︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/6/8
                                    ᠦᠪᠦᠷ ᠵᠠᠰᠠᠭ ᠠᠯᠪᠡᠨ ᠲᠠᠷᠬᠠᠭᠠᠭᠰᠠᠨ ﹇2021﹈ 9 ᠳ᠋ᠣᠭᠡᠷ ᠲᠣᠭᠠᠳᠣᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠣᠭᠡ ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠡᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠲᠤᠭᠠᠶ᠃                                                         2021 ᠣᠨ ᠤ 2 ᠳ᠋ᠤᠭᠠᠷ ᠰᠠᠷ᠎ᠠ ᠶᠢᠨ 6 ᠤ ᠡᠳᠣᠷ                                                              ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                  ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠩᠯᠡᠭᠡᠨ ᠤ              ᠨᠡᠷᠡᠳᠣ ᠳᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶      ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠷᠠᠲᠤ ᠲᠡᠮᠳᠡᠭ ᠤᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠣᠶᠠᠯᠳᠣᠭᠤᠯᠵᠣ ᠲᠣᠰ ᠲᠦᠰᠣᠯ ᠢ ᠲᠣᠭᠳᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠣᠭᠤᠰᠢᠯᠠᠭᠤᠯᠵᠣ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭ ᠤᠨ ᠦᠨ᠎ᠡ ᠥᠷᠲᠡᠭ ᠤᠨ ᠲᠣᠭᠳᠠᠯᠴᠠᠭ᠎ᠠ ᠶᠢ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠳᠣᠤᠷᠠᠳᠤ ᠬᠡᠯᠬᠢᠶ᠎ᠡ ᠲᠡᠶᠢᠰᠢ ᠤᠷᠲᠤᠳᠬᠠᠬᠤ ᠪᠠ ᠥᠷᠲᠡᠭ ᠤᠨ ᠬᠡᠯᠬᠢᠶ᠎ᠡ ᠶᠢ ᠨᠢ ᠳᠤᠮᠳᠠ ᠳᠡᠭᠡᠳᠦ ᠦᠵᠦᠭᠦᠷ ᠲᠡᠶᠢᠰᠢ ᠳᠡᠭᠡᠭᠰᠢᠯᠡᠭᠦᠯᠬᠦ ᠶᠢ ᠠᠬᠢᠭᠤᠯᠵᠤ᠂ ᠣᠨᠴᠠᠯᠢᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠪᠠ ᠠᠵᠤ ᠦᠢᠯᠡᠰ ᠤᠨ ᠪᠦᠯᠥᠭᠵᠢᠨ ᠭᠦᠭᠵᠢᠭᠦ ᠶᠢ ᠳᠠᠶᠢᠴᠢᠯᠠᠨ᠂ ᠮᠠᠨ ᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠣ᠂ ᠲᠠᠷᠢᠶᠠᠯᠠᠩ ᠮᠠᠯ ᠠᠵᠣ ᠠᠬᠤᠢ ᠶᠢᠨ ᠴᠢᠨᠠᠷ ᠰᠠᠶᠢᠲᠠᠢ ᠭᠦᠭᠵᠢᠯᠳᠡ ᠶᠢ ᠠᠬᠢᠭᠤᠯᠣᠨ᠎ᠠ᠃      ᠬᠤᠶᠠᠷ᠂ ᠠᠵᠢᠯ ᠤᠨ ᠬᠠᠷᠠᠯᠲᠠ      ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ᠲᠠᠢ ᠲᠠᠸᠠᠷ ᠤᠨ ᠲᠡᠮᠳᠡᠭ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ᠂ ᠭᠠᠵᠠᠷ ᠵᠦᠶ ᠶᠢᠨ ᠲᠡᠮᠳᠡᠭ ᠢ ᠬᠠᠮᠠᠭᠠᠯᠠᠬᠤ ᠪᠦᠲᠦᠭᠡᠭᠳᠡᠬᠦᠨ ᠵᠢᠴᠢ ᠵᠣᠬᠢᠬᠤ ᠨᠥᠯᠥᠭᠡᠯᠡᠬᠦ ᠬᠦᠴᠦᠨ ᠲᠠᠢ ᠬᠠᠮᠲᠤ ᠶᠢᠨ ᠲᠠᠸᠠᠷ ᠤᠨ ᠲᠡᠮᠳᠡᠭ᠂ ᠭᠡᠷᠡᠴᠢᠯᠡᠯ ᠲᠠᠢ ᠲᠠᠸᠠᠷ ᠤᠨ ᠲᠡᠮᠳᠡᠭ ᠢᠶᠠᠷ ᠭᠤᠤᠯ ᠪᠣᠯᠭᠠᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠢ ᠪᠣᠯᠭᠠᠨ᠎ᠠ᠃ ᠰᠦ ᠶᠢᠨ ᠦᠢᠯᠡᠰ᠂ ᠦᠬᠡᠷ ᠬᠤᠨᠢᠨ ᠤ ᠮᠢᠬ᠎ᠠ᠂ ᠨᠣᠯᠣᠭᠤᠣᠷ᠂ ᠲᠥᠮᠥᠰᠥ᠂ ᠡᠷᠳᠡᠨᠢ ᠰᠢᠰᠢ ᠵᠡᠷᠭᠡ ᠳᠠᠪᠠᠭᠤᠯᠢᠭ ᠭᠤᠤᠯᠯᠠᠬᠤ ᠠᠵᠤ ᠦᠢᠯᠡᠰ ᠲᠤ ᠲᠦᠰᠢᠭᠯᠡᠨ᠂ ᠬᠤᠲᠠ ᠶᠢᠨ ᠨᠡᠷ᠎ᠡ ᠶᠢᠨ ᠬᠠᠭᠤᠳᠠᠰᠤ ᠶᠢ ᠪᠣᠶ ᠪᠣᠯᠭᠠᠬᠤ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠰᠦ ᠰᠠᠭᠠᠯᠢ ᠶᠢᠨ ᠬᠤᠲᠠ᠂ ᠳᠤᠮᠳᠠᠳᠤ ᠤᠯᠤᠰ ᠤᠨ ᠲᠥᠮᠥᠰᠥ ᠶᠢᠨ ᠬᠤᠲᠠ᠂ ᠳᠤᠮᠳᠠᠳᠤ ᠤᠯᠤᠰ ᠤᠨ ᠨᠣᠯᠣᠭᠤᠣᠷ ᠤᠨ ᠬᠤᠲᠠ᠂ ᠳᠤᠮᠳᠠᠳᠤ ᠤᠯᠤᠰ ᠤᠨ ᠠᠯᠠᠰᠢᠨ ᠬᠤᠨᠢᠨ ᠤ ᠨᠤᠲᠤᠭ᠂ ᠳᠤᠮᠳᠠᠳᠤ ᠤᠯᠤᠰ ᠤᠨ ᠦᠬᠡᠷ ᠬᠤᠨᠢᠨ ᠤ ᠮᠢᠬ᠎ᠠ ᠶᠢᠨ ᠠᠮᠲᠠᠲᠤ ᠢᠳᠡᠭᠡᠨ ᠤ ᠬᠤᠲᠠ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠠᠮᠢ ᠠᠬᠤᠶ ᠶᠢᠨ ᠲᠤᠲᠤᠷᠭ᠎ᠠ ᠶᠢᠨ ᠬᠤᠲᠠ᠂ ᠳᠡᠯᠡᠬᠡᠶ ᠶᠢᠨ ᠨᠠᠷᠢᠮᠤ ᠶᠢᠨ ᠨᠤᠲᠤᠭ ᠵᠡᠷᠭᠡ ᠨᠠᠷᠠᠲᠤ ᠲᠡᠮᠳᠡᠭ ᠢ ᠨᠡᠭᠡᠭᠡᠨ ᠬᠥᠭᠵᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠢ ᠵᠣᠷᠢᠭᠵᠢᠭᠤᠯᠵᠣ ᠪᠠᠶᠢᠭᠠᠳ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠭᠤᠯᠤᠨ᠂ ᠭᠤᠤᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠢᠯᠡ ᠲᠣᠳᠣ ᠣᠷᠣᠨ ᠪᠦᠰᠡ ᠶᠢᠨ ᠣᠨᠴᠠᠯᠢᠭ ᠲᠠᠢ ᠰᠢᠶᠠᠨ ᠤ ᠬᠡᠪᠴᠢᠶᠡᠨ ᠤ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠶ ᠪᠣᠯᠭᠠᠵᠤ᠂ ︽ᠨᠢᠭᠡ ᠰᠢᠶᠠᠨ ᠳᠤ ᠨᠢᠭᠡ ᠪᠦᠳᠣᠭᠡᠭᠳᠡᠭᠦᠨ︾ ᠲᠠᠢ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭ ᠤᠨ ᠪᠠᠶᠢᠷᠢᠰᠢᠯ ᠢ ᠪᠣᠶ ᠪᠣᠯᠭᠠᠨ᠎ᠠ᠃      2023 ᠣᠨ ᠪᠣᠯᠬᠤ ᠳᠤ᠂ ᠤᠯᠤᠰ ᠤᠨ ᠳᠣᠲᠣᠭᠠᠳᠤ ᠭᠠᠳᠠᠭᠠᠳᠤ ᠳᠤ ᠨᠡᠯᠢᠶᠡᠳ ᠠᠯᠳᠠᠷᠰᠢᠨᠨᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ 20 ᠭᠠᠷᠣᠢ ᠪᠣᠶ ᠪᠣᠯᠭᠠᠬᠤ ᠪᠠᠷ ᠭᠦᠴᠦᠯᠡᠨ ᠴᠢᠷᠮᠠᠶᠢᠨ᠎ᠠ᠃ ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ᠲᠠᠢ ᠲᠠᠸᠠᠷ ᠤᠨ ᠲᠡᠮᠳᠡᠭ ᠢ 2020 ᠣᠨ ᠳᠤ 170 ᠪᠠᠶᠢᠭᠰᠠᠨ ᠰᠠᠭᠤᠷᠢᠨ ᠳᠡᠭᠡᠷ᠎ᠡ 15% ᠨᠡᠮᠡᠭᠳᠡᠭᠦᠯᠵᠦ᠂ ᠪᠣᠬᠢᠷᠲᠤᠯ ᠥᠬᠡᠶ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠵᠢᠯ ᠪᠦᠷᠢ ᠳᠤᠮᠳᠠᠴᠢ ᠪᠠᠷ 6% ᠨᠡᠮᠡᠭᠳᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ ᠢ 160 ᠪᠣᠯᠭᠠᠨ ᠨᠡᠮᠡᠭᠳᠡᠭᠦᠯᠵᠦ᠂ ᠬᠠᠮᠲᠤ ᠶᠢᠨ ᠲᠠᠸᠠᠷ ᠤᠨ ᠲᠡᠮᠳᠡᠭ ᠤᠨ ᠲᠤᠭ᠎ᠠ ᠬᠡᠮᠵᠢᠶ᠎ᠡ ᠶᠢ ᠶᠡᠭᠡ ᠪᠠᠷ ᠨᠡᠮᠡᠭᠳᠡᠭᠦᠯᠦᠨ᠎ᠡ᠃      ᠭᠤᠷᠪᠠ᠂ ᠦᠨᠳᠦᠰᠦᠨ ᠵᠠᠷᠴᠢᠮ      ︵ᠨᠢᠭᠡ︶ ᠵᠠᠰᠠᠭ ᠤᠨ ᠣᠷᠳᠣᠨ ᠬᠥᠲᠥᠯᠦᠨ ᠵᠢᠯᠣᠭᠤᠳᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠦᠨᠡᠨ ᠬᠦ ᠬᠤᠪᠢᠷᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠣᠭᠡᠭᠳᠡᠭᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠳᠠᠬᠢ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠪᠠᠶᠢᠷᠢ ᠲᠣᠭᠲᠠᠭᠠᠯᠲᠠ ᠶᠢ ᠲᠣᠳᠣᠷᠬᠠᠢ ᠲᠣᠭᠳᠠᠭᠠᠨ᠎ᠠ᠃ ᠭᠠᠵᠠᠷ ᠣᠷᠣᠨ ᠤ ᠳᠠᠪᠠᠭᠤᠯᠢᠭ ᠲᠤ ᠪᠠᠨ ᠰᠠᠭᠤᠷᠢᠯᠠᠨ᠂ ᠭᠠᠵᠠᠷ ᠣᠷᠣᠨ ᠤ ᠳᠠᠪᠠᠭᠤᠯᠢᠭ ᠠᠵᠤ ᠦᠢᠯᠡᠰ ᠤᠨ ᠲᠥᠯᠥᠪᠵᠢᠭᠦᠯᠭᠡ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠷᠬᠡ ᠲᠡᠭᠰᠢ ᠲᠥᠪ ᠭᠤᠤᠯᠴᠢ ᠪᠠᠶᠢᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠡᠵᠡᠩᠨᠡᠨ ᠬᠤᠳᠠᠯᠳᠤᠭᠠᠯᠠᠬᠤ ᠰᠠᠶᠢᠨ ᠰᠠᠶᠢᠬᠠᠨ ᠣᠷᠴᠢᠨ ᠢ ᠪᠣᠶ ᠪᠣᠯᠭᠠᠨ᠎ᠠ᠃      ︵ᠬᠤᠶᠠᠷ︶ ᠵᠠᠬ᠎ᠠ ᠳᠡᠯᠭᠡᠭᠦᠷ ᠢᠶᠠᠷ ᠭᠤᠤᠯᠯᠠᠭᠤᠯᠤᠨ᠎ᠠ᠃ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠴᠦ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠩᠯᠡᠭᠡ ᠶᠢᠨ ᠵᠠᠬ᠎ᠠ ᠳᠡᠯᠭᠡᠭᠦᠷ ᠤᠨ ᠬᠤᠪᠢᠷᠠᠯᠲᠠ ᠶᠢᠨ ᠬᠠᠨᠳᠤᠰᠢ ᠶᠢ ᠭᠦᠨᠵᠡᠭᠡᠶ ᠰᠤᠳᠤᠯᠵᠤ᠂ ᠪᠣᠷᠣᠯᠠᠭᠤᠯᠭ᠎ᠠ ᠰᠠᠶᠢᠲᠠᠶ ᠴᠢᠨᠠᠷ ᠴᠢᠨᠰᠠᠭ᠎ᠠ ᠰᠠᠶᠢᠲᠠᠶ ᠪᠦᠳᠣᠭᠡᠭᠳᠡᠭᠦᠨ ᠢ ᠦᠢᠯᠡᠳᠪᠦᠷᠢᠯᠡᠵᠦ᠂ ᠬᠡᠷᠡᠭᠯᠡᠭᠴᠢᠳ ᠤᠨ ᠤᠯᠠᠨ ᠶᠠᠩᠵᠣ ᠶᠢᠨ ᠬᠡᠷᠡᠭᠴᠡᠭᠡ ᠶᠢ ᠬᠠᠩᠭᠠᠨ᠎ᠠ᠃      ︵ᠭᠤᠷᠪᠠ︶ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠨ᠎ᠠ᠃ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠵᠣᠷᠢᠭᠵᠢᠭᠤᠯᠵᠣ ᠪᠠᠶᠢᠭᠠᠳ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠬᠡᠷᠡᠭᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠬᠡᠷᠡᠭᠯᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠬ᠎ᠠ ᠳᠡᠯᠭᠡᠭᠦᠷ ᠲᠠᠬᠢ ᠦᠷᠢᠰᠦᠯᠳᠦᠬᠦ ᠭᠦᠴᠣᠨ ᠢ ᠦᠷᠭᠡᠣᠡᠭᠡᠨ᠎ᠡ᠃      ︵ᠳᠥᠷᠪᠡ︶ ᠬᠠᠮᠵᠢᠯᠴᠠᠨ ᠬᠠᠮᠳᠣ ᠪᠠᠷ ᠪᠥᠲᠥᠭᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠦᠢᠯᠡᠳᠦᠯ᠂ ᠰᠠᠯᠠᠭ᠎ᠠ ᠮᠥᠴᠢᠷ ᠤᠨ ᠬᠠᠮᠵᠢᠯᠴᠠᠬᠤ ᠦᠢᠯᠡᠳᠦᠯ᠂ ᠠᠵᠤ ᠠᠬᠤᠶᠢᠯᠠᠯ ᠤᠨ ᠭᠤᠤᠯ ᠴᠣᠭᠴᠠ ᠶᠢᠨ ᠦᠢᠯᠡᠳᠦᠯ᠂ ᠨᠡᠶᠢᠭᠡᠮᠯᠢᠭ ᠤᠨ ᠨᠥᠬᠦᠪᠥᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠮᠳᠣ ᠪᠠᠷ ᠪᠠᠶᠢᠭᠤᠯᠵᠤ ᠢᠯᠡᠭᠦᠤ ᠠᠰᠢᠭ ᠭᠥᠷᠳᠡᠬᠦ ᠰᠢᠨ᠎ᠡ ᠪᠠᠶᠢᠳᠠᠯ ᠢ ᠪᠣᠶ ᠪᠣᠯᠭᠠᠨ᠎ᠠ᠃      ᠳᠥᠷᠪᠡ᠂ ᠭᠤᠤᠯᠳᠠᠯᠭ᠎ᠠ ᠲᠠᠢ ᠡᠭᠦᠷᠭᠡ      ︵ᠨᠢᠭᠡ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠠᠢ ᠪᠦᠳᠣᠭᠡᠭᠳᠡᠭᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠲᠣᠭᠳᠠᠯᠴᠠᠭ᠎ᠠ ᠶᠢ ᠳᠡᠭᠦᠯᠳᠡᠷᠵᠢᠭᠦᠯᠣᠨ᠎ᠡ᠃ ᠭᠠᠷᠤᠯᠲᠠ ᠶᠢᠨ ᠣᠷᠣᠨ ᠢ ᠴᠡᠪᠡᠷᠰᠢᠭᠦᠯᠬᠦ ᠠᠵᠢᠯᠯᠠᠭ᠎ᠠ ᠶᠢ ᠥᠷᠨᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠢ ᠬᠡᠷᠡᠭᠵᠢᠭᠦᠯᠦᠨ᠎ᠡ᠃ ᠦᠢᠯᠡᠳᠪᠦᠷᠢᠯᠡᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠬᠢᠭᠡᠳ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢ ᠪᠥᠬᠦ ᠶᠠᠪᠤᠴᠠ ᠳᠤ ᠨᠢ ᠡᠵᠡᠮᠳᠡᠬᠦ ᠮᠡᠷᠭᠡᠵᠢᠯ ᠤᠨ ᠲᠣᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠬᠦ ᠠᠵᠤ ᠦᠢᠯᠡᠰ ᠤᠨ ᠬᠡᠯᠬᠢᠶ᠎ᠡ ᠳᠤ ᠨᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠪᠠᠨ ᠪᠡᠶᠡᠯᠡᠭᠦᠯᠬᠦ ᠶᠢ ᠠᠬᠢᠭᠤᠯᠤᠨ᠎ᠠ᠃ ᠰᠠᠯᠠᠭ᠎ᠠ ᠮᠥᠴᠢᠷ ᠪᠠ ᠣᠷᠣᠨ ᠨᠤᠲᠤᠭ ᠤᠨ ᠬᠢᠨ ᠢ ᠳᠡᠮᠵᠢᠭᠦ ᠪᠠ ᠵᠣᠷᠢᠭᠵᠢᠭᠤᠯᠵᠣ ᠪᠠᠶᠢᠭᠠᠳ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠳᠤ ᠴᠢᠭᠯᠡᠭᠦᠯᠦᠨ ᠣᠨᠴᠠ ᠲᠣᠭᠲᠠᠭᠰᠠᠨ ᠭᠠᠷᠤᠯᠲᠠ ᠶᠢᠨ ᠣᠷᠣᠨ ᠤ ᠣᠷᠴᠢᠨ ᠲᠣᠭᠤᠷᠢᠨ᠂ ᠳᠠᠷᠢᠵᠤ ᠲᠡᠵᠢᠭᠡᠨ ᠦᠷᠡᠵᠢᠭᠦᠯᠬᠦ᠂ ᠪᠦᠲᠦᠭᠡᠭᠳᠡᠬᠦᠨ ᠢ ᠵᠡᠷᠭᠡ ᠪᠠ ᠲᠠᠰ ᠬᠤᠪᠢᠶᠠᠬᠤ᠂ ᠪᠣᠯᠪᠠᠰᠤᠷᠠᠭᠤᠯᠬᠤ᠂ ᠪᠣᠭᠤᠳᠠᠯᠯᠠᠬᠤ᠂ ᠬᠠᠳᠠᠭᠠᠯᠠᠬᠤ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢᠯᠡᠭᠦ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶ᠎ᠠ ᠶᠢᠨ ᠲᠣᠭᠳᠠᠯᠴᠠᠭ᠎ᠠ ᠶᠢ ᠲᠣᠭᠲᠠᠭᠠᠨ᠂ ᠪᠠᠷᠢᠮᠵᠢᠶ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ︽ᠨᠢᠭᠡ ᠪᠦᠲᠦᠭᠡᠭᠳᠡᠬᠦᠨ ᠳᠤ ᠨᠢᠭᠡ ᠪᠠᠷᠢᠮᠵᠢᠶ᠎ᠠ︾ ︽ᠨᠢᠭᠡ ᠪᠦᠲᠦᠭᠡᠭᠳᠡᠬᠦᠨ ᠳᠤ ᠨᠢᠭᠡ ᠵᠦᠢᠯ ᠤᠨ ᠪᠣᠳᠣᠯᠭ᠎ᠠ︾ ᠪᠠᠷ ᠪᠠᠷᠢᠮᠵᠢᠶᠠᠵᠢᠭᠤᠯᠤᠨ ᠦᠢᠯᠡᠳᠪᠦᠷᠢᠯᠡᠬᠦ ᠠᠷᠭ᠎ᠠ ᠮᠠᠶ᠋ᠢᠭ ᠲᠠᠢ ᠪᠣᠯᠭᠠᠵᠤ᠂ ᠶᠠᠰᠤ ᠴᠢᠨᠠᠷ ᠢ ᠪᠠᠲᠤᠯᠠᠨ᠂ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠰᠠᠭᠤᠷᠢ ᠶᠢ ᠪᠠᠲᠤᠳᠬᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠂ ᠳᠣᠷᠣᠭᠰᠢᠬᠢ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠣᠨ᠎ᠠ᠂ ᠳᠠᠭᠢᠵᠤ ᠵᠢᠭᠰᠠᠭᠠᠬᠤ ᠥᠬᠡᠶ︶      ︵ᠬᠤᠶᠠᠷ︶ ᠪᠥᠬᠦ ᠶᠠᠪᠤᠴᠠ ᠳᠠᠬᠢ ᠶᠠᠰᠤ ᠴᠢᠨᠠᠷ ᠢ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠤᠨ ᠲᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠣᠨᠯᠢᠭ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢ ᠴᠢᠩᠭᠠᠷᠠᠭᠤᠯᠤᠨ᠂ ︽ᠬᠥᠨᠳᠡᠯᠡᠨ ᠢᠶᠠᠷ ᠵᠠᠬ᠎ᠠ ᠬᠢᠵᠠᠭᠠᠷ ᠲᠤ ᠨᠢ ᠬᠦᠷᠲᠡᠯ᠎ᠡ᠂ ᠭᠤᠯᠳᠤ ᠪᠠᠷ ᠡᠴᠦᠰ ᠲᠤ ᠨᠢ ᠲᠤᠯᠲᠠᠯ᠎ᠠ︾ ᠪᠦᠬᠦᠨ ᠢ ᠬᠠᠮᠤᠷᠤᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠢ ᠨᠢ ᠮᠦᠷᠳᠡᠨ ᠣᠬᠤᠴᠢᠯᠠᠬᠤ ᠲᠣᠭᠳᠠᠯᠴᠠᠭ᠎ᠠ ᠪᠠ ᠢᠲᠡᠭᠡᠮᠵᠢ ᠶᠢᠨ ᠲᠣᠭᠲᠠᠯᠴᠠᠭ᠎ᠠ ᠶᠢ ᠪᠦᠷᠢᠯᠳᠦᠭᠦᠯᠦᠨ᠎ᠡ᠃ ᠭᠠᠷᠤᠯᠲᠠ ᠶᠢᠨ ᠣᠷᠣᠨ ᠠᠴᠠ ᠨᠢ ᠵᠥᠪᠰᠢᠶᠡᠷᠡᠨ ᠭᠠᠷᠭᠠᠬᠤ ᠪᠠ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠠᠮᠵᠢᠯᠴᠠᠵᠣ ᠬᠢᠨᠠᠨ ᠬᠠᠮᠢᠶᠠᠷᠬᠤ ᠶᠢ ᠴᠢᠩᠭᠠᠳᠬᠠᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠬᠠᠤᠯᠢ ᠬᠡᠷᠡᠭᠵᠢᠭᠦᠯᠬᠦ᠂ ᠮᠦᠷᠳᠡᠨ ᠣᠬᠤᠴᠢᠯᠠᠬᠤ ᠪᠠ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠪᠠ ᠪᠥᠬᠦ ᠶᠠᠪᠤᠴᠠ ᠳᠠᠬᠢ ᠶᠠᠰᠤ ᠴᠢᠨᠠᠷ ᠢ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠢ ᠪᠣᠯᠭᠠᠬᠤ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠤ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠨᠢᠭᠡᠳᠦᠯᠲᠡᠶ ᠤᠳᠤᠷᠢᠳᠤᠭᠰᠠᠨ᠂ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠭᠠᠨ ᠵᠢᠯᠣᠭᠤᠳᠤᠭᠰᠠᠨ᠂ ᠨᠡᠶᠢᠭᠡᠮ ᠤᠨ ᠪᠦᠯᠬᠦᠮ᠂ ᠠᠵᠢᠯ ᠲᠥᠷᠥᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠳᠡᠭᠡᠳᠦ ᠰᠤᠷᠭᠠᠭᠤᠯᠢ ᠪᠠ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠬᠠᠮᠳᠣ ᠪᠠᠷ ᠣᠷᠣᠯᠴᠠᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠦᠨᠡᠯᠡᠨ ᠲᠣᠭᠲᠠᠭᠠᠬᠤ ︵ᠮᠠᠭᠠᠣᠡᠯᠠᠬᠤ︶ ᠪᠠ ᠦᠨᠡᠯᠡᠨ ᠵᠢᠱᠢᠬᠦ ᠲᠣᠭᠲᠠᠴᠠ ᠶᠢ ᠪᠦᠷᠢᠯᠳᠣᠭᠦᠯᠵᠣ᠂ ᠨᠠᠷᠠᠲᠤ ᠲᠡᠮᠳᠡᠭ ᠤᠨ ᠡᠷᠬᠡ ᠰᠦᠷᠲᠦ ᠴᠢᠨᠠᠷ ᠪᠠ ᠲᠥᠪ ᠭᠤᠤᠯᠴᠢ ᠴᠢᠨᠠᠷ ᠢ ᠬᠠᠮᠠᠭᠠᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠳᠣ ᠬᠤᠷᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠤ ᠬᠥᠳᠡᠯᠦᠩᠭᠦᠶ ᠬᠠᠮᠢᠶᠠᠷᠤᠯᠲᠠ ᠬᠢᠬᠦ ᠪᠠᠨ ᠴᠢᠩᠭᠠᠳᠬᠠᠨ᠎ᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠳᠣᠪᠤᠶᠢᠯᠭᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠭᠠᠷᠴᠠᠭ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠬᠢᠨᠠᠨ ᠬᠠᠷᠭᠤᠭᠤᠯᠬᠤ ᠪᠠ ᠪᠤᠴᠠᠭᠠᠨ ᠭᠠᠷᠭᠠᠬᠤ ᠲᠣᠭᠳᠠᠴᠨ ᠢ ᠪᠠᠶᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠠᠢ ᠪᠦᠲᠦᠭᠡᠭᠳᠡᠬᠦᠨ ᠤ ᠶᠠᠰᠤ ᠴᠢᠨᠠᠷ᠂ ᠨᠠᠷᠠᠲᠤ ᠲᠡᠮᠳᠡᠭ ᠤᠨ ᠡᠷᠴᠢᠮ ᠭᠦᠴᠣ᠂ ᠨᠠᠷᠠᠲᠤ ᠲᠡᠮᠳᠡᠭ ᠤᠨ ᠦᠨ᠎ᠡ ᠥᠷᠲᠡᠭ ᠢ ᠨᠢ ᠦᠨᠡᠯᠡᠨ ᠵᠢᠱᠢᠬᠦ ᠪᠠ ᠨᠡᠶᠢᠭᠡᠮ ᠨᠡᠶᠢᠲᠡ ᠶᠢᠨ ᠬᠢᠨ ᠤ ᠰᠢᠯᠭᠠᠨ ᠦᠨᠡᠯᠡᠭᠦ ᠠᠵᠢᠯ ᠢ ᠦᠷᠨᠢᠭᠦᠯᠣᠨ᠎ᠡ᠃ ᠬᠢᠨᠠᠯᠲᠠ ᠲᠠᠯᠪᠢᠵᠤ ᠬᠠᠮᠢᠶᠠᠷᠬᠤ ᠪᠠ ᠡᠷᠬᠡ ᠣᠯᠭᠤᠵᠣ ᠬᠠᠮᠢᠶᠠᠷᠬᠤ ᠶᠢ ᠴᠢᠩᠭᠠᠳᠬᠠᠵᠤ᠂ ᠬᠤᠳᠠᠯ ᠬᠠᠭᠤᠷᠮᠠᠭ᠂ ᠡᠷᠬᠡ ᠳᠤ ᠬᠠᠯᠳᠠᠭᠰᠠᠨ ᠦᠢᠯᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠬᠠᠤᠯᠢ ᠪᠠ ᠲᠣᠭᠲᠠᠭᠠᠯ ᠶᠣᠰᠣᠭᠠᠷ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠠᠵᠤ ᠦᠢᠯᠡᠰ ᠤᠨ ᠳᠠᠪᠠᠭᠤᠯᠢᠭ ᠲᠤ ᠪᠠᠨ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠶ ᠪᠣᠯᠭᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠣ ᠣᠷᠣᠨ᠂ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠪᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ᠂ ᠣᠨᠴᠠᠯᠢᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠤᠨ᠂ ᠨᠢᠭᠡ ᠪᠦᠯᠦᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠩᠯᠡᠭᠡᠨ ᠤ ᠨᠡᠷᠡᠳᠣ ᠲᠡᠮᠳᠡᠭ ᠢ ᠪᠣᠢ ᠪᠣᠯᠭᠠᠨ᠎ᠠ᠃ ᠬᠠᠮᠲᠤ ᠶᠢᠨ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ᠲᠠᠢ ᠲᠠᠸᠠᠷ ᠤᠨ ᠲᠡᠮᠳᠡᠭ ᠢᠶᠠᠨ ᠳᠠᠩᠰᠠᠯᠠᠭᠤᠯᠬᠤ ᠶᠢ ᠢᠳᠡᠪᠬᠢᠲᠡᠶ ᠵᠢᠭᠠᠨ ᠵᠢᠯᠣᠭᠤᠳᠴᠤ᠂ ᠭᠠᠵᠠᠷ ᠵᠦᠶ ᠶᠢᠨ ᠲᠡᠮᠳᠡᠭ ᠲᠠᠢ ᠲᠠᠷᠢᠶᠠᠯᠠᠩ ᠤᠨ ᠪᠦᠲᠦᠭᠡᠭᠳᠡᠬᠦᠨ ᠢᠶᠠᠨ ᠳᠠᠩᠰᠠᠯᠠᠭᠤᠯᠵᠣ ᠬᠠᠮᠠᠭᠠᠯᠠᠭᠤᠯᠬᠤ ᠪᠠᠷ ᠭᠤᠶᠤᠴᠢᠯᠠᠵᠤ᠂ ᠭᠠᠵᠠᠷ ᠵᠦᠶ ᠶᠢᠨ ᠲᠡᠮᠳᠡᠭ ᠤᠨ ᠲᠤᠰᠬᠠᠶ ᠬᠡᠷᠡᠭᠯᠡᠬᠦ ᠲᠡᠮᠳᠡᠭ ᠤᠳ ᠢ ᠬᠡᠷᠡᠭᠯᠡᠨ᠂ ᠪᠣᠬᠢᠷᠲᠤᠯ ᠥᠬᠡᠶ᠂ ᠣᠷᠭᠠᠨᠢᠭ᠂ ᠨᠠᠷᠠᠲᠤ ᠣᠨᠴᠠ ᠰᠢᠯᠢᠳᠡᠭ ᠰᠢᠨ᠎ᠡ ᠵᠡᠷᠭᠡ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠡᠷᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ ︽ᠦᠪᠣᠷ ᠮᠣᠩᠭᠤᠯ ᠲᠡᠮᠳᠡᠭ︾ ᠢᠶᠠᠷ ᠬᠦᠳᠣᠯᠣᠨ ᠳᠠᠭᠠᠭᠤᠯᠵᠣ᠂ ᠳᠡᠭᠡᠳᠦ ᠲᠠᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠶ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠨᠠᠷᠠᠲᠤ ᠲᠡᠮᠳᠡᠭ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠦᠵᠡᠭᠦᠯᠭᠡ ᠶᠢᠨ ᠴᠤᠭᠯᠠᠭᠠᠨ᠂ ᠨᠠᠷᠠᠲᠤ ᠲᠡᠮᠳᠡᠭ ᠤᠨ ᠲᠠᠨᠢᠯᠴᠠᠭᠤᠯᠬᠤ ᠴᠤᠭᠯᠠᠭᠠᠨ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠴᠤᠭᠯᠠᠭᠠᠨ᠂ ᠰᠢᠨ᠎ᠡ ᠵᠠᠭᠤᠴᠢᠯᠠᠭᠤᠷ ᠵᠡᠷᠭᠡ ᠶᠢᠨ ᠡᠵᠡᠩᠨᠡᠨ ᠪᠣᠷᠣᠯᠠᠭᠤᠯᠬᠤ ᠲᠠᠪᠴᠠᠩ ᠢ ᠭᠦᠢᠴᠡᠳ ᠠᠰᠢᠭᠯᠠᠨ᠂ ︽ᠥᠪᠥᠷ ᠮᠣᠩᠭᠤᠯ ᠳᠤ ᠪᠢ ᠬᠠᠶᠢᠷᠠᠲᠠᠢ︾ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠶᠡᠭᠡ ᠪᠠᠷ ᠤᠬᠠᠭᠤᠯᠤᠨ ᠲᠠᠨᠢᠯᠴᠠᠭᠤᠯᠣᠨ᠎ᠠ᠃ ᠤᠯᠤᠰ ᠤᠨ ᠳᠣᠲᠣᠭᠠᠳᠤ ᠳᠠᠬᠢ ᠬᠡᠷᠩᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ ᠪᠥᠭᠡᠳ ᠦᠨ᠎ᠡ ᠳᠤ ᠬᠦᠷᠭᠡᠭᠦ ᠪᠠᠷ ᠬᠠᠷᠠᠯᠲᠠ ᠪᠣᠯᠭᠠᠨ᠂ ᠨᠠᠷᠠᠲᠤ ᠲᠡᠮᠳᠡᠭ ᠲᠠᠢ ᠪᠦᠳᠣᠭᠡᠭᠳᠡᠭᠦᠨ ᠢ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠤᠯᠠᠮᠵᠢᠯᠠᠯᠲᠤ ᠡᠵᠡᠩᠨᠡᠨ ᠪᠤᠷᠤᠯᠠᠭᠤᠯᠬᠤ ᠠᠷᠭ᠎ᠠ ᠪᠠ ᠣᠲᠣ ᠦᠶ᠎ᠡ ᠶᠢᠨ ᠡᠵᠡᠩᠨᠡᠨ ᠪᠤᠷᠤᠯᠠᠭᠤᠯᠬᠤ ᠠᠷᠭ᠎ᠠ ᠶᠢᠨ ᠠᠭᠤᠰᠤᠯᠴᠠᠬᠤ ᠶᠢ ᠠᠬᠢᠭᠤᠯᠵᠤ᠂ ᠣᠨᠣᠴᠠᠲᠠᠶ ᠡᠵᠡᠩᠨᠡᠨ ᠪᠣᠷᠣᠯᠠᠭᠤᠯᠬᠤ ᠦᠢᠯᠡᠴᠢᠯᠡᠭᠡ ᠶᠢ ᠬᠡᠷᠡᠭᠵᠢᠭᠦᠯᠦᠨ᠎ᠡ᠃ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠵᠣᠷᠢᠭᠵᠢᠭᠤᠯᠵᠣ ᠪᠠᠶᠢᠭᠠᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠠᠢ ᠪᠦᠳᠣᠭᠡᠭᠳᠡᠭᠦᠨ ᠤ ᠲᠤᠰᠬᠠᠶ ᠡᠵᠡᠩᠨᠡᠯᠲᠡ ᠶᠢᠨ ᠳᠡᠯᠭᠡᠭᠦᠷ᠂ ᠲᠤᠰᠬᠠᠶ ᠭᠠᠵᠡᠷ᠂ ᠢᠨᠲ᠋ᠧᠷ ᠰᠦᠯᠵᠢᠶᠠᠨ ᠤ ᠪᠣᠷᠣᠯᠠᠭᠤᠯᠭ᠎ᠠ ᠵᠡᠷᠭᠡ ᠲᠠᠪᠴᠠᠩ ᠢ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠷᠠᠳᠢᠣ᠋ ᠲᠧᠯᠸᠢᠰ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠣᠯᠤᠭ᠎ᠠ︶ ᠨᠠᠷᠠᠲᠤ ᠲᠡᠮᠳᠡᠭ ᠲᠠᠬᠢ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠎ᠠ᠃ ᠡᠯ᠎ᠡ ᠭᠠᠵᠠᠷ ᠤᠨ ᠣᠷᠣᠨ ᠪᠦᠰᠡ᠂ ᠤᠯᠠᠮᠵᠢᠯᠠᠯᠲᠤ ᠣᠨᠴᠠᠯᠢᠭ ᠲᠠᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠬᠢᠭᠡᠳ ᠪᠣᠳᠠᠰ ᠤᠨ ᠪᠤᠰᠤ ᠰᠣᠶᠣᠯ ᠤᠨ ᠥᠪ᠂ ᠠᠷᠠᠳ ᠤᠨ ᠤᠷ᠎ᠠ ᠮᠡᠷᠭᠡᠰᠢᠯ᠂ ᠨᠤᠲᠤᠭ ᠤᠨ ᠵᠠᠩ ᠵᠠᠩᠰᠢᠯ ᠠᠷᠠᠳ ᠤᠨ ᠵᠠᠩ ᠦᠢᠯᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠶᠢᠨ ᠭᠦᠨᠵᠡᠭᠡᠶ ᠠᠭᠤᠰᠤᠯᠴᠠᠬᠤ ᠶᠢ ᠢᠳᠡᠪᠬᠢᠲᠡᠶ ᠠᠬᠢᠭᠤᠯᠵᠤ᠂ ᠬᠠᠭᠤᠴᠢᠨ ᠤᠷ᠎ᠠ ᠮᠡᠷᠭᠡᠰᠢᠯ᠂ ᠬᠠᠭᠤᠴᠢᠨ ᠨᠡᠷᠡᠮᠵᠢᠳᠣ᠂ ᠬᠠᠭᠤᠴᠢᠨ ᠵᠦᠢᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠷᠠᠭᠤᠯᠤᠨ᠂ ᠰᠣᠶᠣᠯ ᠤᠨ ᠠᠬᠤᠭᠤᠯᠣᠮᠵᠢ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠨᠠᠢᠮᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠣᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠳᠡᠭᠡᠳᠦ ᠰᠤᠷᠭᠠᠭᠤᠯᠢ ᠵᠢᠴᠢ ᠠᠵᠢᠯ ᠲᠥᠷᠥᠯ ᠤᠨ ᠨᠡᠶᠢᠭᠡᠮᠯᠢᠭ ᠢ ᠵᠣᠷᠢᠭᠵᠢᠭᠤᠯᠵᠣ ᠪᠠᠶᠢᠭᠠᠳ ᠨᠠᠷᠠᠲᠤ ᠲᠡᠮᠳᠡᠭ ᠢ ᠪᠣᠢ ᠪᠣᠯᠭᠠᠬᠤ ᠣᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠣᠡᠬᠠᠨ᠂ ᠨᠠᠷᠠᠲᠤ ᠲᠡᠮᠳᠡᠭ ᠤᠨ ᠬᠠᠮᠢᠶᠠᠷᠤᠯᠲᠠ ᠪᠠ ᠴᠢᠳᠠᠪᠤᠷᠢᠲᠠᠨ ᠬᠥᠮᠦᠵᠢᠭᠦᠯᠬᠦ ᠠᠵᠢᠯ ᠢᠶᠠᠷ ᠭᠠᠷᠳᠠᠴᠠ ᠪᠣᠯᠭᠠᠵᠤ᠂ ︽ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠨᠠᠷᠠᠲᠤ ᠲᠡᠮᠳᠡᠭ ᠢ ᠬᠥᠭᠵᠢᠭᠦᠯᠬᠦ︾ ᠣᠨᠣᠯᠵᠢᠬᠤᠨ ᠢ ᠬᠥᠲᠥᠯᠦᠨ ᠵᠢᠯᠣᠭᠤᠳᠴᠤ ᠪᠣᠶ ᠪᠣᠯᠭᠠᠨ᠂ ᠨᠠᠷᠠᠲᠤ ᠲᠡᠮᠳᠡᠭ ᠤᠨ ᠦᠵᠡᠯ ᠤᠬᠠᠮᠰᠠᠷ ᠢ ᠴᠢᠩᠭᠠᠷᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠳᠣ ᠬᠤᠷᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ      ︵ᠨᠢᠭᠡ︶ ᠠᠵᠢᠯ ᠡᠬᠢᠯᠡᠭᠦᠯᠬᠦ ᠱᠠᠲᠤ ᠦᠶ᠎ᠡ ︵2021 ᠣᠨ ᠤ 2 ᠳ᠋ᠤᠭᠠᠷ ᠰᠠᠷ᠎ᠠ — 3 ᠳ᠋ᠤᠭᠠᠷ ᠰᠠᠷ᠎ᠠ︶᠃ ᠡᠯ᠎ᠡ ᠠᠶᠢᠮᠠᠭ ᠬᠤᠲᠠ ᠨᠢ ᠪᠣᠳᠠᠲᠠᠶ ᠲᠠᠢ ᠪᠠᠨ ᠤᠶᠠᠯᠳᠤᠭᠤᠯᠤᠨ ᠬᠠᠮᠢᠶ᠎ᠠ ᠪᠥᠬᠦᠶ ᠠᠵᠢᠯ ᠤᠨ ᠪᠠᠶᠢᠭᠤᠯᠤᠮᠵᠢ ᠪᠠᠶᠢᠭᠤᠯᠵᠤ᠂ ᠠᠵᠢᠯ ᠤᠨ ᠲᠥᠰᠦᠯ ᠲᠣᠭᠲᠠᠭᠠᠨ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠵᠤ᠂ ᠲᠣᠭᠲᠠᠭᠠᠭᠰᠠᠨ ᠬᠠᠷᠠᠯᠲᠠ ᠡᠭᠦᠷᠭᠡ ᠶᠣᠰᠣᠭᠠᠷ᠂ ᠭᠤᠤᠯᠳᠠᠯᠭ᠎ᠠ ᠪᠠᠨ ᠳᠣᠪᠤᠶᠢᠯᠭᠠᠨ ᠵᠠᠩᠭᠢᠯᠠᠭ᠎ᠠ ᠶᠢ ᠠᠳᠬᠤᠵᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠭᠦᠷᠭᠡ ᠶᠢᠨ ᠨᠠᠷᠢᠨ ᠬᠠᠭᠤᠳᠠᠰᠤ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠤᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠬᠦ ᠳᠤ ᠰᠠᠭᠤᠷᠢ ᠴᠢᠨᠠᠷᠲᠠᠶ ᠠᠵᠢᠯ ᠢ ᠰᠠᠶᠢᠲᠤᠷ ᠬᠢᠬᠦ ᠬᠡᠷᠡᠭᠲᠡᠶ᠃      ︵ᠬᠤᠶᠠᠷ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ ︵2021 ᠣᠨ ᠤ 4 ᠳ᠋ᠣᠭᠡᠷ ᠰᠠᠷ᠎ᠠ — 2023 ᠣᠨ ᠤ 10 ᠳ᠋ᠤᠭᠠᠷ ᠰᠠᠷ᠎ᠠ︶᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠢ ᠨᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠳᠤᠲᠠᠭᠤᠳᠠᠯ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠤᠯᠳᠠᠯᠭ᠎ᠠ ᠪᠣᠯᠬᠤ ᠡᠭᠦᠷᠭᠡ ᠶᠢ ᠳᠣᠪᠤᠶᠢᠯᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ᠂ ᠠᠵᠢᠯᠯᠠᠭᠠᠨ ᠤ ᠲᠥᠰᠦᠯ ᠢ ᠣᠨ ᠬᠤᠪᠢᠶᠠᠨ ᠬᠡᠷᠡᠭᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠱᠠᠲᠤ ᠪᠠ ᠳᠡᠰ ᠬᠤᠪᠢᠶᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠭᠤᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠲᠣᠭᠳᠠᠯᠴᠠᠭ᠎ᠠ ᠶᠢ ᠦᠨᠳᠦᠰᠦᠨ ᠳᠤ ᠪᠠᠨ ᠪᠦᠷᠢᠯᠳᠣᠭᠦᠯᠣᠨ᠎ᠡ᠃      ︵ᠭᠤᠷᠪᠠ︶ ᠳ᠋ᠦᠩᠨᠡᠵᠦ ᠦᠨᠡᠯᠡᠨ ᠵᠢᠱᠢᠬᠦ ᠱᠠᠲᠤ ᠦᠶ᠎ᠡ ︵2023 ᠣᠨ ᠤ 11 ᠳ᠋ᠣᠭᠡᠷ ᠰᠠᠷ᠎ᠠ — 12 ᠳ᠋ᠤᠭᠠᠷ ᠰᠠᠷ᠎ᠠ︶᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠦᠨᠡᠯᠡᠨ ᠵᠢᠱᠢᠵᠦ ᠰᠢᠯᠭᠠᠨ ᠬᠤᠷᠢᠶᠠᠵᠤ᠂ ᠲᠤᠷᠰᠢᠯᠭ᠎ᠠ ᠪᠠᠨ ᠳ᠋ᠦᠩᠨᠡᠨ᠂ ᠲᠡᠷᠢᠭᠦᠨ ᠤ ᠬᠢ ᠶᠢ ᠱᠠᠩᠨᠠᠨ᠎ᠠ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ ᠵᠢᠷᠤᠮᠵᠢᠭᠤᠯᠤᠨ᠂ ᠲᠡᠷᠢᠭᠦᠨ ᠤ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠷᠠᠲᠤ ᠲᠡᠮᠳᠡᠭ ᠤᠨ ᠦᠨ᠎ᠡ ᠦᠷᠲᠡᠭ ᠢ ᠲᠠᠰᠣᠷᠠᠯᠳᠡ ᠦᠭᠡᠢ ᠨᠡᠮᠡᠭᠳᠡᠬᠦᠯᠦᠨ᠎ᠡ᠃      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠵᠤ ᠣᠳᠣᠷᠢᠣᠡᠬᠤ ᠪᠠᠨ ᠴᠢᠩᠭᠠᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠪᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠦᠢᠯᠡᠰ ᠪᠣᠰᠬᠠᠵᠣ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠬᠦ ᠶᠢᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠭᠠᠵᠤ᠂ ᠲᠣᠬᠠᠢ ᠶᠢᠨ ᠭᠠᠵᠡᠷ ᠤᠨ ᠠᠵᠣ ᠠᠬᠤᠢ ᠨᠡᠶᠢᠭᠡᠮ ᠤᠨ ᠭᠦᠭᠵᠢᠯᠳᠡ ᠶᠢᠨ ᠪᠦᠭᠦ ᠲᠠᠯ᠎ᠠ ᠳᠤ ᠲᠦᠯᠣᠪᠵᠢᠭᠦᠯᠣᠨ ᠪᠠᠶᠢᠷᠢᠯᠠᠭᠤᠯᠬᠤ ᠬᠡᠷᠩᠳᠠᠢ᠃ ᠲᠣᠰ ᠭᠠᠵᠠᠷ ᠣᠷᠣᠨ ᠤ ᠪᠣᠳᠠᠳᠠᠢ ᠲᠠᠢ ᠪᠠᠨ ᠤᠶᠠᠯᠳᠤᠭᠤᠯᠤᠨ᠂ ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠵᠤ ᠠᠵᠤ ᠦᠢᠯᠡᠰ ᠤᠨ ᠣᠨᠴᠠᠯᠢᠭ ᠢ ᠳᠣᠪᠤᠶᠢᠯᠭᠠᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ ᠢ ᠲᠣᠭᠲᠠᠭᠠᠬᠤ ᠬᠡᠷᠩᠳᠠᠢ᠃ ᠡᠭᠦᠷᠭᠡ ᠴᠢᠳᠠᠪᠤᠷᠢ ᠪᠠᠨ ᠦᠨᠳᠦᠰᠦᠯᠡᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠡᠯ᠎ᠡ ᠭᠤᠭᠴᠣᠭᠠᠨ ᠳᠤ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠠᠵᠢᠯ ᠢ ᠥᠷᠨᠢᠭᠦᠯᠵᠦ᠂ ᠬᠠᠮᠢᠶ᠎ᠠ ᠪᠥᠬᠦᠶ ᠠᠵᠢᠯ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠰᠢᠯᠭᠠᠨ ᠬᠢᠨᠠᠬᠤ ᠯᠤᠭ᠎ᠠ ᠵᠣᠯᠭᠠᠭᠤᠯᠬᠤ ᠬᠡᠷᠡᠭᠲᠡᠶ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠣᠨ ᠬᠤᠪᠢᠶᠠᠨ ᠲᠥᠯᠥᠪᠯᠡᠭᠡ ᠶᠣᠰᠣᠭᠠᠷ ᠠᠯᠬᠤᠮ ᠳᠠᠷᠠᠭ᠎ᠠ ᠲᠠᠢ ᠪᠠᠷ ᠪᠣᠢ ᠪᠣᠯᠭᠠᠨ ᠬᠥᠭᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠱᠠᠳᠣ ᠲᠠᠰ ᠲᠠᠢ ᠠᠬᠢᠭᠰᠠᠨ ᠪᠣᠢ ᠪᠣᠯᠭᠠᠬᠤ ᠲᠣᠭᠲᠠᠴᠠ ᠶᠢ ᠪᠠᠶᠢᠭᠤᠯᠤᠨ᠂ ᠠᠯᠬᠤᠮ ᠳᠠᠷᠠᠭ᠎ᠠ ᠲᠠᠢ ᠪᠦᠭᠡᠣᠨ ᠱᠠᠳᠣ ᠳᠠᠷᠠᠭᠠᠯᠠᠯ ᠲᠠᠢ ᠪᠠᠷ ᠠᠬᠢᠭᠤᠯᠤᠨ᠂ ︽ᠨᠢᠭᠡ ᠪᠦᠯᠦᠭ ᠢ ᠪᠣᠢ ᠪᠣᠯᠭᠠᠨ᠂ ᠨᠢᠭᠡ ᠪᠦᠯᠦᠭ ᠢ ᠳᠡᠭᠡᠭᠰᠢᠯᠡᠭᠦᠯᠵᠦ᠂ ᠨᠢᠭᠡ ᠪᠦᠯᠦᠭ ᠢ ᠪᠠᠲᠤᠯᠠᠨ ᠲᠠᠨᠢᠯᠴᠠᠭᠤᠯᠵᠤ᠂ ᠨᠢᠭᠡ ᠪᠦᠯᠦᠭ ᠢ ᠨᠥᠭᠡᠴᠡᠯᠡᠬᠦ︾ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠦᠷᠢᠯᠳᠣᠭᠦᠯᠣᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠷᠠᠳᠢᠣ᠋ ᠲᠧᠯᠸᠢᠰ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠬᠢᠭᠡᠳ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠥᠩᠭᠦᠨ ᠭᠦᠢᠯᠭᠡᠭᠡᠨ ᠵᠡᠷᠭᠡ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠭᠦᠨᠵᠡᠭᠡᠶ ᠠᠭᠤᠰᠤᠯᠴᠠᠬᠤ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ ᠪᠦᠭᠦᠯᠢ ᠴᠣᠭᠴᠠ ᠪᠠᠷ ᠨᠢ ᠠᠬᠢᠭᠤᠯᠬᠤ ᠲᠦᠷᠣ ᠶᠢᠨ ᠪᠣᠳᠣᠯᠭ᠎ᠠ ᠶᠢᠨ ᠨᠡᠶᠢᠯᠡᠮᠡᠯ ᠭᠦᠴᠣᠨ ᠢ ᠪᠦᠷᠢᠯᠳᠣᠭᠦᠯᠣᠨ᠎ᠡ᠃ ᠪᠠᠩᠬᠢ᠂ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ ᠲᠡᠮᠵᠢᠬᠦᠯᠵᠦ᠂ ᠪᠠᠯᠠ ᠣᠷᠣᠭᠤᠯᠵᠤ ᠳᠣᠭᠢᠷᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠠᠯᠠ ᠮᠦᠩᠭᠦᠨ ᠤ ᠢᠷᠡᠯᠲᠡ ᠶᠢᠨ ᠠᠷᠭ᠎ᠠ ᠵᠠᠮ ᠢ ᠦᠷᠭᠡᠣᠡᠭᠡᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠪᠠᠯᠠ ᠮᠦᠩᠭᠦᠨ ᠤ ᠣᠷᠣᠭᠤᠯᠤᠯᠲᠠ ᠶᠢ ᠨᠡᠮᠡᠭᠳᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠪᠠᠯᠠ ᠮᠥᠩᠭᠦ ᠶᠢ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠵᠤ᠂ ᠡᠯ᠎ᠡ ᠲᠥᠷᠥᠯ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠣᠷᠣᠨ ᠪᠦᠰᠡ ᠪᠠ ᠵᠠᠩᠭᠢᠯᠠᠭ᠎ᠠ ᠶᠢᠨ ᠭᠤᠭᠴᠣᠭᠠᠨ ᠳᠤ ᠬᠦᠴᠦ ᠪᠠᠨ ᠲᠥᠪᠯᠡᠷᠡᠭᠦᠯᠦᠨ ᠳᠡᠮᠵᠢᠵᠦ᠂ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠳᠡᠮᠵᠢᠭᠦ ᠡᠷᠴᠢᠮ ᠢᠶᠠᠨ ᠴᠢᠩᠭᠠᠷᠠᠭᠤᠯᠣᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠬᠥᠭᠵᠢᠯᠲᠡ ᠳᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠵᠣᠬᠢᠬᠤ ᠨᠥᠯᠥᠭᠡᠯᠡᠬᠦ ᠬᠦᠴᠦᠨ ᠪᠦᠭᠦᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠵᠣᠷᠢᠭᠵᠢᠭᠤᠯᠤᠨ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠡᠵᠡᠩᠨᠠᠨ ᠬᠤᠳᠠᠯᠳᠣᠭᠠᠯᠠᠬᠤ ᠰᠠᠶᠢᠨ ᠰᠠᠶᠢᠬᠠᠨ ᠣᠷᠴᠢᠨ ᠢ ᠢᠳᠡᠪᠬᠢᠲᠡᠶ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠴᠢᠯᠡᠭᠡᠨ ᠤ ᠦᠵᠡᠯ ᠤᠬᠠᠮᠰᠠᠷ ᠢ ᠴᠢᠩᠭᠠᠣᠡᠬᠠᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠣᠷᠣᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠣᠯᠣᠯ ᠤᠨ ᠬᠦᠷᠢᠶᠡᠯᠡᠩ ᠭᠠᠵᠠᠷ᠂ ᠨᠠᠷᠠᠲᠤ ᠲᠡᠮᠳᠡᠭ ᠢ ᠲᠥᠰᠦᠪᠯᠡᠬᠦ ᠪᠠᠶᠢᠭᠤᠯᠤᠮᠵᠢ ᠪᠠ ᠡᠯ᠎ᠡ ᠲᠥᠷᠥᠯ ᠤᠨ ᠠᠵᠢᠯ ᠲᠥᠷᠥᠯ ᠤᠨ ᠨᠡᠶᠢᠭᠡᠮᠯᠢᠭ ᠢ ᠳᠡᠮᠵᠢᠵᠣ ᠪᠠᠶᠢᠭᠠᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠢ ᠪᠣᠯᠭᠠᠵᠣ᠂ ᠬᠠᠮᠢᠶᠠᠷᠬᠤ ᠪᠠ ᠬᠠᠮᠠᠭᠠᠯᠠᠬᠤ ᠳᠤ ᠴᠢᠭᠯᠡᠭᠦᠯᠦᠭᠰᠡᠨ ᠰᠠᠭᠤᠷᠢ ᠰᠣᠳᠣᠯᠣᠯ ᠦᠷᠨᠢᠭᠦᠯᠣᠨ᠂ ᠨᠠᠷᠠᠲᠤ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠵᠢᠯ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠨᠠᠷᠠᠲᠤ ᠲᠡᠮᠳᠡᠭ ᠢ ᠳᠡᠯᠭᠡᠷᠡᠭᠦᠯᠦᠨ ᠠᠵᠢᠯᠯᠠᠭᠤᠯᠵᠣ ᠡᠵᠡᠩᠨᠡᠬᠦ᠂ ᠠᠵᠢᠯ ᠮᠡᠷᠭᠡᠵᠢᠯ ᠤᠨ ᠪᠣᠯᠪᠠᠰᠣᠷᠠᠯ ᠬᠢᠬᠦ᠂ ᠮᠡᠳᠡᠭᠡ ᠵᠠᠩᠭᠢ ᠯᠠᠪᠯᠠᠬᠤ ᠪᠠ ᠨᠡᠶᠢᠲᠡᠯᠡᠬᠦ᠂ ᠡᠷᠬᠡ ᠪᠠᠨ ᠬᠠᠮᠠᠭᠠᠯᠠᠬᠤ ᠵᠠᠭᠠᠯᠳᠤᠯᠭ᠎ᠠ ᠶᠢ ᠵᠣᠬᠢᠴᠠᠭᠤᠯᠬᠤ ᠵᠡᠷᠭᠡ ᠬᠤᠯᠪᠣᠭᠳᠠᠯ ᠪᠥᠬᠦᠶ ᠦᠢᠯᠡᠴᠢᠯᠡᠭᠡᠨ ᠢ ᠬᠠᠩᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠳᠤ ᠴᠢᠬᠤᠯᠠ ᠪᠥᠬᠦᠶ ᠰᠢᠢᠳᠪᠦᠷᠢᠲᠦ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠳᠣ ᠬᠤᠷᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠪᠠᠶᠢᠴᠠᠭᠠᠵᠤ ᠰᠢᠯᠭᠠᠷᠠᠭᠤᠯᠬᠤ ᠠᠵᠢᠯ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠴᠠᠭ ᠬᠤᠭᠤᠴᠠᠭᠠᠨ ᠤ ᠵᠠᠩᠭᠢᠶᠠᠰᠤ ᠪᠠᠷ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠡᠭᠦᠳᠦᠨ ᠪᠠᠶᠢᠭᠤᠯᠤᠭᠰᠠᠨ ᠪᠠᠶᠢᠳᠠᠯ ᠳᠤ ᠲᠤᠰᠬᠠᠶ ᠰᠢᠯᠭᠠᠨ ᠬᠢᠨᠠᠵᠤ ᠦᠨᠡᠯᠡᠬᠦ ᠠᠵᠢᠯ ᠢ ᠥᠷᠨᠢᠭᠦᠯᠦᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠢ ᠪᠣᠯᠭᠠᠬᠤ ᠠᠵᠢᠯ ᠳᠠᠬᠢ ᠰᠠᠶᠢᠨ ᠲᠤᠷᠰᠢᠯᠭ᠎ᠠ᠂ ᠰᠠᠶᠢᠨ ᠬᠢᠳᠡᠯ ᠪᠠ ᠰᠠᠶᠢᠨ ᠬᠡᠷᠡᠭ ᠤᠨ ᠵᠢᠱᠢᠶ᠎ᠡ ᠶᠢ ᠳ᠋ᠦᠩᠨᠡᠵᠣ ᠳᠡᠯᠭᠡᠷᠡᠭᠦᠯᠬᠦ ᠶᠢ ᠴᠢᠬᠤᠯᠠᠴᠢᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠣᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶                                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                                 2021 ᠣᠨ ᠤ 2 ᠳ᠋ᠤᠭᠠᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ