠶ ᠶᠢᠨ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ᠂ ᠪᠦᠲᠦᠴᠡ᠂ ᠴᠠᠭ ᠤᠨ ᠳᠠᠷᠠᠭᠠᠯᠠᠯ ᠵᠡᠷᠭᠡ ᠶᠢ ᠵᠣᠯᠭᠠᠭᠤᠯᠬᠤ ᠶᠢ ᠴᠢᠩᠭᠠᠳᠬᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠴᠢᠯᠥᠭᠡᠲᠡᠶ ᠭᠦᠢᠯᠭᠡᠭᠡᠬᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠲᠡᠩᠴᠡᠭᠦᠯᠬᠦ ᠳᠠᠬᠢ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠠᠷᠭ᠎ᠠ ᠪᠠᠷᠢᠯ ᠢ ᠴᠠᠭ ᠲᠤ ᠨᠢ ᠳᠣᠭᠢᠷᠠᠭᠤᠯᠤᠨ ᠬᠡᠷᠡᠭᠯᠡᠵᠦ᠂ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠡᠵᠡᠮᠰᠢᠯ ᠲᠣᠬᠢᠷᠠᠭᠤᠯᠭ᠎ᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠠᠵᠢᠯᠯᠠᠬᠤ ᠶᠢ ᠬᠠᠮᠠᠭᠠᠯᠠᠬᠤ ᠬᠡᠷᠩᠳᠠᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠬᠤᠶᠠᠷ︶ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠭᠡᠷ᠎ᠡ ᠭᠦᠢᠴᠡᠳᠭᠡᠬᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠤᠳᠠᠯᠳᠤᠨ ᠠᠪᠤᠭᠴᠢ ᠬᠠᠮᠢᠶ᠎ᠠ ᠪᠥᠬᠦᠶ ᠡᠭᠦᠷᠭᠡ ᠪᠠᠨ ᠦᠷᠭᠦᠯᠵᠢᠯᠡᠨ ᠭᠦᠢᠴᠡᠳᠭᠡᠬᠦ ᠶᠢ ᠴᠠᠭ ᠲᠤᠬᠠᠶ ᠳᠤ ᠨᠢ ᠰᠠᠨᠠᠭᠤᠯᠬᠤ ᠪᠠ ᠰᠢᠮᠳᠠᠭᠤᠯᠬᠤ ᠬᠡᠷᠡᠭᠲᠡᠢ᠃ ᠠᠷᠠᠯᠵᠢᠶ᠎ᠠ ᠶᠢᠨ ᠡᠯ᠎ᠡ ᠲᠠᠯ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠲᠠᠰᠢᠷᠠᠮ ᠢᠶᠠᠷ ᠭᠦᠢᠴᠡᠳᠭᠡᠵᠦ᠂ ᠨᠢᠭᠡ ᠶᠢ ᠢᠯᠡ ᠪᠣᠯᠭᠠᠬᠤ︾ ᠪᠠᠷ ᠦᠨᠳᠦᠰᠦᠨ ᠠᠷᠭ᠎ᠠ ᠪᠠᠷᠢᠯ ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ ᠬᠡᠷᠩᠳᠠᠢ᠃ ᠡᠯ᠎ᠡ ᠭᠠᠵᠠᠷ ᠣᠷᠣᠨ ᠨᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠦᠨᠡᠯᠡᠬᠦ ᠲᠦᠷᠢᠮ ᠪᠠ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠢᠲᠡᠭᠡᠯ ᠠᠯᠳᠠᠭᠰᠠᠨ ᠬᠠᠷᠢᠭᠤᠴᠠᠯᠭ᠎ᠠ ᠶᠢᠨ ᠭᠤᠤᠯ ᠴᠣᠭᠴᠠ ᠳᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠂ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢᠨ ᠨᠡᠷᠡᠰ ᠢ ︽ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶︾ ᠤᠨ ᠰᠦᠯᠵᠢᠶᠡᠨ ᠥᠷᠲᠡᠭᠡ ᠳᠡᠭᠡᠷ᠎ᠡ ᠨᠡᠶᠢᠲᠡ ᠳᠤ ᠵᠠᠷᠯᠠᠵᠤ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠲᠣᠭᠲᠠᠯᠴᠠᠭ᠎ᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠂ ᠨᠡᠶᠢᠭᠡᠮ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠬᠥᠲᠥᠯᠦᠨ ᠵᠢᠯᠣᠭᠤᠳᠤᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠣᠳᠣᠷᠢᠣᠡᠬᠤ ᠪᠠᠨ ᠴᠢᠩᠭᠠᠳᠬᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠭᠰᠠᠨ ᠤ ᠬᠤᠪᠢ ᠳᠤ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠵᠤ ᠣᠳᠣᠷᠢᠣᠡᠬᠤ ᠪᠠᠨ ᠦᠨᠡᠨ ᠬᠦ ᠴᠢᠩᠭᠠᠳᠬᠠᠨ᠂ ᠤᠳᠤ ᠶᠢᠨ ᠪᠠᠶᠢᠭ᠎ᠠ ᠭᠠᠵᠠᠷ ᠰᠢᠷᠣᠶ ᠶᠢᠨ ᠠᠷᠠᠯᠵᠢᠶᠠᠨ ᠤ ᠪᠠᠶᠢᠭᠤᠯᠤᠮᠵᠢ ᠶᠢᠨ ᠰᠠᠭᠤᠷᠢᠨ ᠳᠡᠭᠡᠷ᠎ᠡ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠨᠤᠲᠤᠭ ᠤᠨ ᠪᠣᠳᠠᠳᠠᠢ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ ᠨᠠᠷᠢᠨ ᠲᠦᠷᠢᠮ ᠪᠠ ᠲᠦᠬᠦᠷ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠠᠵᠢᠯᠳᠠᠨ ᠪᠠ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠮᠥᠩᠭᠦᠨ ᠭᠦᠢᠯᠭᠡᠭᠡᠨ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠬᠢᠨᠠᠯᠲᠠ ᠬᠠᠮᠢᠶᠠᠷᠤᠯᠲᠠ ᠪᠠᠨ ᠲᠡᠭᠦᠯᠳᠡᠷᠵᠢᠭᠦᠯᠵᠦ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃      ︵ᠬᠤᠶᠠᠷ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠬᠠᠮᠢᠶ᠎ᠠ ᠪᠥᠬᠦᠶ ᠲᠣᠭᠲᠠᠭᠠᠯ ᠠᠴᠠ ᠵᠥᠷᠢᠴᠡᠭᠰᠡᠨ ᠵᠠᠰᠠᠭ ᠤᠨ ᠣᠷᠳᠣᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠵᠢᠴᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠬᠡᠷᠡᠭᠵᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠬᠡᠯᠡᠯᠴᠡᠨ ᠨᠡᠬᠡᠮᠵᠢᠯᠡᠨ᠎ᠡ᠃      ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠪᠠᠷ ᠪᠣᠶ ᠪᠣᠯᠤᠭᠰᠠᠨ ᠵᠠᠭᠤᠴᠢᠯᠠᠭᠤᠷ ᠢᠶᠠᠷ ᠳᠠᠮᠵᠢᠭᠤᠯᠤᠨ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠤᠨ᠂ ᠬᠠᠮᠢᠶ᠎ᠠ ᠪᠥᠬᠦᠶ ᠠᠵᠢᠯ ᠤᠨ ᠠᠷᠭ᠎ᠠ ᠬᠡᠮᠵᠢᠶ᠎ᠡ ᠪᠠ ᠣᠯᠤᠭᠰᠠᠨ ᠦᠷ᠎ᠡ ᠪᠦᠲᠦᠮᠵᠢ ᠶᠢ ᠴᠠᠭ ᠲᠤᠬᠠᠶ ᠳᠤ ᠨᠢ ᠮᠡᠳᠡᠭᠡᠯᠡᠨ᠂ ᠨᠡᠶᠢᠲᠡᠯᠢᠭ ᠲᠤᠷᠰᠢᠯᠭ᠎ᠠ ᠪᠠ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠨᠡᠶᠢᠭᠡᠮ ᠨᠡᠶᠢᠲᠡ ᠶᠢᠨ ᠬᠢᠨ ᠤ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠲᠤᠬᠠᠶ ᠣᠶᠢᠯᠠᠭᠠᠯᠲᠠ ᠪᠠ ᠳᠡᠮᠵᠢᠯᠭᠡ ᠶᠢ ᠨᠡᠮᠡᠭᠳᠡᠭᠦᠯᠬᠦ ᠬᠡᠷᠡᠭᠲᠡᠶ᠃ ᠣᠯᠠᠨ ᠨᠡᠶᠢᠲᠡ ᠶᠢᠨ ᠯᠠᠪᠯᠠᠯᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠣᠯᠠᠨ ᠨᠡᠶᠢᠲᠡ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠨ ᠴᠤᠭᠯᠠᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠵᠦᠶ ᠵᠣᠬᠢᠰᠲᠠᠶ ᠬᠥᠲᠥᠯᠦᠨ ᠵᠢᠯᠣᠭᠤᠳᠴᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤ ᠥᠭᠴᠦ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠪᠥᠲᠥᠭᠡᠨ ᠪᠠᠶᠢᠭᠤᠯᠤᠯᠲᠠ ᠶᠢ ᠤᠷᠤᠭᠰᠢᠲᠠᠶ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠢ ᠪᠣᠶ ᠪᠣᠯᠭᠠᠬᠤ ᠬᠡᠷᠡᠭᠲᠡᠶ᠃                                                                   2021 ᠣᠨ ᠤ 1 ᠳ᠋ᠦ᠋ᠭᠡᠷ ᠰᠠᠷ᠎ᠠ ᠶᠢᠨ 20 ᠤ ᠡᠳᠦᠷ                                                                     ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                        2020 ᠣᠨ ᠤ 1 ᠳ᠋ᠣᠭᠡᠷ ᠰᠠᠷ᠎ᠠ ᠶᠢᠨ 20 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ