ᠪᠦᠬᠦ ᠣᠷᠣᠨ ᠤ ᠬᠤᠤᠷ ᠴᠠᠭᠠᠵᠠᠯᠠᠬᠤ ᠠᠵᠢᠯ ᠤᠨ ᠲᠧᠯᠸᠢᠰ ᠤᠲᠠᠰᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/6/4
      ᠤᠶᠢᠷ᠎ᠠ ᠳᠤ᠂ ᠪᠥᠬᠦ ᠣᠷᠣᠨ ᠤ ᠬᠤᠤᠷ ᠴᠠᠭᠠᠵᠠᠯᠠᠬᠤ ᠠᠵᠢᠯ ᠤᠨ ᠲᠧᠯᠸᠢᠰ ᠤᠲᠠᠰᠦ ᠬᠤᠷᠠᠯ ᠬᠥᠬᠡᠬᠤᠲᠠ ᠳᠤ ᠬᠤᠷᠠᠯᠳᠤᠵᠤ᠂ ᠣᠶᠢᠷ᠎ᠠ ᠶᠢᠨ 3 ᠵᠢᠯ ᠤᠨ ᠲᠠᠯ᠎ᠠ ᠨᠤᠲᠤᠭ ᠤᠨ ᠬᠤᠤᠷ ᠴᠠᠭᠠᠵᠠᠯᠠᠬᠤ ᠠᠷᠠᠳ ᠤᠨ ᠲᠡᠶᠢᠨ ᠢ ᠥᠷᠨᠢᠭᠦᠯᠦᠭᠰᠡᠨ ᠪᠠᠶᠢᠳᠠᠯ ᠢ ᠳ᠋ᠦᠩᠨᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠬᠤᠤᠷ ᠴᠠᠭᠠᠵᠠᠯᠠᠬᠤ ᠠᠵᠢᠯ ᠳᠤ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠬᠤᠤᠷ ᠴᠠᠭᠠᠵᠠᠯᠠᠬᠤ ᠵᠥᠪᠯᠡᠯ ᠤᠨ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠵᠥᠪᠯᠡᠯ ᠤᠨ ᠪᠦᠷᠢᠯᠳᠦᠬᠦᠨ ᠨᠢᠭᠡᠴᠢ ᠨᠦᠭᠦᠳ ᠤᠨ ᠬᠠᠮᠲᠤ ᠶᠢᠨ ᠴᠢᠷᠮᠠᠶᠢᠯᠭ᠎ᠠ ᠪᠠᠷ᠂ ᠪᠥᠬᠦ ᠣᠷᠣᠨ ᠤ ᠠᠩᠬᠠᠳᠤᠭᠠᠷ ᠡᠭᠡᠯᠵᠢ ᠶᠢᠨ ᠲᠠᠯ᠎ᠠ ᠨᠤᠲᠤᠭ ᠤᠨ ᠬᠤᠤᠷ ᠴᠠᠭᠠᠵᠠᠯᠠᠬᠤ ᠠᠷᠠᠳ ᠤᠨ ᠲᠡᠶᠢᠨ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠂ ᠭᠡᠪᠡᠴᠦ ᠣᠷᠣᠨ ᠤ ᠳᠣᠲᠣᠷ᠎ᠠ ᠨᠢᠭᠤᠭᠳᠠᠵᠤ ᠪᠠᠶᠢᠭ᠎ᠠ ᠬᠤᠤᠷᠳᠦ ᠡᠳ᠋ ᠤᠨ ᠬᠡᠷᠡᠭᠴᠡᠭᠡ ᠦᠨᠳᠦᠷ ᠪᠠᠶᠢᠵᠤ᠂ ᠬᠤᠤᠷᠳᠦ ᠡᠳ᠋ ᠦᠢᠯᠡᠳᠬᠦ ᠪᠣᠳᠠᠰ᠂ ᠬᠤᠤᠷᠳᠦ ᠡᠳ᠋ ᠤᠨ ᠲᠦᠬᠦᠭᠡᠢ ᠤᠷᠭᠤᠮᠠᠯ ᠢ ᠲᠠᠷᠢᠵᠦ ᠤᠷᠭᠤᠭᠤᠯᠬᠤ ᠠᠵᠢᠯᠯᠠᠭ᠎ᠠ ᠶᠢ ᠬᠠᠮᠢᠶᠠᠷᠤᠨ ᠡᠵᠡᠮᠳᠡᠬᠦ ᠲᠦᠭᠰᠢᠭᠦᠷᠢ ᠮᠥᠨ ᠬᠦ ᠮᠠᠰᠢ ᠶᠡᠭᠡ ᠪᠤᠢ᠃ ᠣᠳᠣᠬᠠᠨ ᠤ ᠬᠤᠤᠷᠳᠦ ᠡᠳ᠋ ᠤᠨ ᠰᠢᠨ᠎ᠡ ᠬᠤᠪᠢᠷᠠᠯᠲᠠ ᠶᠢ ᠢᠳᠡᠪᠬᠢᠲᠡᠶ ᠠᠷᠭᠠᠴᠠᠭᠠᠵᠦ᠂ ᠶᠡᠭᠡ ᠬᠡᠮᠵᠢᠶᠡᠨ ᠤ ᠬᠤᠤᠷᠳᠦ ᠡᠳ᠋ ᠢ ᠨᠢᠭᠤᠴᠠ ᠪᠠᠷ ᠰᠠᠷᠢᠭᠠᠯᠠᠨ ᠠᠷᠠᠯᠵᠢᠶᠠᠯᠠᠬᠤ᠂ ᠣᠷᠣᠨ ᠤ ᠳᠤᠳᠤᠷ᠎ᠠ ᠬᠤᠤᠷᠳᠦ ᠡᠳ᠋ ᠢ ᠬᠡᠪᠴᠢᠶᠡᠵᠢᠭᠦᠯᠦᠨ ᠦᠢᠯᠡᠳᠬᠦ᠂ ᠬᠤᠤᠷ ᠲᠠᠲᠠᠭᠴᠢ ᠶᠢᠨ ᠬᠡᠷᠡᠭ ᠭᠠᠷᠭᠠᠵᠤ ᠤᠷᠰᠢᠭ ᠲᠠᠲᠠᠬᠤ᠂ ᠫᠤᠤ ᠵᠡᠪᠰᠡᠭ᠂ ᠳᠡᠯᠪᠡᠷᠡᠯᠲᠡ ᠪᠠ ᠬᠠᠷ᠎ᠠ ᠪᠦᠯᠦᠭᠲᠡᠨ ᠳᠤ ᠬᠤᠯᠪᠣᠭᠳᠠᠭᠰᠠᠨ ᠬᠤᠤᠷᠳᠦ ᠡᠳ᠋ ᠤᠨ ᠬᠡᠷᠡᠭ ᠡᠭᠦᠰᠬᠦ ᠂ ᠬᠤᠤᠷᠳᠦ ᠡᠳ᠋ ᠦᠢᠯᠡᠳᠬᠦ ᠳᠤ ᠬᠢᠯᠪᠡᠷ ᠬᠢᠮᠢ ᠶᠢᠨ ᠪᠤᠳᠠᠰ ᠤᠨ ᠠᠯᠳᠠᠭᠳᠠᠬᠤ ᠵᠡᠷᠭᠡ ᠶᠢ ᠴᠢᠩᠭ᠎ᠠ ᠰᠡᠷᠭᠡᠶᠢᠯᠡᠵᠦ᠂ ᠡᠯ᠎ᠡ ᠲᠥᠷᠥᠯ ᠤᠨ ᠬᠤᠤᠷᠳᠦ ᠡᠳ᠋ ᠳᠤ ᠬᠤᠯᠪᠤᠭᠳᠠᠭᠰᠠᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠥᠬᠦ ᠲᠠᠯ᠎ᠠ ᠪᠠᠷ ᠴᠣᠬᠢᠯᠲᠠ ᠥᠭᠬᠦ ᠬᠡᠷᠡᠭᠲᠡᠶ︔ ︽ᠪᠦᠬᠦᠨ ᠢ ᠨᠢ ᠦᠭᠡᠶᠢᠰᠬᠡᠬᠦ᠂ ᠳᠠᠯᠳᠠ ᠲᠦᠭᠰᠢᠭᠦᠷᠢ ᠶᠢ ᠠᠷᠢᠯᠭᠠᠬᠤ᠂ ᠬᠥᠮᠥᠷᠭᠡ ᠶᠢ ᠨᠢ ᠴᠡᠪᠡᠷᠯᠡᠬᠦ︾ ︽ᠬᠤᠤᠷ ᠲᠠᠲᠠᠭᠰᠠᠳ ᠮᠠᠰᠢᠨ ᠲᠡᠷᠭᠡ ᠪᠠᠷᠢᠬᠤ ᠶᠢ ᠡᠷᠡᠰ ᠬᠤᠷᠢᠭᠯᠠᠬᠤ ︾ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠤᠤᠷ ᠲᠠᠲᠠᠭᠰᠠᠳ ᠢ ᠬᠠᠮᠤᠭ ᠤᠨ ᠶᠡᠭᠡ ᠬᠡᠮᠵᠢᠶ᠎ᠡ ᠪᠠᠷ ᠪᠠᠶᠢᠴᠠᠭᠠᠵᠦ᠂ ᠬᠤᠤᠷ ᠲᠠᠲᠠᠬᠤ ᠠᠴᠠ ᠵᠤᠭᠰᠤᠭᠠᠬᠤ ᠬᠡᠷᠡᠭᠳᠡᠢ︔ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠵᠤ ᠡᠷᠡᠭᠦᠯᠵᠢᠬᠦᠯᠬᠦ ᠠᠵᠢᠯ ᠤᠨ ᠲᠠᠯᠠᠪᠤᠷ ᠭᠠᠵᠠᠷ ᠤᠨ ᠪᠠᠶᠢᠭᠤᠯᠤᠯᠲᠠ ᠶᠢ ᠲᠦᠷᠭᠡᠳᠬᠡᠵᠦ᠂ ᠬᠤᠤᠷ ᠴᠠᠭᠠᠵᠠᠯᠠᠬᠤ ᠰᠠᠶᠢᠨ ᠳᠤᠷᠠᠴᠤᠳ᠂ ᠬᠤᠤᠷ ᠴᠠᠭᠠᠵᠠᠯᠠᠬᠤ ᠨᠡᠶᠢᠭᠡᠮ ᠤᠨ ᠠᠵᠢᠯᠲᠠᠨ ᠵᠡᠷᠭᠡ ᠣᠯᠠᠨ ᠲᠦᠮᠡᠨᠴᠢ ᠴᠢᠨᠠᠷᠲᠠᠶ ᠵᠣᠬᠢᠶᠠᠨ ᠪᠠᠶᠢᠭᠤᠯᠤᠯᠲᠠ ᠶᠢ ᠢᠯᠭᠠᠨ ᠬᠥᠭᠵᠢᠭᠦᠯᠦᠨ᠂ ᠬᠤᠤᠷᠳᠦ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ  ᠶᠢ  ᠮᠦᠷᠳᠡᠨ ᠡᠵᠡᠮᠳᠡᠬᠦ ᠪᠠ ᠴᠣᠬᠢᠯᠲᠠ ᠥᠭᠬᠦ  ᠴᠢᠳᠠᠪᠤᠷᠢ ᠶᠢ ᠳᠡᠭᠡᠭᠰᠢᠯᠡᠭᠦᠯᠵᠦ᠂ ᠬᠤᠤᠷ ᠴᠠᠭᠠᠵᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠡᠢ ᠭᠡᠵᠦ ᠵᠢᠭᠠᠭᠰᠠᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ