2020 ᠣᠨ ᠳᠤ ᠪᠥᠬᠦ ᠣᠷᠣᠨ ᠤ ᠬᠤᠲᠠ ᠪᠠᠯᠭᠠᠰᠤᠨ ᠤ ᠪᠠᠶᠢᠭᠤᠯᠭ᠎ᠠ ᠨᠢᠭᠡᠴᠢ ᠳᠤ ᠠᠵᠢᠯ ᠣᠯᠤᠭᠰᠠᠳ ᠤᠨ ᠳᠤᠮᠳᠠᠴᠢ ᠴᠠᠯᠢᠩ ᠤᠨ ᠲᠣᠭᠲᠠᠭᠤᠨ ᠨᠡᠮᠡᠭᠳᠡᠯ ᠢ ᠪᠠᠲᠤᠯᠠᠪᠠ
ᠨᠡᠶᠢᠲᠡᠯᠡᠭᠰᠡᠨ ᠴᠠᠭ᠄
2021/6/9

      2020 ᠤᠨ ᠪᠣᠯ ︽13.5︾ ᠤᠨ ᠰᠢᠪᠲᠤᠷᠠᠭᠠᠨ ᠤ ᠵᠢᠯ ᠪᠣᠯᠤᠨ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠪᠠ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠢᠳᠡᠪᠬᠢᠲᠡᠶ ᠲᠥᠯᠥᠪᠵᠢᠭᠦᠯᠵᠦ᠂ ᠠᠵᠢᠯ ᠣᠯᠭᠤᠯᠲᠠ ᠶᠢ ᠠᠬᠢᠭᠤᠯᠬᠤ ᠪᠠ ᠰᠠᠭᠤᠭᠠᠯᠢ ᠠᠷᠠᠳ ᠤᠨ ᠣᠷᠣᠯᠭ᠎ᠠ ᠶᠢ ᠪᠠᠲᠤᠯᠠᠬᠤ ᠶᠢ ᠢᠮᠠᠭᠲᠠ ᠲᠣᠪᠤᠶᠢᠮ᠎ᠠ ᠪᠠᠶᠢᠷᠢᠨ ᠳᠤ ᠲᠠᠯᠪᠢᠭᠰᠠᠭᠠᠷ ᠢᠷᠡᠪᠡ᠃ ᠠᠵᠢᠯ ᠣᠯᠭᠤᠯᠲᠠ ᠶᠢᠨ ᠦᠢᠯᠡᠴᠢᠯᠡᠭᠡ ᠶᠢ ᠲᠠᠰᠤᠷᠠᠯᠲᠠ ᠥᠬᠡᠶ ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂           ︽ᠬᠠᠰᠤᠬᠤ ᠬᠡᠯᠲᠦᠷᠢᠭᠦᠯᠬᠦ ᠬᠤᠶᠢᠰᠢᠯᠠᠭᠤᠯᠬᠤ ᠪᠤᠴᠠᠭᠠᠬᠤ ᠨᠥᠬᠦᠪᠥᠷᠢᠯᠡᠬᠦ︾ ᠵᠡᠷᠭᠡ ᠣᠯᠠᠨ  ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ᠂ ᠬᠤᠳᠠᠯᠳᠤᠭ᠎ᠠ ᠵᠠᠬ᠎ᠠ ᠳᠡᠯᠭᠡᠭᠦᠷ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠵᠤ᠂ ᠴᠠᠯᠢᠩ ᠤᠨ ᠲᠣᠭᠲᠠᠭᠤᠨ ᠢᠶᠠᠷ ᠨᠡᠮᠡᠭᠳᠡᠬᠦ ᠳᠤ ᠨᠥᠬᠦᠴᠡᠯ ᠪᠦᠷᠢᠯᠳᠦᠭᠦᠯᠵᠦ ᠥᠭᠪᠡ᠃
      2020 ᠣᠨ ᠳᠤ᠂ ᠥᠪᠥᠷ ᠮᠣᠩᠭᠤᠯ ᠤᠨ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠳᠤ ᠠᠵᠢᠯ ᠣᠯᠤᠭᠰᠠᠳ ᠤᠨ ᠵᠢᠯ ᠤᠨ ᠳᠤᠮᠳᠠᠴᠢ ᠴᠠᠯᠢᠩ ᠨᠢ 85310 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4747 ᠲᠥᠭᠦᠷᠢᠭ ᠨᠡᠮᠡᠭᠳᠡᠵᠦ᠂ 5.9 %  ᠪᠠᠷ ᠳᠡᠭᠡᠭᠰᠢᠯᠡᠪᠡ᠃ ᠦᠨ᠎ᠡ ᠬᠠᠩᠰᠢ ᠶᠢᠨ ᠬᠦᠴᠦᠨ ᠵᠦᠢᠯ ᠢ ᠭᠠᠷᠭᠠᠪᠠᠯ᠂ ᠳᠤᠮᠳᠠᠴᠢ ᠴᠠᠯᠢᠩ ᠨᠢ ᠪᠤᠳᠠᠳᠠᠢ ᠪᠠᠷ 4.2 % ᠨᠡᠮᠡᠭᠳᠡᠪᠡ︔ ᠬᠤᠳᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠨᠢᠭᠡᠴᠢ ᠳᠤ ᠠᠵᠢᠯ ᠤᠯᠤᠭᠰᠠᠳ ᠤᠨ ᠵᠢᠯ ᠤᠨ ᠳᠤᠮᠳᠠᠴᠢ ᠴᠠᠯᠢᠩ ᠨᠢ 47566 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4075 ᠲᠥᠭᠦᠷᠢᠭ ᠨᠡᠮᠡᠭᠳᠡᠵᠦ᠂ 9.4 % ᠪᠠᠷ ᠳᠡᠭᠡᠭᠰᠢᠯᠡᠪᠡ᠂ ᠦᠨ᠎ᠡ ᠬᠠᠩᠰᠢ ᠶᠢᠨ ᠬᠦᠴᠦᠨ ᠵᠦᠢᠯ ᠢ ᠭᠠᠷᠭᠠᠪᠠᠯ᠂ ᠳᠤᠮᠳᠠᠴᠢ ᠴᠠᠯᠢᠩ ᠨᠢ ᠪᠤᠳᠠᠳᠠᠢ ᠪᠠᠷ 7.7 % ᠨᠡᠮᠡᠭᠳᠡᠵᠡᠢ᠃ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠪᠠ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠳᠤᠮᠳᠠᠴᠢ ᠴᠠᠯᠢᠩ ᠤᠨ ᠪᠣᠳᠠᠲᠠᠶ ᠨᠡᠮᠡᠭᠳᠡᠯ ᠨᠢ ᠠᠵᠤ ᠠᠬᠤᠶ ᠶᠢᠨ ᠨᠡᠮᠡᠭᠳᠡᠯ ᠠᠴᠠ ᠲᠣᠰ ᠲᠤᠰ 4.0 ᠪᠠ 7.5 ᠵᠠᠭᠤᠨ ᠤ ᠴᠡᠭ ᠲᠦᠷᠭᠡᠨ ᠪᠠᠶᠢᠪᠠ᠃
      ᠨᠢᠭᠡ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠤᠯᠠᠮᠵᠢᠯᠠᠯᠲᠤ ᠲᠤᠯᠭᠠᠭᠤᠷᠢ ᠠᠵᠤ ᠦᠢᠯᠡᠰ ᠨᠢ ᠠᠵᠢᠯ ᠲᠥᠷᠥᠯ ᠤᠨ ᠴᠠᠯᠢᠩ ᠢ ᠳᠠᠶᠢᠴᠢᠯᠠᠨ ᠳᠠᠭᠠᠭᠤᠯᠪᠠ
      2020 ᠣᠨ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠷᠭᠦᠯᠵᠢᠯᠡᠨ ᠬᠦᠴᠦᠯᠡᠨ ᠴᠢᠷᠮᠠᠶᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠪᠥᠷ ᠮᠣᠩᠭᠤᠯ ᠤᠨ ᠡᠨᠧᠷᠭᠢ ᠶᠢᠨ ᠠᠵᠤ ᠠᠬᠤᠶ ᠨᠢ ᠨᠡᠭᠦᠷᠡᠰᠦᠨ ᠤ  ᠦᠢᠯᠡᠳᠪᠦᠷᠢᠯᠡᠬᠦ ᠴᠢᠳᠠᠪᠤᠷᠢ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ᠂ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ᠂ ᠴᠠᠬᠢᠯᠭᠠᠨ ᠭᠠᠷᠭᠠᠬᠤ ᠬᠡᠮᠵᠢᠶ᠎ᠡ᠂ ᠭᠠᠳᠠᠭᠰᠢ ᠬᠦᠷᠭᠡᠬᠦ ᠨᠡᠭᠦᠷᠡᠰᠦ᠂ ᠭᠠᠳᠠᠭᠰᠢ ᠬᠦᠷᠭᠡᠬᠦ ᠴᠠᠬᠢᠯᠭᠠᠨ ᠤ ᠬᠡᠮᠵᠢᠶ᠎ᠡ ᠵᠡᠷᠭᠡ ︽ᠪᠥᠬᠦ ᠤᠯᠤᠰ ᠤᠨ ᠵᠢᠷᠭᠤᠭᠠᠨ ᠲᠡᠷᠢᠭᠦᠨ︾ ᠢ ᠪᠡᠶᠡᠯᠡᠭᠦᠯᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 0.7 % ᠪᠠᠷ ᠨᠡᠮᠡᠭᠳᠡᠪᠡ᠂ ᠡᠭᠦᠨ ᠳᠤ᠄ ᠬᠠᠷ᠎ᠠ ᠲᠡᠮᠦᠷᠯᠢᠭ ᠤᠨ ᠠᠭᠤᠷᠬᠠᠶ ᠶᠢᠨ  ᠰᠢᠯᠢᠨ ᠰᠤᠩᠭᠤᠬᠤ ᠦᠢᠯᠡᠰ ᠠᠳᠠᠯᠢ ᠬᠤᠭᠤᠴᠠᠭᠠᠨ ᠤ ᠬᠢ ᠠᠴᠠ 33.8 % ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠭᠡᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 16.4 % ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ  ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 3.7 % ᠪᠠᠷ ᠨᠡᠮᠡᠭᠳᠡᠵᠦ᠂ ᠬᠠᠮᠢᠶ᠎ᠠ ᠪᠥᠬᠦᠶ ᠠᠵᠢᠯ ᠲᠥᠷᠥᠯ ᠤᠨ ᠴᠠᠯᠢᠩ ᠤᠨ ᠥᠰᠥᠯᠲᠡ ᠢᠯᠡᠳᠲᠡ ᠪᠣᠯᠪᠠ᠃
      ᠠᠭᠤᠷᠬᠠᠶ ᠮᠠᠯᠲᠠᠬᠤ ᠦᠢᠯᠡᠰ ᠤᠨ ᠳᠤᠮᠳᠠᠴᠢ ᠴᠠᠯᠢᠩ ᠨᠢ ᠬᠠᠮᠤᠭ ᠤᠨ ᠥᠨᠳᠥᠷ ᠮᠥᠷᠲᠡᠭᠡᠨ ᠦᠷᠭᠦᠯᠵᠢᠯᠡᠨ ᠨᠡᠯᠢᠶᠡᠳ ᠲᠦᠷᠭᠡᠨ ᠢᠶᠠᠷ ᠨᠡᠮᠡᠭᠳᠡᠵᠦ ᠪᠠᠶᠢᠨ᠎ᠠ᠃ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠪᠠ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠠᠭᠤᠷᠬᠠᠶ ᠮᠠᠯᠲᠠᠬᠤ ᠦᠢᠯᠡᠰ ᠤᠨ ᠵᠢᠯ ᠤᠨ ᠳᠤᠮᠳᠠᠴᠢ ᠴᠠᠯᠢᠩ ᠨᠢ ᠲᠤᠰ ᠲᠤᠰ 133615 ᠲᠥᠭᠦᠷᠢᠭ ᠪᠠ 69794 ᠲᠥᠭᠦᠷᠢᠭ ᠲᠤ ᠬᠦᠷᠴᠦ᠂ ᠴᠥᠮ ᠠᠵᠢᠯ ᠲᠥᠷᠥᠯ ᠤᠨ ᠲᠡᠷᠢᠭᠦᠨ ᠳᠤ ᠣᠷᠣᠪᠠ᠃ ᠠᠵᠢᠯ ᠲᠥᠷᠥᠯ ᠤᠨ ᠳᠤᠮᠳᠠᠴᠢ ᠴᠠᠯᠢᠩ ᠤᠨ ᠨᠡᠮᠡᠭᠳᠡᠯ ᠤᠨ ᠬᠤᠷᠳᠤᠴᠠ ᠲᠣᠰ ᠲᠣᠰ 11.2 % ᠪᠠ 14.1 % ᠪᠠᠶᠢᠵᠤ᠂ ᠲᠣᠰ ᠲᠣᠰ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ 5.3 ᠪᠠ 6.7 ᠵᠠᠭᠤᠨ ᠤ ᠴᠡᠭ ᠲᠦᠷᠭᠡᠨ ᠪᠣᠯᠪᠠ᠃ ᠦᠢᠯᠡᠳᠭᠡᠯ ᠤᠨ ᠦᠢᠯᠡᠰ ᠤᠨ ᠳᠤᠮᠳᠠᠴᠢ ᠴᠠᠯᠢᠩ ᠲᠣᠭᠲᠠᠭᠤᠨ ᠢᠶᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠭᠡᠯ ᠤᠨ ᠦᠢᠯᠡᠰ ᠪᠠ ᠲᠣᠨᠣᠭᠯᠠᠯ ᠦᠢᠯᠡᠳᠬᠦ ᠦᠢᠯᠡᠰ ᠤᠨ ᠳᠠᠶᠢᠴᠢᠯᠠᠬᠤ ᠦᠢᠯᠡᠳᠦᠯ ᠢᠯᠡᠳᠲᠡ ᠪᠣᠯᠪᠠ᠃ 2020 ᠣᠨ ᠳᠤ᠂ ᠥᠪᠥᠷ ᠮᠣᠩᠭᠤᠯ ᠤᠨ ᠦᠢᠯᠡᠳᠭᠡᠯ ᠤᠨ ᠦᠢᠯᠡᠰ ᠤᠨ ᠨᠡᠮᠡᠭᠳᠡᠯ ᠥᠷᠲᠡᠭ ᠨᠢ 8.4 % ᠪᠠᠷ ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠳᠬᠦ  ᠦᠢᠯᠡᠰ ᠤᠨ ᠨᠡᠮᠡᠭᠳᠡᠯ ᠨᠢ 38.1% ᠳᠤ ᠬᠦᠷᠴᠦ᠂  ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠴᠠ ᠲᠣᠰ ᠲᠣᠰ 7.7 ᠪᠠ  37.4 ᠵᠠᠭᠤᠨ ᠤ ᠴᠡᠭ ᠲᠦᠷᠭᠡᠨ ᠪᠣᠯᠪᠠ᠃ 
       ᠡᠨᠡ ᠬᠦ ᠦᠢᠯᠡᠳᠦᠯ ᠤᠨ ᠳᠤᠤᠷ᠎ᠠ᠂ ᠪᠦᠬᠦ ᠣᠷᠣᠨ ᠤ ᠴᠠᠬᠢᠯᠭᠠᠨ ᠮᠠᠰᠢᠨ ᠲᠤᠨᠤᠭᠯᠠᠯ ᠪᠠ ᠪᠠᠭᠠᠵᠢ ᠬᠡᠷᠡᠭᠰᠡᠯ ᠦᠢᠯᠡᠳᠬᠦ  ᠦᠢᠯᠡᠰ᠂ ᠲᠤᠰᠬᠠᠶ ᠲᠤᠨᠤᠭ ᠲᠥᠬᠦᠭᠡᠷᠦᠮᠵᠢ ᠦᠢᠯᠡᠳᠬᠦ ᠦᠢᠯᠡᠰ᠂ ᠬᠡᠮᠵᠢᠭᠦᠷ ᠪᠠᠭᠠᠵᠢ ᠦᠢᠯᠡᠳᠬᠦ ᠦᠢᠯᠡᠰ ᠪᠠ ᠲᠡᠮᠦᠷ ᠵᠠᠮ᠂ ᠣᠩᠭᠤᠴᠠ ᠰᠠᠯ᠂ ᠠᠭᠠᠷ ᠰᠠᠨᠰᠠᠷ ᠤᠨ ᠠᠶᠠᠯᠠᠯ ᠵᠢᠴᠢ ᠪᠤᠰᠤᠳ ᠲᠡᠭᠡᠭᠡᠪᠦᠷᠢ ᠶᠢᠨ ᠲᠥᠬᠦᠭᠡᠷᠦᠮᠵᠢ ᠦᠢᠯᠡᠳᠬᠦ  ᠦᠢᠯᠡᠰ ᠤᠨ ᠴᠠᠯᠢᠩ ᠤᠨ ᠬᠢᠷᠢ ᠲᠦᠪᠰᠢᠨ ᠨᠡᠯᠢᠶᠡᠳ ᠲᠦᠷᠭᠡᠨ ᠨᠡᠮᠡᠭᠳᠡᠪᠡ᠃ ᠠᠵᠢᠯ ᠲᠥᠷᠥᠯ ᠤᠨ ᠳᠤᠮᠳᠠᠴᠢ ᠴᠠᠯᠢᠩ ᠤᠨ ᠨᠡᠮᠡᠭᠳᠡᠯ ᠤᠨ ᠬᠤᠷᠳᠤᠴᠠ ᠲᠣᠰ ᠲᠣᠰ 23.6 %᠂ 19.7 %᠂ 13.2 % ᠪᠠ 9.8 % ᠳᠤ ᠬᠦᠷᠴᠦ᠂ ᠦᠢᠯᠡᠳᠭᠡᠯ ᠤᠨ ᠦᠢᠯᠡᠰ ᠤᠨ ᠳᠤᠮᠳᠠᠴᠢ ᠴᠠᠯᠢᠩ ᠤᠨ ᠨᠡᠮᠡᠭᠳᠡᠯ ᠤᠨ ᠬᠤᠷᠳᠤᠴᠠ ᠠᠴᠠ ᠲᠣᠰ ᠲᠣᠰ 15.8᠂ 11.9᠂ 5.4 ᠪᠠ 2.0 ᠵᠠᠭᠤᠨ ᠤ ᠴᠡᠭ ᠲᠦᠷᠭᠡᠨ ᠪᠣᠯᠪᠠ᠃ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠨᠢ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠦᠴᠦᠨ ᠤ ᠳᠠᠶᠢᠴᠢᠯᠠᠯ ᠳᠤᠤᠷ᠎ᠠ᠂ ᠴᠠᠯᠢᠩ ᠤᠨ ᠬᠢᠷᠢ ᠲᠦᠪᠰᠢᠨ ᠨᠢ ᠡᠮᠦᠨ᠎ᠡ ᠡᠩᠨᠡᠬᠡᠨ ᠳᠤ ᠣᠷᠣᠪᠠ᠃ 2020 ᠣᠨ ᠳᠤ᠂ ᠪᠥᠬᠦ ᠣᠷᠣᠨ ᠤ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 12.4 % ᠪᠠᠷ ᠨᠡᠮᠡᠭᠳᠡᠵᠦ᠂ ᠴᠠᠬᠢᠯᠭᠠᠨ ᠭᠠᠷᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 3.9 % ᠪᠠᠷ ᠨᠡᠮᠡᠭᠳᠡᠪᠡ᠃ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠪᠠ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠠᠵᠢᠯ ᠲᠥᠷᠥᠯ ᠤᠨ ᠳᠤᠮᠳᠠᠴᠢ ᠴᠠᠯᠢᠩ ᠨᠢ ᠲᠤᠰ ᠲᠤᠰ 113878 ᠲᠥᠭᠦᠷᠢᠭ ᠪᠠ 55177 ᠲᠥᠭᠦᠷᠢᠭ ᠲᠤ ᠬᠦᠷᠴᠦ᠂ ᠡᠯ᠎ᠡ ᠠᠵᠢᠯ ᠲᠥᠷᠥᠯ ᠤᠨ ᠬᠢᠨ ᠤ ᠬᠤᠶᠠᠳᠤᠭᠠᠷ ᠪᠠ ᠳᠥᠷᠪᠡᠳᠦᠭᠡᠷ ᠲᠤ ᠣᠷᠣᠪᠠ᠃ ᠡᠭᠦᠨ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠣᠯᠤᠨ ᠠᠵᠤ  ᠦᠢᠯᠡᠰ ᠤᠨ ᠪᠦᠲᠦᠴᠡ ᠶᠢᠨ ᠰᠢᠯᠢᠳᠡᠭᠵᠢᠭᠦᠯᠦᠯᠲᠡ ᠶᠢᠨ ᠠᠬᠢᠭᠤᠯᠬᠤ ᠦᠢᠯᠡᠳᠦᠯ ᠢᠶᠠᠷ ᠰᠠᠯᠬᠢᠨ ᠬᠦᠴᠦᠨ ᠤ ᠴᠠᠬᠢᠯᠭᠠᠨ ᠤ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠪᠥᠬᠦ ᠵᠢᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠵᠦ᠂ ᠠᠵᠢᠯ ᠲᠥᠷᠥᠯ ᠤᠨ ᠳᠤᠮᠳᠠᠴᠢ ᠴᠠᠯᠢᠩ ᠨᠢ ᠠᠳᠠᠯᠢ ᠬᠤᠭᠤᠴᠠᠭᠠᠨ ᠤ ᠬᠢ ᠠᠴᠠ 16.9% ᠪᠠᠷ ᠨᠡᠮᠡᠭᠳᠡᠪᠡ᠃
      ᠬᠤᠶᠠᠷ᠂ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠥᠷᠨᠢᠭᠦᠨ ᠬᠥᠭᠵᠢᠵᠦ᠂ ᠴᠠᠯᠢᠩ ᠤᠨ ᠬᠢᠷᠢ ᠲᠦᠪᠰᠢᠨ ᠨᠡᠯᠢᠶᠡᠳ ᠲᠦᠷᠭᠡᠨ ᠨᠡᠮᠡᠭᠳᠡᠪᠡ 
      ︽13.5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠠᠵᠤ ᠦᠢᠯᠡᠰ ᠤᠨ ᠪᠦᠲᠦᠴᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠳᠤ ᠲᠠᠰᠤᠷᠠᠯᠲᠠ ᠥᠬᠡᠶ ᠰᠢᠨ᠎ᠡ ᠶᠢ ᠡᠭᠦᠳᠦᠨ᠂ ᠠᠵᠤ ᠦᠢᠯᠡᠰ ᠤᠨ ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠭᠤᠷᠪᠠᠳᠤᠭᠠᠷ ᠠᠵᠤ ᠦᠢᠯᠡᠰ ᠢᠯᠠᠩᠭᠤᠶ᠎ᠠ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠨᠡᠯᠢᠶᠡᠳ ᠲᠦᠷᠭᠡᠨ ᠪᠣᠯᠪᠠ᠃ 2020 ᠣᠨ ᠳᠤ᠂ ᠪᠥᠬᠦ ᠣᠷᠣᠨ ᠤ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠵᠡᠯᠡᠬᠦ ᠬᠤᠪᠢ ᠶᠢᠨ ᠵᠢᠩ 48.9 % ᠳᠤ ᠬᠦᠷᠴᠦ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ  ᠦᠢᠯᠡᠰ ᠤᠨ ᠬᠡᠪᠴᠢᠶ᠎ᠡ ᠦᠷᠭᠦᠯᠵᠢᠯᠡᠨ ᠪᠤᠵᠠᠭᠠᠶᠢᠷᠠᠪᠠ᠃
      ᠬᠢᠵᠢᠭ ᠤᠨ ᠪᠠᠶᠢᠳᠠᠯ ᠤᠨ ᠨᠦᠯᠦᠭᠡᠯᠡᠯ ᠳᠤᠤᠷ᠎ᠠ᠂ ᠰᠦᠯᠵᠢᠶᠡᠨ ᠳᠡᠭᠡᠷ᠎ᠡ ᠠᠵᠢᠯᠯᠠᠬᠤ᠂ ᠰᠦᠯᠵᠢᠶᠡᠨ ᠳᠡᠭᠡᠷ᠎ᠡ ᠡᠳ᠋ ᠬᠦᠷᠦᠩᠭᠡ ᠠᠬᠤᠶᠢᠯᠠᠬᠤ᠂ ᠵᠥᠪᠯᠡᠯᠭᠡ ᠥᠭᠬᠦ ᠦᠢᠯᠡᠴᠢᠯᠡᠭᠡ᠂ ᠢᠨᠲ᠋ᠧᠷ ᠰᠦᠯᠵᠢᠶᠡᠨ ᠤ ᠵᠠᠷ ᠮᠡᠳᠡᠭᠡ ᠵᠡᠷᠭᠡ ᠰᠢᠨ᠎ᠡ ᠬᠡᠷᠡᠭᠯᠡᠭᠡ ᠶᠢᠨ ᠬᠡᠷᠡᠭᠴᠡᠭᠡ ᠦᠷᠭᠦᠯᠵᠢᠯᠡᠨ ᠨᠡᠮᠡᠭᠳᠡᠵᠦ᠂ ᠮᠡᠳᠡᠭᠡ ᠵᠠᠩᠭᠢ ᠳᠠᠮᠵᠢᠭᠤᠯᠬᠤ ᠦᠢᠯᠡᠰ᠂ ᠮᠥᠩᠭᠦᠨ ᠬᠦᠢᠯᠭᠡᠭᠡᠨ ᠤ ᠦᠢᠯᠡᠰ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠠᠵᠢᠯ ᠲᠥᠷᠥᠯ ᠤᠨ ᠨᠡᠯᠢᠶᠡᠳ ᠲᠦᠷᠭᠡᠨ ᠬᠥᠭᠵᠢᠬᠦ ᠶᠢ ᠳᠠᠶᠢᠴᠢᠯᠠᠵᠤ᠂ ᠴᠠᠯᠢᠩ ᠤᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ 2020 ᠣᠨ ᠳᠤ᠂ ᠪᠥᠬᠦ ᠣᠷᠣᠨ ᠤ ᠬᠤᠲᠠ ᠪᠠᠯᠭᠠᠰᠤ ᠶᠢᠨ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠳᠠᠬᠢ ᠰᠤᠹᠲ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠬᠦ ᠦᠢᠯᠡᠰ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠪᠠ ᠵᠤᠭᠤᠰ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠴᠠᠯᠢᠩ ᠤᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠣᠯᠪᠠ᠃ ᠠᠵᠢᠯ ᠲᠥᠷᠥᠯ ᠤᠨ ᠳᠤᠮᠳᠠᠴᠢ ᠴᠠᠯᠢᠩ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 11.7%᠂ 10.7%᠂ 10.1% ᠪᠠ 7.2% ᠢᠶᠠᠷ ᠨᠡᠮᠡᠭᠳᠡᠪᠡ︔ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠨᠢᠭᠡᠴᠢ ᠳᠠᠬᠢ ᠮᠡᠳᠡᠭᠡ ᠵᠠᠩᠭᠢ ᠳᠠᠮᠵᠢᠭᠤᠯᠬᠤ ᠦᠢᠯᠡᠰ᠂ ᠮᠥᠩᠭᠦᠨ ᠭᠦᠶ᠋ᠯᠭᠡᠭᠡᠨ ᠤ ᠦᠢᠯᠡᠰ ᠪᠠ ᠲᠦᠷᠢᠶᠡᠰᠦᠯᠡᠯ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠳᠤᠮᠳᠠᠴᠢ ᠴᠠᠯᠢᠩ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 12.7 %᠂ 41.2 % ᠪᠠ 16.8 % ᠪᠠᠷ ᠨᠡᠮᠡᠭᠳᠡᠵᠦ᠂ ᠴᠥᠮ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃
      ᠡᠭᠦᠨ ᠤ ᠬᠠᠮᠲᠤ᠂ ᠮᠠᠨ ᠤ ᠣᠷᠣᠨ ᠤ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠬᠢᠵᠢᠭ ᠤᠨ ᠲᠠᠭᠠᠷᠢᠯᠲᠠ ᠶᠢ ᠨᠡᠯᠢᠶᠡᠳ ᠬᠦᠷᠲᠡᠵᠦ᠂ ᠬᠥᠭᠵᠢᠯᠲᠡ ᠶᠢᠨ ᠬᠠᠨᠳᠤᠰᠢ ᠨᠢ ᠤᠳᠠᠭᠠᠰᠢᠷᠠᠵᠤ᠂ ᠬᠠᠮᠢᠶ᠎ᠠ ᠪᠥᠬᠦᠶ ᠠᠵᠢᠯ ᠲᠥᠷᠥᠯ ᠤᠨ ᠳᠤᠮᠳᠠᠴᠢ ᠴᠠᠯᠢᠩ ᠤᠨ ᠨᠡᠮᠡᠭᠳᠡᠯ ᠤᠨ ᠬᠤᠷᠳᠤᠴᠠ ᠨᠢ ᠪᠠᠭᠤᠷᠠᠪᠠ᠃ ᠡᠭᠦᠨ ᠳᠤ᠂ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠶᠢᠨ ᠪᠠᠭᠤᠳᠠᠯ ᠢᠳᠡᠭᠡᠨ ᠤᠮᠳᠠᠭᠠᠨ ᠤ ᠦᠢᠯᠡᠰ ᠪᠠ ᠰᠠᠭᠤᠭᠠᠯᠢ ᠠᠷᠠᠳ ᠤᠨ ᠦᠢᠯᠡᠴᠢᠯᠡᠭᠡᠨ ᠤ ᠦᠢᠯᠡᠰ ᠤᠨ ᠳᠤᠮᠳᠠᠴᠢ ᠴᠠᠯᠢᠩ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 0.5 % ᠪᠠ 6.0 % ᠪᠠᠷ ᠪᠠᠭᠤᠷᠠᠵᠤ᠂ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠳᠤᠮᠳᠠᠴᠢ ᠴᠠᠯᠢᠩ ᠨᠢ ᠲᠣᠰ ᠲᠣᠰ 3.8 % ᠪᠠ 0.7 % ᠪᠠᠷ ᠪᠠᠭᠤᠷᠠᠪᠠ᠃
ᠭᠤᠷᠪᠠ᠂ ᠰᠣᠶᠣᠯ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠵᠠᠷᠤᠯᠭ᠎ᠠ ᠨᠡᠮᠡᠭᠳᠡᠵᠦ᠂ ᠴᠠᠯᠢᠩ ᠤᠨ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠪᠡ
      2020 ᠣᠨ ᠳᠤ᠂ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠮᠠᠨ ᠤ ᠣᠷᠣᠨ ᠤ ᠡᠯ᠎ᠡ ᠲᠥᠷᠥᠯ ᠤᠨ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠲᠠᠯᠠᠪᠤᠷ ᠤᠨ ᠡᠵᠡᠩᠨᠡᠯᠲᠡ ᠶᠢ ᠵᠣᠭᠰᠣᠭᠠᠬᠤ᠂ ᠰᠤᠷᠭᠠᠭᠤᠯᠢ ᠶᠢᠨ ᠬᠢᠴᠢᠶᠡᠯ ᠰᠡᠷᠭᠦᠭᠡᠬᠦ ᠶᠢ ᠬᠤᠶᠢᠰᠢᠯᠠᠭᠤᠯᠬᠤ᠂ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠡᠪᠡᠳᠴᠢᠨ ᠦᠵᠡᠬᠦ ᠬᠡᠮᠵᠢᠶ᠎ᠡ ᠶᠢ ᠪᠠᠭᠠᠰᠬᠠᠵᠤ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠤ ᠴᠥᠮ ᠢᠯᠡᠳᠲᠡ ᠨᠥᠯᠥᠭᠡ ᠦᠵᠡᠭᠦᠯᠪᠡ᠃ ᠡᠯ᠎ᠡ ᠱᠠᠲᠤᠨ ᠤ ᠵᠠᠰᠠᠭ ᠤᠨ ᠣᠷᠳᠣᠨ ᠬᠤᠯᠪᠣᠭᠳᠠᠯ ᠪᠥᠬᠦᠶ ᠬᠦᠷᠢᠶᠡᠨ ᠳᠠᠬᠢ ᠪᠠᠯᠠ ᠣᠷᠣᠭᠤᠯᠤᠯᠲᠠ ᠪᠠ ᠪᠥᠲᠥᠭᠡᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠶᠡᠭᠡ ᠪᠠᠷ ᠬᠥᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ  ᠤᠨ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠲᠥᠷᠥᠯ ᠵᠦᠢᠯ ᠤᠨ ᠨᠡᠭᠡᠭᠡᠨ ᠬᠦᠭᠵᠢᠬᠦᠯᠦᠯᠲᠡ ᠪᠠ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠪᠠ᠃
      2020 ᠣᠨ ᠳᠤ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ ᠲᠣᠰ ᠲᠣᠰ ᠳᠡᠭᠡᠷ᠎ᠡ ᠵᠢᠯ ᠤᠨ ᠬᠢ ᠠᠴᠠ 5.2 %᠂ 16.4 % ᠪᠠ               3.6 % ᠪᠠᠷ ᠨᠡᠮᠡᠭᠳᠡᠵᠦ᠂ ᠴᠥᠮ ᠪᠥᠬᠦ ᠣᠷᠣᠨ ᠤ ᠡᠩ ᠤᠨ ᠲᠥᠰᠦᠪ ᠤᠨ ᠵᠠᠷᠤᠯᠭ᠎ᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠵᠣ᠂ ᠬᠠᠮᠢᠶ᠎ᠠ ᠪᠥᠬᠦᠶ ᠠᠵᠢᠯ ᠲᠥᠷᠥᠯ ᠤᠨ ᠠᠵᠢᠯᠯᠠᠭᠰᠠᠳ ᠤᠨ ᠴᠠᠯᠢᠩ ᠤᠨ ᠲᠣᠭᠲᠠᠭᠤᠨ ᠢᠶᠠᠷ ᠨᠡᠮᠡᠭᠳᠡᠬᠦ ᠳᠤ ᠰᠠᠭᠤᠷᠢ ᠲᠠᠯᠪᠢᠪᠠ᠃ 2020 ᠣᠨ ᠳᠤ᠂ ᠪᠥᠬᠦ ᠣᠷᠣᠨ ᠤ ᠬᠤᠲᠠ ᠪᠠᠯᠭᠠᠰᠤ ᠶᠢᠨ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠶᠢᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠲᠤ ᠠᠵᠢᠯ ᠣᠯᠤᠭᠰᠠᠳ ᠤᠨ ᠳᠤᠮᠳᠠᠴᠢ ᠴᠠᠯᠢᠩ ᠤᠨ ᠨᠡᠮᠡᠭᠳᠡᠯ ᠤᠨ ᠬᠤᠷᠳᠤᠴᠠ ᠨᠢ ᠲᠣᠰ ᠲᠣᠰ 3.5 %᠂ 6.7 %  ᠪᠠ    2.8 % ᠪᠣᠯᠤᠨ᠎ᠠ᠃
      2020 ᠤᠨ ᠪᠣᠯ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠂ ᠪᠠᠰᠠ ᠴᠤ ᠠᠵᠢᠯ ᠣᠯᠭᠤᠯᠲᠠ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠬᠦᠷᠢᠶᠡᠨ ᠳᠠᠬᠢ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠥᠬᠦ ᠲᠠᠯ᠎ᠠ ᠪᠠᠷ ᠠᠬᠢᠭᠤᠯᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠬᠢᠨᠠᠮᠠᠭᠠᠶ ᠨᠠᠶᠢᠳᠠᠪᠤᠷᠢᠵᠢᠭᠤᠯᠤᠭᠰᠠᠨ ᠵᠠᠩᠭᠢᠯᠠᠭ᠎ᠠ ᠶᠢᠨ ᠵᠢᠯ ᠪᠣᠯᠤᠨ᠎ᠠ᠃ ᠬᠢᠵᠢᠭ ᠤᠨ ᠪᠠᠶᠢᠳᠠᠯ ᠤᠨ ᠨᠦᠯᠦᠭᠡᠯᠡᠯ ᠳᠤᠤᠷ᠎ᠠ᠂ ᠪᠥᠬᠦ ᠣᠷᠣᠨ ᠤ ᠬᠤᠲᠠ ᠪᠠᠯᠭᠠᠰᠤᠨ ᠤ ᠨᠢᠭᠡᠴᠢ ᠳᠤ ᠠᠵᠢᠯ ᠣᠯᠤᠭᠰᠠᠳ ᠤᠨ ᠵᠢᠯ ᠤᠨ ᠳᠤᠮᠳᠠᠴᠢ ᠴᠠᠯᠢᠩ ᠮᠥᠨ ᠬᠦ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠣᠯᠤᠭᠰᠠᠨ ᠢ ᠬᠠᠷᠠᠭᠤᠯᠵᠤ ᠪᠠᠶᠢᠨ᠎ᠠ᠃

ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠤ ᠰᠦᠯᠵᠢᠶ᠎ᠡ