ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2021/6/9
                       ᠥᠪᠥᠷ ᠵᠠᠰᠠᠭ ᠠᠯᠪᠠᠨ ᠲᠠᠷᠬᠠᠭᠠᠭᠰᠠᠨ ﹇2021﹈ 17 ᠳ᠋ᠤᠭᠠᠷ ᠲᠣᠭᠠᠲᠤ      ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ    ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ ᠡᠷᠡᠭᠦᠯᠵᠢᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭᠠᠨ ︵2019 — — 2030 ᠣᠨ︶︾ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠢ ᠬᠡᠷᠡᠭᠵᠢᠭᠦᠯᠬᠦ ᠶᠢ ᠨᠢ ᠠᠬᠢᠭᠤᠯᠤᠨ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ ᠣᠯᠠᠨ ᠳᠡᠰ ᠳᠠᠪᠬᠤᠷᠭ᠎ᠠ ᠶᠢᠨ᠂ ᠣᠯᠠᠨ ᠶᠠᠩᠵᠤ ᠶᠢᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠂ ᠪᠥᠬᠦ ᠣᠷᠣᠨ ᠤ ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠳᠤᠤᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠡᠮᠡᠭᠲᠡᠶᠢᠴᠦᠳ ᠬᠡᠦᠬᠡᠳ ᠤᠨ ᠠᠵᠢᠯ ᠢ ᠴᠢᠩᠭᠠᠳᠬᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠨᠢ ᠰᠢᠢᠳᠪᠦᠷᠢᠯᠡᠬᠦ ᠶᠢ ᠠᠬᠢᠭᠤᠯᠵᠤ᠂ ᠪᠦᠬᠦ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠡᠷᠡᠭᠦᠯ ᠡᠩᠬᠡ ᠥᠪᠥᠷ ᠮᠣᠩᠭᠤᠯ ᠤᠨ ᠪᠠᠶᠢᠭᠤᠯᠤᠯᠲᠠ ᠳᠤ ᠰᠠᠭᠤᠷᠢ ᠲᠠᠯᠪᠢᠨ᠎ᠠ᠃      ︵ᠬᠤᠶᠠᠷ︶ ᠦᠨᠳᠦᠰᠦᠨ ᠵᠠᠷᠴᠢᠮ᠃ ︽ᠡᠷᠡᠭᠦᠯᠵᠢᠯ ᠢᠶᠠᠷ ᠭᠤᠤᠯ ᠪᠣᠯᠭᠠᠬᠤ ᠪᠠ ᠦᠷᠡᠵᠢᠯ ᠤᠨ ᠡᠷᠡᠭᠦᠯ ᠢ ᠪᠠᠲᠤᠯᠠᠬᠤ ᠪᠠᠷ ᠵᠣᠷᠢᠯᠭ᠎ᠠ ᠪᠣᠯᠭᠠᠨ᠂ ᠡᠷᠡᠭᠦᠯᠵᠢᠯ ᠬᠢᠭᠡᠳ ᠡᠮᠴᠢᠯᠡᠭᠡᠨ ᠢ ᠤᠶᠠᠯᠳᠤᠭᠤᠯᠵᠤ᠂ ᠨᠡᠶᠢᠲᠡ ᠣᠯᠠᠨ ᠳᠤ ᠬᠠᠨᠳᠤᠭᠤᠯᠬᠤ᠂ ᠦᠨᠳᠦᠰᠦᠨ ᠱᠠᠲᠤᠨ ᠳᠤ ᠴᠢᠭᠯᠡᠭᠦᠯᠬᠦ ᠪᠠ ᠰᠡᠷᠭᠡᠶᠢᠯᠡᠬᠦ ᠪᠠᠷ ᠭᠤᠤᠯ ᠪᠣᠯᠭᠠᠬᠤ︾ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠠᠵᠢᠯ ᠤᠨ ᠴᠢᠭᠯᠡᠯᠲᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠷᠡᠭᠦᠯᠵᠢᠯ ᠬᠢᠭᠡᠳ ᠡᠮᠴᠢᠯᠡᠭᠡᠨ ᠢ ᠤᠶᠠᠯᠳᠤᠭᠤᠯᠬᠤ᠂ ᠪᠣᠳᠠᠭᠠᠯᠢ ᠪᠡᠶ᠎ᠡ ᠬᠢᠭᠡᠳ ᠨᠡᠶᠢᠲᠡ ᠣᠯᠠᠨ ᠢ ᠤᠶᠠᠯᠳᠤᠭᠤᠯᠬᠤ᠂ ᠬᠢᠲᠠᠳ ᠡᠮᠨᠡᠯᠭᠡ ᠬᠢᠭᠡᠳ ᠧᠦ᠋ᠷᠣᠫᠠ ᠡᠮᠨᠡᠯᠭᠡ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃      ︵ᠭᠤᠷᠪᠠ︶ ᠬᠥᠭᠵᠢᠯᠲᠡ ᠶᠢᠨ ᠬᠠᠷᠠᠯᠲᠠ᠃ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠷᠠᠳ ᠤᠨ ᠠᠮᠢᠳᠤᠷᠠᠯ ᠤᠨ ᠴᠢᠬᠤᠯᠠ ᠶᠡᠭᠡ ᠠᠵᠢᠯ ᠦᠢᠯᠡᠰ ᠪᠣᠯᠭᠠᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠣᠷᠣᠨ ᠨᠤᠲᠤᠭ ᠤᠨ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠦᠢᠯᠡᠰ ᠤᠨ ᠲᠥᠯᠥᠪᠵᠢᠭᠦᠯᠭᠡ ᠳᠤ ᠣᠷᠣᠭᠤᠯᠵᠤ᠂ ᠳᠡᠮᠵᠢᠬᠦ ᠪᠠ ᠪᠥᠲᠥᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠪᠠᠷ ᠭᠤᠤᠯ ᠪᠣᠯᠭᠠᠭᠰᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠰᠠᠭᠤᠷᠢ ᠪᠣᠯᠭᠠᠭᠰᠠᠨ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠲᠤᠰᠬᠠᠶ ᠡᠮᠨᠡᠯᠭᠡ ᠶᠢᠨ ᠬᠤᠷᠢᠶ᠎ᠠ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠵᠢᠭᠠᠨ ᠰᠤᠷᠭᠠᠯᠲᠠ ᠶᠢᠨ ᠪᠠᠶᠢᠭᠤᠯᠤᠮᠵᠢ ᠪᠠᠷ ᠲᠤᠯᠭᠠᠭᠤᠷᠢᠯᠠᠯ ᠪᠣᠯᠭᠠᠭᠰᠠᠨ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠪᠠᠷ ᠨᠥᠬᠦᠪᠥᠷᠢ ᠪᠣᠯᠭᠠᠭᠰᠠᠨ᠂ ᠡᠷᠡᠭᠦᠯᠵᠢᠯ ᠬᠢᠭᠡᠳ ᠡᠮᠴᠢᠯᠡᠭᠡ ᠶᠢ ᠤᠶᠠᠯᠳᠤᠭᠤᠯᠤᠭᠰᠠᠨ᠂ ᠪᠥᠬᠦ ᠣᠷᠣᠨ ᠢ ᠬᠠᠮᠤᠷᠤᠭᠰᠠᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠳᠤ ᠴᠥᠮ ᠡᠬᠡ ᠨᠢᠯᠬᠠᠰ ᠤᠨ ᠡᠷᠡᠭᠦᠯᠵᠢᠯ ᠤᠨ ᠪᠠᠷᠢᠮᠵᠢᠶᠠᠵᠢᠭᠰᠠᠨ ᠪᠠᠶᠢᠭᠤᠯᠤᠮᠵᠢ ᠶᠢ 1 ᠪᠠᠶᠢᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠦᠨᠳᠦᠰᠦᠨ ᠱᠠᠲᠤᠨ ᠤ ᠲᠤᠤᠷ ᠰᠦᠯᠵᠢᠶ᠎ᠡ ᠶᠢᠨ ᠰᠠᠭᠤᠷᠢ ᠪᠠ ᠰᠢᠯᠵᠢᠭᠦᠯᠦᠨ ᠡᠮᠨᠡᠭᠦᠯᠬᠦ ᠲᠤᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠡᠬᠡ ᠨᠢᠯᠬᠠᠰ ᠤᠨ ᠡᠷᠡᠭᠦᠯ ᠡᠩᠬᠡ ᠶᠢᠨ ᠬᠠᠮ ᠬᠡᠯᠪᠡᠷᠢ ᠪᠦᠬᠦᠢ ᠴᠢᠳᠠᠪᠤᠷᠢᠲᠠᠨ ᠪᠠ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠡᠬᠡ ᠪᠠᠷᠢᠬᠤ ᠠᠵᠢᠯ ᠵᠡᠷᠭᠡ ᠳᠤ ᠪᠠᠴᠢᠮ ᠬᠡᠷᠡᠭᠴᠡᠭᠡ ᠲᠠᠢ ᠪᠥᠭᠡᠳ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠦᠨ ᠬᠡᠷᠡᠭᠯᠡᠬᠦ ᠶᠢ ᠴᠢᠩᠭᠠᠳᠬᠠᠨ᠎ᠠ᠃      ᠬᠤᠶᠠᠷ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ      ︵ᠨᠢᠭᠡ︶ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠡᠷᠭᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠬᠦ ᠠᠭᠤᠯᠭ᠎ᠠ ᠪᠣᠯᠭᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾ ︵ᠪᠠᠶᠢᠭᠤᠯᠤᠯᠲᠠ ᠪᠠᠷᠢᠮᠵᠢᠶ᠎ᠠ ﹇2017﹈ 248 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠡᠬᠡ ᠨᠢᠯᠬᠠᠰ ᠤᠨ ᠡᠷᠡᠭᠦᠯᠵᠢᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠵᠦ ᠬᠡᠷᠡᠭᠵᠢᠭᠦᠯᠦᠨ᠂ ᠪᠥᠬᠦ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠶᠢ ᠲᠥᠯᠥᠪᠯᠡᠭᠡ ᠲᠠᠢ ᠠᠬᠢᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠬᠤᠴᠣᠷᠤᠩᠭᠤᠶ ᠪᠠᠶᠢᠬᠤ ᠲᠣᠪᠤᠶᠢᠮ᠎ᠠ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃      ︵ᠬᠤᠶᠠᠷ︶ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠤᠨ᠎ᠠ᠃ ᠡᠯ᠎ᠡ ᠭᠠᠵᠠᠷ ᠣᠷᠣᠨ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠲᠤᠰ ᠭᠠᠵᠠᠷ ᠤᠨ ᠡᠮᠴᠢᠯᠡᠭᠡᠨ ᠤ ᠪᠠᠶᠢᠭᠤᠯᠤᠮᠵᠢ ᠪᠠᠶᠢᠷᠢᠯᠠᠭᠤᠯᠬᠤ ᠲᠥᠯᠥᠪᠵᠢᠭᠦᠯᠭᠡ ᠳᠤ ᠣᠷᠣᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾ ᠪᠠ ︽ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢᠨ ᠲᠤᠬᠠᠶ ᠵᠢᠯᠣᠭᠤᠳᠬᠤ ᠰᠠᠨᠠᠯ︾ ︵ᠤᠯᠤᠰ ᠡᠷᠡᠭᠦᠯ ᠡᠬᠡ ᠨᠢᠯᠬᠠᠰ ᠲᠠᠷᠬᠠᠭᠠᠭᠰᠠᠨ ﹇2015﹈ 54 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠡᠬᠡ ᠨᠢᠯᠬᠠᠰ ᠤᠨ ᠭᠤᠷᠪᠠᠳᠤᠭᠠᠷ ᠳᠡᠰ ᠤᠨ᠂ ᠬᠤᠶᠠᠳᠤᠭᠠᠷ ᠳᠡᠰ ᠤᠨ ᠡᠷᠡᠭᠦᠯᠵᠢᠯ ᠤᠨ ᠬᠤᠷᠢᠶ᠎ᠠ ᠪᠠᠶᠢᠭᠤᠯᠬᠤ ᠪᠠᠷᠢᠮᠵᠢᠶ᠎ᠠ ᠶᠣᠰᠣᠭᠠᠷ ᠲᠣᠰ ᠲᠣᠰ ᠲᠤ ᠨᠢ ᠲᠥᠯᠥᠪᠵᠢᠭᠦᠯᠦᠨ ᠪᠠᠶᠢᠷᠢᠯᠠᠭᠤᠯᠵᠤ᠂ ᠨᠥᠬᠦᠴᠡᠯ ᠲᠠᠢ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠡᠬᠡ ᠨᠢᠯᠬᠠᠰ ᠤᠨ ᠡᠷᠡᠭᠦᠯᠵᠢᠯ ᠤᠨ ᠭᠤᠷᠪᠠᠳᠤᠭᠠᠷ ᠳᠡᠰ ᠤᠨ ᠪᠠᠶᠢᠭᠤᠯᠤᠮᠵᠢ ᠶᠢ ᠪᠠᠶᠢᠭᠤᠯᠵᠤ ᠪᠣᠯᠤᠨ᠎ᠠ᠃      ︵ᠭᠤᠷᠪᠠ︶ ᠡᠮᠡᠭᠲᠡᠶ ᠶᠢᠨ ᠡᠮᠨᠡᠯᠭᠡ᠂ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ ᠪᠠ ᠬᠡᠦᠬᠡᠳ ᠤᠨ ᠡᠮᠨᠡᠯᠭᠡ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶ᠎ᠠ ︵ᠮᠣᠩᠭᠤᠯ ᠡᠮᠨᠡᠯᠭᠡ ᠶᠢᠨ ᠬᠤᠷᠢᠶ᠎ᠠ︶᠂ ᠲᠤᠰᠬᠠᠶ ᠡᠮᠨᠡᠯᠭᠡ ᠶᠢᠨ ᠬᠤᠷᠢᠶ᠎ᠠ ᠵᠢᠴᠢ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠶᠢᠨ ᠡᠮᠡᠭᠲᠡᠶ ᠶᠢᠨ ᠡᠮᠨᠡᠯᠭᠡ᠂ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ ᠪᠠ ᠬᠡᠦᠬᠡᠳ ᠤᠨ ᠡᠮᠨᠡᠯᠭᠡ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠳᠤ ᠣᠷᠣᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠤᠯᠴᠢᠯᠠᠨ ᠬᠠᠮᠢᠶᠠᠷᠴᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠲᠦᠷᠦᠭᠦᠯᠡᠨ ᠬᠠᠷᠢᠭᠤᠴᠬᠠᠰᠠᠨ ᠣᠷᠣᠨ ᠪᠦᠰᠡ ᠶᠢᠨ ᠡᠬᠡ ᠨᠢᠯᠬᠠᠰ ᠤᠨ ᠡᠷᠡᠭᠦᠯᠵᠢᠯ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠡᠬᠡ ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ ᠬᠠᠮᠵᠢᠯᠴᠠᠭ᠎ᠠ ᠶᠢ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠲᠣᠰ ᠭᠠᠵᠠᠷ ᠣᠷᠣᠨ ᠤ ᠡᠬᠡ ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ ᠦᠢᠯᠡᠴᠢᠯᠡᠭᠡᠨ ᠤ ᠠᠵᠢᠯ ᠢ ᠬᠠᠮᠲᠤ ᠪᠠᠷ ᠰᠠᠶᠢᠲᠤᠷ ᠬᠢᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠬᠡ ᠪᠠᠷᠢᠬᠤ ᠦᠢᠯᠡᠴᠢᠯᠡᠭᠡ ᠥᠷᠨᠢᠭᠦᠯᠵᠦ ᠪᠠᠶᠢᠭ᠎ᠠ ᠪᠣᠶ ᠪᠥᠬᠦᠶ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠴᠥᠮ ᠨᠢᠷᠠᠶ ᠬᠡᠦᠬᠡᠳ ᠤᠨ ᠡᠮᠨᠡᠯᠭᠡ ᠶᠢᠨ ᠰᠠᠯᠠᠭ᠎ᠠ ︵ᠲᠠᠰᠤᠭ︶ ᠲᠣᠬᠢᠷᠠᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠪᠦᠷᠢ ᠨᠢ ᠨᠠᠭᠠᠳᠤ ᠵᠠᠬ᠎ᠠ ᠳᠤ ᠪᠠᠨ 1 ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠡᠪᠡᠳᠴᠢᠲᠡᠨ ᠤ ᠥᠷᠥᠭᠡ ᠲᠠᠢ ᠬᠡᠦᠬᠡᠳ ᠤᠨ ᠡᠮᠨᠡᠯᠭᠡ ᠶᠢᠨ ᠰᠠᠯᠠᠭ᠎ᠠ ᠭᠠᠷᠭᠠᠵᠤ᠂ ᠪᠣᠶ ᠪᠥᠬᠦᠶ ᠬᠤᠰᠢᠭᠤ ᠰᠢᠶᠠᠨ ᠤ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠳᠤ ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ ᠭᠠᠷᠭᠠᠨ᠎ᠠ︔ ᠬᠥᠩᠭᠡᠵᠢᠬᠦ ᠡᠮᠡᠭᠲᠡᠢ ᠶᠢᠨ ᠮᠢᠩᠭᠠᠨ ᠬᠥᠮᠥᠨ ᠪᠦᠷᠢ ᠳᠤ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠳᠠᠬᠢ ᠡᠪᠡᠳᠴᠢᠲᠡᠨ ᠤ ᠣᠷᠣ ᠶᠢ 17 ᠪᠣᠯᠭᠠᠵᠤ᠂ ᠡᠮᠨᠡᠯᠭᠡ ᠳᠤ ᠡᠮᠨᠡᠭᠦᠯᠬᠦ ᠮᠢᠩᠭᠠᠨ ᠬᠡᠦᠬᠡᠳ ᠪᠦᠷᠢ ᠳᠤ ᠡᠪᠡᠳᠴᠢᠲᠡᠨ ᠤ ᠣᠷᠣ ᠶᠢ 2.2 ᠪᠣᠯᠭᠠᠬᠤ ᠪᠠᠨ ᠪᠠᠲᠤᠯᠠᠨ᠎ᠠ᠃      ︵ᠳᠥᠷᠪᠡ︶ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠶᠢᠨ ᠰᠠᠭᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠬᠡ ᠨᠢᠯᠬᠠᠰ ᠤᠨ ᠡᠷᠡᠭᠦᠯᠵᠢᠯ ᠤᠨ ᠲᠤᠰᠬᠠᠶ ᠮᠡᠷᠭᠡᠵᠢᠯ ᠤᠨ ᠠᠵᠢᠯᠲᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠬᠦ ᠪᠠᠨ ᠴᠢᠩᠭᠠᠳᠬᠠᠵᠤ᠂ ᠡᠬᠡ ᠨᠢᠯᠬᠠᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠨ᠎ᠡ︔ ᠦᠨᠳᠦᠰᠦᠨ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠠᠵᠢᠯ ᠳᠤ ᠣᠷᠣᠭᠤᠯᠤᠯᠲᠠ ᠪᠠᠨ ᠨᠡᠮᠡᠭᠳᠡᠭᠦᠯᠵᠦ᠂ ᠡᠬᠡ ᠨᠢᠯᠬᠠᠰ ᠤᠨ ᠡᠯ᠎ᠡ ᠵᠦᠢᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠰᠠᠶᠢᠲᠤᠷ ᠨᠠᠶᠢᠳᠠᠪᠤᠷᠢᠵᠢᠭᠤᠯᠬᠤ ᠪᠠᠶᠢᠭᠤᠯᠤᠮᠵᠢ ᠲᠠᠢ᠂ ᠠᠵᠢᠯᠲᠠᠨ ᠲᠠᠢ᠂ ᠴᠢᠳᠠᠪᠤᠷᠢ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠡᠬᠡ ᠨᠢᠯᠬᠠᠰ ᠤᠨ ᠡᠷᠡᠭᠦᠯᠵᠢᠯ ᠤᠨ ᠲᠤᠰᠬᠠᠶ ᠮᠡᠷᠭᠡᠵᠢᠯ ᠤᠨ ᠠᠵᠢᠯᠲᠠᠨ ᠢ ᠭᠦᠢᠴᠡᠳ ᠲᠣᠬᠢᠷᠠᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠠᠵᠢᠯ ᠢ ᠲᠤᠰᠬᠠᠶ ᠬᠢᠯᠭᠡᠨ᠎ᠡ᠃      ᠭᠤᠷᠪᠠ᠂ ᠡᠬᠡ ᠨᠢᠯᠬᠠᠰ ᠤᠨ ᠡᠷᠡᠭᠦᠯ ᠮᠡᠨᠳᠦ ᠳᠤ ᠦᠢᠯᠡᠴᠢᠯᠡᠬᠦ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ᠎ᠠ      ︵ᠲᠠᠪᠤ︶ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠪᠥᠬᠦ ᠣᠷᠣᠨ ᠤ ᠡᠬᠡ ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢᠲᠠ ᠳᠤ ᠪᠣᠯᠪᠠᠰᠣᠷᠠᠯ ᠭᠦᠷᠳᠡᠬᠡᠬᠦ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢᠶᠠᠨ ᠲᠥᠯᠥᠪᠯᠡᠭᠡ ᠶᠣᠰᠣᠭᠠᠷ ᠲᠠᠰ ᠳᠠᠪᠬᠤᠷᠭ᠎ᠠ ᠬᠤᠪᠢᠶᠠᠨ ᠭᠤᠤᠯᠳᠠᠯᠭ᠎ᠠ ᠲᠠᠢ ᠵᠣᠬᠢᠶᠠᠨ ᠪᠠᠶᠢᠭᠤᠯᠵᠦ ᠥᠷᠨᠢᠭᠦᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠭᠤᠤᠯᠳᠠᠯᠭ᠎ᠠ ᠲᠠᠢ ᠶᠡᠭᠡ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ᠂ ᠰᠤᠳᠤᠯᠤᠯ ᠤᠨ ᠪᠠᠶᠢᠭᠤᠯᠤᠮᠵᠢ ᠳᠤ ᠳᠡᠭᠡᠳᠦ ᠳᠡᠰ ᠤᠨ ᠰᠤᠷᠪᠤᠯᠵᠢᠯᠠᠬᠤ ᠡᠷᠳᠡᠮᠲᠡᠨ ᠢ ᠰᠣᠩᠭᠤᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠦᠨ᠎ᠡ︔ ᠣᠬᠤᠷ ᠬᠤᠭᠤᠴᠠᠭᠠᠨ ᠤ ᠳᠠᠪᠲᠠᠨ ᠪᠣᠯᠪᠠᠰᠤᠷᠠᠬᠤ᠂ ᠠᠵᠢᠯ ᠤᠨ ᠪᠠᠶᠢᠷᠢ ᠶᠢ ᠨᠢ ᠰᠣᠯᠢᠵᠦ ᠪᠤᠯᠪᠠᠰᠤᠷᠠᠯ ᠭᠦᠷᠳᠡᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ ᠭᠤᠤᠯᠯᠠᠭᠴᠢ ᠴᠢᠳᠠᠪᠤᠷᠢᠲᠠᠨ ᠢ ᠬᠥᠮᠦᠵᠢᠭᠦᠯᠦᠨ᠎ᠡ︔ ᠡᠷᠳᠡᠮ ᠰᠢᠨᠵᠢᠯᠡᠭᠡᠨ ᠤ ᠬᠤᠷᠠᠯ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠠᠵᠢᠯ ᠲᠥᠷᠥᠯ ᠤᠨ ᠮᠡᠷᠭᠡᠵᠢᠯ ᠢᠶᠠᠷ ᠬᠠᠪᠰᠤᠷᠤᠨ ᠲᠡᠳᠬᠦᠵᠦ ᠵᠢᠭᠠᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠠᠵᠢᠯᠲᠠᠨ ᠤ ᠮᠡᠷᠭᠡᠵᠢᠯ ᠤᠨ ᠬᠢᠷᠢ ᠲᠦᠪᠰᠢᠨ ᠪᠠ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠠᠵᠢᠯᠲᠠᠨ ᠤ ᠣᠷᠣᠨ ᠲᠤᠭ᠎ᠠ ᠶᠢᠨ ᠪᠠᠷᠢᠮᠵᠢᠶ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ ᠣᠷᠣᠨ ᠳᠠᠬᠢ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠨᠤᠭᠤᠳ ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠤ ᠡᠮᠴᠢ ᠬᠢᠭᠡᠳ ᠬᠡᠦᠬᠡᠳ ᠤᠨ ᠡᠮᠨᠡᠯᠭᠡ ᠶᠢᠨ ᠡᠮᠴᠢ᠂ ᠡᠬᠡ ᠪᠠᠷᠢᠭᠴᠢ ᠵᠡᠷᠭᠡ ᠦᠨᠳᠦᠰᠦᠨ ᠱᠠᠲᠤᠨ ᠳᠤ ᠪᠠᠴᠢᠮ ᠱᠠᠭᠠᠷᠳᠠᠭᠳᠠᠬᠤ ᠡᠬᠡ ᠨᠢᠯᠬᠠᠰ ᠤᠨ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢᠶᠠᠷ ᠰᠤᠷᠤᠭᠴᠢ ᠡᠯᠰᠡᠬᠦ ᠬᠡᠪᠴᠢᠶ᠎ᠡ ᠪᠠᠨ ᠨᠡᠮᠡᠭᠳᠡᠭᠦᠯᠵᠦ᠂ ᠦᠨᠳᠦᠰᠦᠨ ᠱᠠᠲᠤᠨ ᠤ ᠪᠣᠳᠠᠲᠠᠢ ᠬᠡᠷᠡᠭᠯᠡᠭᠡᠨ ᠤ ᠬᠡᠯᠪᠡᠷᠢ ᠪᠦᠬᠦᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠦᠨᠳᠦᠰᠦᠨ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠳᠤ ᠦᠢᠯᠡᠴᠢᠯᠡᠬᠦ ᠴᠢᠳᠠᠪᠤᠷᠢᠲᠠᠨ ᠢᠯᠠᠩᠭᠤᠶ᠎ᠠ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠤ ᠡᠮᠴᠢ᠂ ᠬᠡᠦᠬᠡᠳ ᠤᠨ ᠡᠮᠨᠡᠯᠭᠡ ᠶᠢᠨ ᠡᠮᠴᠢ᠂ ᠡᠬᠡ ᠪᠠᠷᠢᠭᠴᠢ ᠵᠡᠷᠭᠡ ᠪᠠᠴᠢᠮ ᠳᠤᠲᠠᠭᠳᠠᠵᠤ ᠪᠠᠶᠢᠭ᠎ᠠ ᠬᠥᠮᠦᠰ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠮ ᠬᠡᠯᠪᠡᠷᠢ ᠪᠦᠬᠦᠢ ᠴᠢᠳᠠᠪᠤᠷᠢᠲᠠᠨ ᠪᠠ ᠡᠷᠳᠡᠮ ᠰᠢᠨᠵᠢᠯᠡᠭᠡᠨ ᠤ ᠳᠠᠭᠠᠭᠤᠯᠤᠭᠴᠢ ᠶᠢ ᠬᠥᠮᠦᠵᠢᠭᠦᠯᠦᠨ᠂ ᠨᠠᠩ ᠣᠯᠠᠨ ᠡᠮᠴᠢ ᠶᠢᠨ ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ ᠰᠠᠯᠭ᠎ᠠ ᠬᠢᠭᠡᠳ ᠬᠡᠦᠬᠡᠳ ᠤᠨ ᠡᠮᠨᠡᠯᠭᠡ ᠶᠢᠨ ᠲᠤᠰᠬᠠᠶ ᠮᠡᠷᠭᠡᠵᠢᠯ ᠤᠨ ᠠᠵᠢᠯ ᠡᠷᠬᠢᠯᠡᠬᠦ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠬᠤ ᠬᠡᠷᠡᠭᠲᠡᠶ᠃      ︵ᠵᠢᠷᠭᠤᠭ᠎ᠠ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠣᠷᠣᠨ ᠲᠤᠭ᠎ᠠ ᠶᠢᠨ ᠦᠯᠡᠳᠡᠭᠳᠡᠵᠦ ᠪᠠᠶᠢᠭ᠎ᠠ ᠶᠢ ᠨᠢ ᠴᠢᠯᠥᠭᠡᠲᠡᠶ ᠪᠣᠯᠭᠠᠬᠤ᠂ ᠴᠢᠳᠠᠪᠤᠷᠢᠲᠠᠨ ᠤ ᠲᠤᠰᠬᠠᠶ ᠣᠷᠣᠨ ᠲᠤᠭ᠎ᠠ ᠶᠢ ᠪᠠᠶᠢᠭᠤᠯᠬᠤ ᠵᠡᠷᠭᠡ ᠠᠷᠭ᠎ᠠ ᠪᠠᠷ ᠳᠠᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠤ ᠡᠮᠴᠢ᠂ ᠬᠡᠦᠬᠡᠳ ᠤᠨ ᠡᠮᠨᠡᠯᠭᠡ ᠶᠢᠨ ᠡᠮᠴᠢ᠂ ᠡᠬᠡ ᠪᠠᠷᠢᠭᠴᠢ ᠵᠡᠷᠭᠡ ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ᠃ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠪᠣᠳᠠᠲᠠᠶ ᠲᠠᠢ ᠪᠠᠨ ᠤᠶᠠᠯᠳᠤᠭᠤᠯᠤᠨ ᠡᠬᠡ ᠨᠢᠯᠬᠠᠰ ᠤᠨ ᠡᠷᠡᠭᠦᠯᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠦᠨ᠂ ᠤᠷᠢᠵᠤ ᠡᠯᠰᠡᠬᠦ ᠲᠠᠰ ᠳᠠᠷᠠᠭᠠᠯᠠᠯ ᠢ ᠳᠥᠭᠦᠮᠴᠢᠯᠡᠵᠦ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠥᠪᠡᠰᠦᠪᠡᠨ ᠡᠵᠡᠨ ᠮᠡᠳᠡᠵᠦ ᠤᠷᠢᠨ ᠡᠯᠰᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠴᠠᠯᠢᠩ ᠣᠯᠭᠤᠮᠵᠢ ᠪᠠᠨ ᠳᠡᠭᠡᠭᠰᠢᠯᠡᠭᠦᠯᠬᠦ᠂ ᠣᠷᠣᠨ ᠰᠠᠭᠤᠴᠠ ᠲᠥᠪᠬᠢᠨᠡᠭᠦᠯᠬᠦ ᠨᠥᠬᠦᠪᠦᠷᠢ ᠥᠭᠬᠦ᠂ ᠪᠠᠷᠢᠮᠵᠢᠶ᠎ᠠ ᠪᠠᠨ ᠵᠣᠬᠢᠰᠲᠠᠶ ᠪᠠᠭᠤᠷᠠᠭᠤᠯᠬᠤ ᠵᠡᠷᠭᠡ ᠣᠯᠠᠨ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠯᠡᠨ᠂ ᠰᠢᠯᠢᠳᠡᠭ ᠴᠢᠳᠠᠪᠤᠷᠢᠲᠠᠨ ᠢᠯᠠᠩᠭᠤᠶ᠎ᠠ ᠲᠤᠰ ᠭᠠᠵᠠᠷ ᠤᠨ ᠡᠷᠦᠬᠡ ᠠᠮᠠ ᠲᠠᠢ ᠰᠢᠯᠢᠳᠡᠭ ᠴᠢᠳᠠᠪᠤᠷᠢᠲᠠᠨ ᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠳᠤ ᠲᠠᠲᠠᠵᠤ ᠠᠪᠴᠢᠷᠠᠨ ᠠᠵᠢᠯᠯᠠᠭᠤᠯᠬᠤ ᠶᠢ ᠨᠢ ᠵᠣᠷᠢᠭᠵᠢᠭᠤᠯᠬᠤ ᠬᠡᠷᠡᠭᠲᠡᠶ᠃      ︵ᠳᠣᠯᠤᠭ᠎ᠠ︶ ᠴᠠᠯᠢᠩ ᠣᠯᠭᠤᠮᠵᠢ ᠪᠠᠷ ᠤᠷᠮᠠᠰᠢᠭᠤᠯᠬᠤ ᠶᠢ ᠴᠢᠩᠭᠠᠷᠠᠭᠤᠯᠤᠨ᠎ᠠ᠃ ︽ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠪᠠ ᠤᠯᠤᠰ ᠤᠨ ᠲᠠᠪᠤᠨ ᠶᠠᠮᠤᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠬᠥᠩᠭᠡᠵᠢᠬᠦ ᠪᠥᠬᠦ ᠶᠠᠪᠤᠴᠠ ᠳᠠᠬᠢ ᠦᠨᠳᠦᠰᠦᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠶᠢ ᠴᠢᠩᠭᠠᠳᠬᠠᠬᠤ ᠲᠤᠬᠠᠶ ᠰᠠᠨᠠᠯ ᠤᠳ︾ ︵ᠤᠯᠤᠰ ᠡᠷᠡᠭᠦᠯ ᠡᠬᠡ ᠨᠢᠯᠬᠠᠰ ᠲᠠᠷᠬᠠᠭᠠᠭᠰᠠᠨ﹇2016﹈  53 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢ ᠦᠨᠡᠯᠡᠬᠦ ᠪᠠ ᠴᠢᠳᠠᠪᠤᠷᠢᠲᠠᠨ ᠢ ᠤᠷᠮᠠᠰᠢᠭᠤᠯᠬᠤ ᠲᠣᠭᠲᠠᠴᠠ ᠶᠢ ᠨᠢ ᠲᠡᠭᠦᠯᠳᠡᠷᠵᠢᠭᠦᠯᠵᠦ᠂ ᠠᠮᠵᠢᠯᠲᠠ ᠪᠦᠲᠦᠮᠵᠢ ᠶᠢᠨ ᠴᠠᠯᠢᠩ ᠤᠨ ᠳᠣᠲᠣᠭᠠᠳᠤ ᠳᠠᠬᠢ ᠬᠤᠪᠢᠶᠠᠷᠢᠯᠠᠯᠲᠠ ᠵᠡᠷᠭᠡ ᠲᠠᠯ᠎ᠠ ᠪᠠᠷ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠤ ᠡᠮᠴᠢ᠂ ᠬᠡᠦᠬᠡᠳ ᠤᠨ ᠡᠮᠨᠡᠯᠭᠡ ᠶᠢᠨ ᠡᠮᠴᠢ᠂ ᠡᠬᠡ ᠪᠠᠷᠢᠭᠴᠢ᠂ ᠰᠤᠪᠢᠯᠠᠭᠴᠢ ᠵᠡᠷᠭᠡ ᠳᠤ ᠵᠣᠬᠢᠰᠲᠠᠶ ᠬᠠᠷᠠᠭᠠᠯᠵᠠᠯ ᠦᠵᠡᠭᠦᠯᠵᠦ᠂ ᠡᠮᠴᠢ ᠰᠤᠪᠢᠯᠠᠭᠴᠢ ᠶᠢᠨ ᠣᠯᠭᠤᠮᠵᠢ ᠶᠢ ᠰᠠᠶᠢᠵᠢᠷᠠᠭᠤᠯᠤᠨ᠂ ᠠᠵᠢᠯ ᠤᠨ ᠪᠠᠶᠢᠷᠢ ᠶᠢᠨ ᠲᠠᠲᠠᠬᠤ ᠬᠦᠴᠦᠨ ᠢ ᠴᠢᠩᠭᠠᠷᠠᠭᠤᠯᠤᠨ᠎ᠠ᠃      ᠳᠥᠷᠪᠡ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ      ︵ᠨᠠᠢᠮᠠ︶ ᠪᠠᠴᠢᠮ ᠲᠥᠭᠰᠢᠭᠦᠷᠢ ᠬᠦᠨᠳᠦ ᠭᠡᠮ ᠲᠠᠢ ᠡᠪᠡᠳᠴᠢᠲᠠᠨ ᠢ ᠠᠪᠤᠷᠠᠨ ᠡᠮᠨᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠯᠤᠰ ᠤᠨ ︽ᠬᠦᠨᠳᠦ ᠲᠥᠭᠰᠢᠭᠦᠷᠢ ᠡᠪᠡᠳᠴᠢᠨ ᠲᠠᠢ ᠵᠢᠷᠮᠦᠰᠦᠨ ᠡᠮᠡᠭᠲᠡᠶ᠂ ᠬᠦᠩᠭᠡᠵᠢᠭᠴᠢ ᠬᠢᠭᠡᠳ ᠨᠢᠷᠠᠶ ᠬᠡᠦᠬᠡᠳ ᠢ ᠠᠪᠤᠷᠠᠨ ᠡᠮᠨᠡᠬᠦ ᠲᠥᠪ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠵᠦᠭᠯᠡᠭᠦᠷ︾ ᠤᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠬᠦᠨᠳᠦ ᠲᠥᠭᠰᠢᠭᠦᠷᠢ ᠡᠪᠡᠳᠴᠢᠨ ᠲᠠᠢ ᠵᠢᠷᠮᠦᠰᠦᠨ ᠡᠮᠡᠭᠲᠡᠶ᠂ ᠬᠦᠩᠭᠡᠵᠢᠭᠴᠢ᠂ ᠨᠢᠷᠠᠶ ᠬᠡᠦᠬᠡᠳ ᠢ ᠰᠢᠯᠵᠢᠭᠦᠯᠦᠨ ︵ᠬᠠᠮᠲᠤᠷᠠᠨ︶ ᠣᠨᠣᠰᠢᠯᠠᠬᠤ ᠪᠠ ᠠᠪᠤᠷᠠᠨ ᠡᠮᠨᠡᠬᠦ ᠲᠤᠤᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠷᠮᠦᠰᠦᠨ ᠡᠮᠡᠭᠲᠡᠶ ᠪᠠ ᠬᠦᠩᠭᠡᠵᠢᠭᠴᠢ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠳᠤ ᠰᠦᠯᠵᠢᠶᠡᠵᠢᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠵᠢᠷᠤᠮᠵᠢᠯᠲᠠᠢ ᠪᠠᠷᠢᠮᠵᠢᠶ᠎ᠠ ᠶᠣᠰᠣᠭᠠᠷ᠂ ᠬᠦᠨᠳᠦ ᠲᠥᠭᠰᠢᠭᠦᠷᠢ ᠡᠪᠡᠳᠴᠢᠨ ᠲᠠᠢ ᠵᠢᠷᠮᠦᠰᠦᠨ ᠡᠮᠡᠭᠲᠡᠶ ᠪᠠ ᠬᠦᠩᠭᠡᠵᠢᠭᠴᠢ᠂ ᠬᠦᠨᠳᠦ ᠲᠥᠭᠰᠢᠭᠦᠷᠢ ᠡᠪᠡᠳᠴᠢᠨ ᠲᠠᠢ ᠨᠢᠷᠠᠶ ᠬᠡᠦᠬᠡᠳ᠂ ᠬᠦᠨᠳᠦ ᠲᠥᠭᠰᠢᠭᠦᠷᠢ ᠡᠪᠡᠳᠴᠢᠨ ᠲᠠᠢ ᠬᠡᠦᠬᠡᠳ ᠢ ᠠᠪᠤᠷᠠᠨ ᠡᠮᠨᠡᠬᠦ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠦᠨ᠂ ᠠᠪᠤᠷᠠᠨ ᠡᠮᠨᠡᠬᠦ ᠴᠢᠳᠠᠪᠤᠷᠢ ᠪᠠᠨ ᠭᠦᠢᠴᠡᠳ ᠳᠣᠭᠢᠷᠠᠭᠤᠯᠵᠤ᠂ ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠥᠨ᠂ ᠪᠠᠴᠢᠮ ᠲᠥᠭᠰᠢᠭᠦᠷᠢ ᠬᠦᠨᠳᠦ ᠭᠡᠮ ᠲᠠᠢ ᠡᠪᠡᠳᠴᠢᠲᠠᠨ ᠢ ᠠᠪᠤᠷᠠᠨ ᠡᠮᠨᠡᠬᠦ ᠳᠤ ᠰᠠᠭᠠᠳ ᠥᠬᠡᠶ ᠨᠡᠪᠲᠡᠷᠡᠬᠦ ᠵᠠᠮ ᠢ ᠨᠢ ᠰᠢᠯᠤᠭᠤᠳᠬᠠᠨ᠎ᠠ᠃      ︵ᠶᠢᠰᠦ︶ ᠡᠬᠡ ᠨᠢᠯᠬᠠᠰ ᠤᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠨᠢ ᠲᠤᠰ ᠭᠠᠵᠠᠷ ᠤᠨ ᠪᠣᠳᠠᠲᠤ ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠡᠮᠴᠢᠯᠡᠭᠡᠨ ᠤ ᠣᠨᠣᠰᠢᠯᠠᠨ ᠡᠮᠨᠡᠬᠦ ᠴᠢᠳᠠᠮᠵᠢ ᠶᠢ ᠴᠢᠩᠭᠠᠷᠠᠭᠤᠯᠵᠤ᠂ ᠡᠪᠡᠳᠴᠢᠲᠡᠨ ᠤ ᠣᠷᠣ ᠶᠢ ᠨᠡᠶᠢᠳᠡᠮ ᠲᠣᠬᠢᠷᠠᠭᠤᠯᠤᠨ᠂ ᠡᠮᠴᠢᠯᠡᠭᠡᠨ ᠤ ᠦᠢᠯᠡᠴᠢᠯᠡᠭᠡ ᠥᠷᠨᠢᠭᠦᠯᠵᠦ᠂ ᠣᠷᠣᠨ ᠪᠦᠰᠡ ᠳᠠᠬᠢ ᠡᠬᠡ ᠨᠢᠯᠬᠠᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠡᠷᠡᠭᠦᠯᠵᠢᠯ ᠤᠨ ᠦᠢᠯᠡᠴᠢᠯᠡᠭᠡᠨ ᠤ ᠠᠵᠢᠯ ᠳᠤ ᠰᠠᠶᠢᠨ ᠰᠠᠶᠢᠬᠠᠨ ᠰᠠᠭᠤᠷᠢ ᠶᠢ ᠲᠠᠯᠪᠢᠬᠤ ᠬᠡᠷᠡᠭᠲᠡᠶ᠃ ᠡᠮᠴᠢᠯᠡᠭᠡᠨ ᠤ ᠦᠢᠯᠡᠴᠢᠯᠡᠭᠡ ᠥᠷᠨᠢᠭᠦᠯᠦᠭᠰᠡᠨ ᠪᠠᠶᠢᠪᠠᠯ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ ᠵᠡᠷᠭᠡ ᠦᠢᠯᠡᠴᠢᠯᠡᠭᠡᠨ ᠤ ᠴᠢᠳᠠᠮᠵᠢ ᠶᠢ ᠢᠳᠡᠪᠬᠢᠲᠡᠶ ᠥᠷᠭᠡᠳᠬᠡᠵᠦ᠂ ᠰᠡᠷᠭᠡᠶᠢᠯᠡᠬᠦ ᠪᠠ ᠡᠮᠨᠡᠬᠦ ᠪᠠᠨ ᠨᠢᠭᠡ ᠴᠣᠭᠴᠠᠵᠢᠭᠤᠯᠬᠤ ᠶᠢ ᠪᠠᠷᠢᠮᠲᠠᠯᠠᠨ᠂ ᠡᠷᠡᠭᠦᠯᠵᠢᠯ ᠬᠢᠭᠡᠳ ᠡᠮᠴᠢᠯᠡᠭᠡᠨ ᠤ ᠲᠤᠬᠠᠶᠢᠯᠠᠭᠰᠠᠨ ᠠᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ︔ ᠡᠮᠴᠢᠯᠡᠭᠡᠨ ᠤ ᠦᠢᠯᠡᠴᠢᠯᠡᠭᠡ ᠥᠷᠨᠢᠭᠦᠯᠦᠭᠡᠳᠦᠶ ᠪᠠᠶᠢᠪᠠᠯ ᠲᠥᠯᠥᠪᠯᠡᠭᠡ ᠲᠣᠭᠲᠠᠭᠠᠵᠤ ᠨᠥᠬᠦᠴᠡᠯ ᠪᠦᠷᠢᠯᠳᠦᠭᠦᠯᠵᠦ ᠪᠠᠶᠢᠭᠠᠳ ᠡᠮᠴᠢᠯᠡᠭᠡᠨ ᠤ ᠦᠢᠯᠡᠴᠢᠯᠡᠭᠡ ᠶᠢ ᠡᠷᠲᠡᠬᠡᠨ ᠥᠷᠨᠢᠭᠦᠯᠬᠦ ᠪᠠᠷ ᠴᠢᠷᠮᠠᠶᠢᠬᠤ ᠬᠡᠷᠡᠭᠲᠡᠶ᠃      ︵ᠠᠷᠪᠠ︶ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠦᠷᠢᠶ᠎ᠡ ᠪᠠ ᠠᠭᠤᠯᠤᠭᠳᠠᠬᠤᠨ ᠢ ᠢᠳᠡᠪᠬᠢᠲᠡᠶ ᠥᠷᠭᠡᠳᠬᠡᠵᠦ᠂ ᠨᠢᠷᠠᠶ ᠬᠡᠦᠬᠡᠳ ᠤᠨ ᠡᠷᠡᠭᠦᠯᠵᠢᠯ᠂ ᠬᠡᠦᠬᠡᠳ ᠤᠨ ᠠᠩᠬᠠᠨ ᠤ ᠪᠤᠶᠢᠵᠢᠯᠲᠠ᠂ ᠬᠡᠦᠬᠡᠳ ᠤᠨ ᠥᠰᠥᠯᠲᠡ᠂ ᠵᠠᠯᠠᠭᠤ ᠨᠠᠰᠤᠨ ᠤ ᠡᠷᠡᠭᠦᠯᠵᠢᠯ᠂ ᠴᠡᠪᠡᠷᠰᠢᠬᠦ ᠬᠤᠭᠤᠴᠠᠭᠠᠨ ᠤ ᠡᠷᠡᠭᠦᠯᠵᠢᠯ᠂ ᠬᠥᠩᠭᠡᠵᠢᠭᠰᠡᠨ ᠤ ᠳᠠᠷᠠᠭᠠᠬᠢ ᠡᠷᠡᠭᠦᠯᠵᠢᠯ ᠵᠡᠷᠭᠡ ᠦᠢᠯᠡᠴᠢᠯᠡᠭᠡᠨ ᠤ ᠲᠥᠷᠥᠯ ᠵᠦᠢᠯ ᠢ ᠥᠷᠨᠢᠭᠦᠯᠵᠦ᠂ ᠡᠮᠡᠭᠲᠡᠶᠢᠴᠦᠳ ᠬᠡᠦᠬᠡᠳ ᠲᠤ ᠡᠬᠡ ᠨᠢᠯᠬᠠᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠠᠯ᠎ᠠ ᠪᠠᠷ ᠦᠷᠭᠦᠯᠵᠢᠯᠡᠭᠰᠡᠨ᠂ ᠶᠡᠷᠦᠩᠬᠡᠶᠢᠯᠡᠭᠰᠡᠨ᠂ ᠬᠠᠯᠠᠮᠵᠢᠯᠠᠭᠰᠠᠨ ᠦᠢᠯᠡᠴᠢᠯᠡᠭᠡ ᠶᠢ ᠬᠠᠩᠭᠠᠨ᠎ᠠ᠃ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠲᠥᠷᠥᠯ ᠵᠦᠢᠯ ᠪᠠ ᠦᠨ᠎ᠡ ᠬᠠᠩᠰᠢ ᠶᠢ ᠵᠣᠬᠢᠰᠲᠠᠶ ᠲᠣᠭᠲᠠᠭᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠬᠡᠷᠡᠭᠲᠡᠶ᠃ ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠦᠨᠳᠦᠰᠦᠨ ᠴᠢᠳᠠᠮᠵᠢ ᠶᠢᠨ ᠡᠭᠦᠷᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠣᠰ ᠪᠡᠶ᠎ᠡ ᠶᠢᠨ ᠬᠥᠭᠵᠢᠯᠲᠡ ᠶᠢᠨ ᠪᠠᠶᠢᠳᠠᠯ ᠢᠶᠠᠨ ᠦᠨᠳᠦᠰᠦᠯᠡᠨ᠂ ᠳᠠᠪᠠᠭᠤᠯᠢᠭ ᠬᠦᠷᠢᠶ᠎ᠡ ᠴᠠᠷᠠᠭ᠎ᠠ ᠶᠢ ᠰᠣᠩᠭᠤᠵᠤ ᠪᠠᠶᠢᠭᠠᠳ ᠡᠬᠡ ᠨᠢᠯᠬᠠᠰ ᠤᠨ ᠡᠷᠡᠭᠦᠯᠵᠢᠯ ᠤᠨ ᠲᠤᠰᠬᠠᠶ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠪᠠ ᠮᠡᠷᠭᠡᠵᠢᠯ ᠤᠨ ᠦᠢᠯᠡᠴᠢᠯᠡᠭᠡ ᠶᠢ ᠵᠢᠷᠤᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠲᠤᠰᠬᠠᠶ ᠰᠠᠯᠠᠭ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃      ︵ᠠᠷᠪᠠᠨ ᠨᠢᠭᠡ︶ ᠡᠮᠡᠭᠲᠡᠶᠢᠴᠦᠳ ᠬᠡᠦᠬᠡᠳ ᠤᠨ ᠡᠪᠡᠳᠴᠢᠨ ᠡᠮᠭᠡᠭ ᠢ ᠰᠡᠷᠭᠡᠶᠢᠯᠡᠨ ᠳᠠᠷᠤᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢᠨ ᠠᠬᠢᠭᠤᠯᠤᠯᠲᠠ ᠶᠢ ᠴᠢᠩᠭᠠᠳᠬᠠᠵᠤ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠨ ᠡᠮᠨᠡᠬᠦ ᠮᠡᠳᠡᠯᠭᠡ ᠶᠢ ᠲᠦᠭᠡᠮᠡᠯᠵᠢᠭᠦᠯᠦᠨ᠎ᠡ᠃ ᠵᠢᠷᠮᠦᠰᠦᠯᠡᠭᠰᠡᠨ ᠪᠠ ᠬᠥᠩᠭᠡᠵᠢᠭᠰᠡᠨ ᠡᠮᠡᠭᠲᠡᠢ ᠬᠢᠭᠡᠳ ᠬᠡᠦᠬᠡᠳ ᠲᠤ ᠢᠳᠡᠭᠡᠨ ᠤᠮᠳᠠᠭᠠᠨ ᠢ ᠨᠢ ᠵᠣᠬᠢᠰᠲᠠᠢ ᠲᠣᠬᠢᠷᠠᠭᠤᠯᠬᠤ ᠶᠢ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠴᠢᠰᠤ ᠳᠤᠲᠠᠬᠤ᠂ ᠰᠢᠮ᠎ᠡ ᠲᠡᠵᠢᠭᠡᠯ ᠳᠤᠲᠠᠭᠳᠠᠬᠤ᠂ ᠮᠠᠷᠢᠶᠠᠯᠠᠬᠤ ᠵᠡᠷᠭᠡ ᠰᠢᠮ᠎ᠡ ᠲᠡᠵᠢᠭᠡᠯ ᠤᠨ ᠴᠢᠨᠠᠷᠲᠠᠢ ᠡᠪᠡᠳᠴᠢᠨ ᠡᠮᠭᠡᠭ ᠢ ᠰᠡᠷᠭᠡᠶᠢᠯᠡᠬᠦ ᠪᠠ ᠬᠤᠷᠢᠭᠯᠠᠨ᠎ᠠ᠃ ᠡᠮᠡᠭᠲᠡᠶᠢᠴᠦᠳ ᠬᠡᠦᠬᠡᠳ ᠤᠨ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠰᠠᠭᠤᠨ ᠯᠠᠪᠯᠠᠬᠤ ᠦᠢᠯᠡᠴᠢᠯᠡᠭᠡ ᠵᠢᠴᠢ ᠬᠡᠦᠬᠡᠳ ᠤᠨ ᠨᠢᠳᠦᠨ ᠤ ᠡᠷᠡᠭᠦᠯ ᠮᠡᠨᠳᠦ ᠶᠢᠨ ᠠᠵᠢᠯ ᠢ ᠥᠷᠨᠢᠭᠦᠯᠵᠦ᠂ ᠡᠮᠡᠭᠲᠡᠶᠢᠴᠦᠳ ᠤᠨ ᠬᠥᠩᠭᠡᠵᠢᠭᠰᠡᠨ ᠤ ᠳᠠᠷᠠᠭᠠᠬᠢ ᠪᠤᠬᠢᠨᠢᠳᠤᠬᠤ ᠭᠡᠮ ᠰᠠᠭᠤᠬᠤ ᠪᠠ ᠬᠡᠦᠬᠡᠳ ᠤᠨ ᠵᠣᠵᠢᠭ ᠭᠡᠮ ᠲᠠᠢ ᠪᠣᠯᠬᠤ ᠶᠢ ᠰᠡᠷᠭᠡᠶᠢᠯᠡᠬᠦ᠂ ᠡᠷᠲᠡ ᠢᠯᠡᠷᠡᠭᠦᠯᠬᠦ ᠵᠢᠴᠢ ᠬᠠᠮᠢᠶᠠᠷᠬᠤ ᠠᠵᠢᠯ ᠢ ᠰᠠᠶᠢᠲᠤᠷ ᠬᠢᠨ᠎ᠡ᠃ ᠡᠮᠡᠭᠲᠡᠶᠢᠴᠦᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ ᠢ ᠲᠣᠭᠲᠠᠮᠠᠯ ᠬᠤᠭᠤᠴᠠᠭ᠎ᠠ ᠲᠠᠢ ᠰᠢᠭᠰᠢᠨ ᠪᠠᠶᠢᠴᠠᠭᠠᠬᠤ ᠲᠦᠷᠢᠮ ᠢ ᠪᠠᠶᠢᠭᠤᠯᠵᠤ᠂ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠶ ᠶᠢᠨ ᠥᠮᠡᠨ ᠢ ᠲᠥᠯᠥᠪᠦᠷᠢ ᠥᠬᠡᠶ ᠪᠠᠷ ᠪᠠᠶᠢᠴᠠᠭᠠᠬᠤ ᠬᠡᠪᠴᠢᠶ᠎ᠡ ᠶᠢ ᠨᠢ ᠥᠷᠭᠡᠳᠬᠡᠵᠦ᠂ ᠡᠮᠡᠭᠲᠡᠶᠢᠴᠦᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠢᠭᠰᠢᠨ ᠪᠠᠶᠢᠴᠠᠭᠠᠬᠤ ᠨᠣᠷᠮ᠎ᠠ ᠪᠠ ᠡᠷᠲᠡ ᠣᠨᠣᠰᠢᠯᠠᠵᠤ ᠡᠷᠲᠡ ᠡᠮᠨᠡᠬᠦ ᠨᠣᠷᠮ᠎ᠠ ᠶᠢ ᠳᠡᠭᠡᠭᠰᠢᠯᠡᠭᠦᠯᠦᠨ᠎ᠡ︔ ᠬᠡᠦᠬᠡᠳ ᠤᠨ ᠨᠡᠷᠪᠡᠭᠳᠡᠭᠰᠡᠨ ᠬᠦᠨᠳᠦ ᠬᠡᠴᠡᠭᠦᠦ ᠡᠪᠡᠳᠴᠢᠨ ᠡᠮᠭᠡᠭ ᠢ ᠡᠮᠨᠡᠬᠦ ᠪᠠᠨ ᠴᠢᠩᠭᠠᠳᠬᠠᠵᠤ᠂ ᠠᠶᠢᠽ ᠡᠪᠡᠳᠴᠢᠨ ᠪᠠ ᠪᠡᠯᠭᠡ ᠶᠢᠨ ᠡᠪᠡᠳᠴᠢᠨ ᠢ ᠰᠡᠷᠭᠡᠶᠢᠯᠡᠨ ᠡᠮᠨᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠦᠬᠡᠳ ᠲᠤ ᠠᠶᠢᠽ ᠡᠪᠡᠳᠴᠢᠨ᠂ ᠲᠡᠮᠪᠦᠤ᠂ ᠡᠯᠢᠭᠡᠨ ᠤ B ᠦᠷᠪᠢᠰᠦᠯ ᠬᠠᠯᠳᠠᠪᠤᠷᠢᠯᠠᠬᠤ ᠶᠢ ᠰᠡᠷᠭᠡᠶᠢᠯᠡᠬᠦ ᠪᠠ ᠪᠠᠭᠠᠰᠬᠠᠵᠤ᠂ ︽ᠠᠶᠢᠽ ᠡᠪᠡᠳᠴᠢᠨ ᠳᠤ ᠨᠢᠭᠡ ᠴᠦ ᠬᠡᠦᠬᠡᠳ ᠨᠡᠷᠪᠡᠭᠳᠡᠬᠦ ᠦᠭᠡᠶ︾ ᠪᠠᠶᠢᠯᠭᠠᠬᠤ ᠬᠠᠷᠠᠯᠲᠠ ᠶᠢ ᠪᠠᠲᠤᠯᠠᠨ᠎ᠠ᠃      ︵ᠠᠷᠪᠠᠨ ᠬᠤᠶᠠᠷ︶ ᠡᠷᠡᠮᠳᠡᠭ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠵᠦ ᠡᠮᠨᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠡᠷᠡᠮᠳᠡᠭ ᠵᠡᠷᠡᠮᠳᠡᠭ ᠲᠦᠷᠦᠭᠦ ᠶᠢ ᠰᠡᠷᠭᠡᠶᠢᠯᠡᠨ ᠡᠮᠨᠡᠬᠦ ᠳᠤ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠷᠡᠮᠳᠡᠭ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠵᠦ ᠡᠮᠨᠡᠬᠦ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠣᠯᠠᠨ ᠰᠠᠯᠠᠭ᠎ᠠ ᠮᠥᠴᠢᠷ ᠬᠠᠮᠵᠢᠯᠴᠠᠭᠰᠠᠨ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ᠂ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠨ ᠪᠠᠶᠢᠭ᠎ᠠ ᠦᠶ᠎ᠡ᠂ ᠨᠢᠷᠠᠢ ᠬᠡᠦᠬᠡᠳ ᠪᠠ ᠬᠡᠦᠬᠡᠳ ᠤᠨ ᠡᠯ᠎ᠡ ᠱᠠᠲᠤ ᠦᠶ᠎ᠡ ᠳᠠᠬᠢ ᠡᠷᠡᠮᠳᠡᠭ ᠵᠡᠷᠡᠮᠳᠡᠭ ᠢ ᠨᠢ ᠰᠡᠷᠭᠡᠶᠢᠯᠡᠵᠦ ᠡᠮᠨᠡᠬᠦ ᠲᠣᠭᠲᠠᠯᠴᠠᠭ᠎ᠠ ᠶᠢ ᠪᠠᠶᠢᠭᠤᠯᠵᠤ᠂ ᠡᠷᠡᠮᠳᠡᠭ ᠵᠡᠷᠡᠮᠳᠡᠭ ᠢ ᠰᠡᠷᠭᠡᠶᠢᠯᠡᠵᠦ ᠡᠮᠨᠡᠬᠦ ᠲᠠᠯ᠎ᠠ ᠳᠤ ᠡᠷᠬᠡ ᠲᠡᠭᠰᠢ ᠪᠠᠶᠢᠬᠤ᠂ ᠴᠢᠨᠠᠷ ᠰᠠᠶᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠦᠨᠳᠦᠰᠦᠨ ᠦᠢᠯᠡᠴᠢᠯᠡᠭᠡ ᠬᠠᠩᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠷᠡᠮᠳᠡᠭ ᠵᠡᠷᠡᠮᠳᠡᠭ ᠢ ᠰᠢᠭᠰᠢᠨ ᠪᠠᠶᠢᠴᠠᠭᠠᠬᠤ ᠲᠣᠣᠷ ᠰᠦᠯᠵᠢᠶ᠎ᠡ ᠪᠠᠷ ᠪᠣᠶ ᠪᠥᠬᠦᠶ ᠬᠤᠰᠢᠭᠤ ᠰᠢᠶᠠᠨ ︵ᠬᠤᠲᠠ᠂ ᠲᠣᠭᠤᠷᠢᠭ︶ ᠢ ᠬᠠᠮᠤᠷᠬᠤ ᠪᠣᠯᠭᠠᠨ᠎ᠠ᠃      ︵ᠠᠷᠪᠠᠨ ᠭᠤᠷᠪᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠵᠤ᠂ ᠵᠢᠷᠮᠦᠰᠦᠯᠡᠬᠦ ᠪᠣᠶᠢᠵᠢᠭᠤᠯᠬᠤ ᠲᠣᠬᠢᠷᠠᠭᠤᠯᠬᠤ ᠠᠰᠠᠷᠠᠬᠤ᠂ ᠬᠥᠩᠭᠡᠵᠢᠭᠰᠡᠨ ᠤ ᠳᠠᠷᠠᠭᠠᠬᠢ ᠡᠷᠡᠭᠦᠯᠵᠢᠬᠦ᠂ ᠬᠡᠦᠬᠡᠳ ᠤᠨ ᠡᠷᠡᠭᠦᠯᠵᠢᠯ ᠵᠡᠷᠭᠡ ᠲᠠᠯ᠎ᠠ ᠳᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠡᠷᠡᠭᠯᠡᠯᠲᠡ ᠶᠢ ᠥᠷᠭᠡᠳᠬᠡᠨ᠎ᠡ᠃ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡ ᠬᠠᠩᠭᠠᠬᠤ ᠡᠮᠴᠢᠯᠡᠭᠡᠨ ᠤ ᠪᠠᠶᠢᠭᠤᠯᠤᠮᠵᠢ ᠨᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠣᠬᠢᠷᠠᠬᠤ ᠮᠡᠷᠭᠡᠵᠢᠯ ᠪᠠ ᠠᠷᠭ᠎ᠠ ᠶᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂ ᠬᠢᠲᠠᠳ ᠡᠮ ︵ᠮᠣᠩᠭᠤᠯ ᠡᠮ︶ ᠢ ᠵᠣᠬᠢᠰᠲᠠᠶ ᠬᠡᠷᠡᠭᠯᠡᠬᠦ ᠪᠠ ᠠᠵᠢᠯᠲᠠᠨ ᠢᠶᠠᠨ ᠪᠣᠯᠪᠠᠰᠤᠷᠠᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠡᠮᠡᠭᠲᠡᠶᠢᠴᠦᠳ ᠬᠡᠦᠬᠡᠳ ᠤᠨ ᠡᠪᠡᠳᠴᠢᠨ ᠡᠮᠭᠡᠭ ᠢ ᠣᠨᠣᠰᠢᠯᠠᠨ ᠡᠮᠨᠡᠬᠦ ᠳᠤ ᠬᠢᠲᠠᠳ ᠧᠦ᠋ᠷᠣᠫᠠ ᠡᠮᠨᠡᠯᠭᠡ ᠶᠢᠨ ᠡᠮᠴᠢᠯᠡᠭᠡᠨ ᠤ ᠬᠠᠮᠵᠢᠯᠴᠠᠭ᠎ᠠ ᠶᠢ ᠴᠢᠩᠭᠠᠳᠬᠠᠵᠤ᠂ ᠬᠦᠴᠢᠷ ᠲᠦᠪᠡᠭᠲᠡᠢ ᠡᠪᠡᠳᠴᠢᠨ᠂ ᠪᠠᠴᠢᠮ ᠲᠥᠭᠰᠢᠭᠦᠷᠢᠲᠡᠢ ᠬᠦᠨᠳᠦ ᠡᠪᠡᠳᠴᠢᠨ ᠢ ᠣᠨᠣᠰᠢᠯᠠᠨ ᠡᠮᠨᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠨᠢ ᠴᠥᠮ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠣᠬᠢᠷᠠᠬᠤ ᠮᠡᠷᠭᠡᠵᠢᠯ ᠢ ᠬᠡᠷᠡᠭᠯᠡᠨ ᠡᠮᠡᠭᠲᠡᠶ ᠶᠢᠨ ᠡᠮᠨᠡᠯᠭᠡ᠂ ᠬᠡᠦᠬᠡᠳ ᠤᠨ ᠡᠮᠨᠡᠯᠭᠡ ᠵᠢᠴᠢ ᠪᠤᠰᠤᠳ ᠬᠠᠮᠢᠶ᠎ᠠ ᠪᠥᠬᠦᠶ ᠡᠮᠴᠢᠯᠡᠭᠡᠨ ᠤ ᠦᠢᠯᠡᠴᠢᠯᠡᠭᠡ ᠶᠢ ᠥᠷᠨᠢᠭᠦᠯᠬᠦ ᠬᠡᠷᠡᠭᠲᠡᠢ᠃      ᠲᠠᠪᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠴᠢᠩᠭᠠᠷᠠᠭᠤᠯᠤᠨ᠎ᠠ      ︵ᠠᠷᠪᠠᠨ ᠳᠥᠷᠪᠡ︶ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠬᠢᠨᠠᠨ ᠲᠣᠭᠲᠠᠭᠠᠬᠤ ᠪᠠᠷ ᠭᠠᠷᠳᠠᠴᠠ ᠪᠣᠯᠭᠠᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠳᠣᠲᠣᠭᠠᠳᠤ ᠳᠠᠬᠢ ᠥᠭᠡᠷᠡᠴᠢᠯᠡᠯᠲᠡ ᠶᠢ ᠠᠬᠢᠭᠤᠯᠵᠤ᠂ ᠵᠢᠷᠮᠦᠰᠦᠨ ᠪᠠ ᠬᠥᠩᠭᠡᠵᠢᠬᠦ ᠡᠮᠡᠭᠲᠡᠢ ᠶᠢᠨ ᠡᠷᠡᠭᠦᠯᠵᠢᠯ ᠤᠨ ᠬᠡᠯᠲᠡᠰ᠂ ᠬᠡᠦᠬᠡᠳ ᠤᠨ ᠡᠷᠡᠭᠦᠯᠵᠢᠯ ᠤᠨ ᠬᠡᠯᠲᠡᠰ᠂ ᠡᠮᠡᠭᠲᠡᠶᠢᠴᠦᠳ ᠤᠨ ᠡᠷᠡᠭᠦᠯᠵᠢᠯ ᠤᠨ ᠬᠡᠯᠲᠡᠰ ᠪᠠ ᠲᠥᠯᠥᠪᠯᠡᠭᠡᠲᠦ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠬᠡᠯᠲᠡᠰ ︵ᠰᠠᠯᠠᠭ᠎ᠠ᠂ ᠲᠠᠰᠤᠭ︶ ᠢ ᠵᠢᠷᠤᠮᠵᠢᠭᠤᠯᠤᠨ ᠪᠠᠶᠢᠷᠢᠯᠠᠭᠤᠯᠵᠤ᠂ ᠡᠷᠡᠭᠦᠯᠵᠢᠯ ᠬᠢᠭᠡᠳ ᠡᠮᠴᠢᠯᠡᠭᠡᠨ ᠤ ᠲᠤᠬᠠᠶᠢᠯᠠᠭᠰᠠᠨ ᠠᠵᠢᠯ ᠤᠨ ᠪᠣᠳᠠᠲᠠᠢ ᠠᠭᠤᠰᠤᠯᠴᠠᠯ ᠢ ᠪᠡᠶᠡᠯᠡᠭᠦᠯᠦᠨ᠎ᠡ᠃ ᠡᠬᠡ ᠨᠢᠯᠬᠠᠰ ᠤᠨ ᠡᠷᠡᠭᠦᠯᠵᠢᠯ ᠳᠤ ᠮᠡᠷᠭᠡᠵᠢᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ᠂ ᠪᠠᠶᠢᠭᠤᠯᠤᠮᠵᠢ᠂ ᠠᠵᠢᠯᠲᠠᠨ ᠤ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠡᠬᠡ ᠨᠢᠯᠬ᠎ᠠ ᠶᠢᠨ ᠡᠷᠡᠭᠦᠯ ᠮᠡᠨᠳᠦ ᠯᠦᠭᠡ ᠬᠠᠮᠢᠶ᠎ᠠ ᠲᠠᠢ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠶᠢ ᠵᠢᠷᠤᠮᠵᠢᠭᠤᠯᠤᠨ᠎ᠠ᠃      ︵ᠠᠷᠪᠠᠨ ᠲᠠᠪᠤ︶ ᠡᠮᠴᠢᠯᠡᠭᠡᠨ ᠤ ᠶᠠᠰᠤ ᠴᠢᠨᠠᠷ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠶᠠᠰᠤ ᠴᠢᠨᠠᠷ ᠲᠤ ᠦᠨᠡᠯᠡᠬᠦ ᠲᠦᠷᠢᠮ ᠪᠠ ᠲᠣᠭᠲᠠᠮᠠᠯ ᠬᠤᠭᠤᠴᠠᠭ᠎ᠠ ᠲᠠᠢ ᠰᠢᠯᠭᠠᠨ ᠬᠢᠨᠠᠬᠤ ᠲᠦᠷᠢᠮ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ᠂ ᠨᠢᠷᠠᠢ ᠬᠡᠦᠬᠡᠳ ᠤᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠲᠥᠪ ᠲᠤ ᠲᠦᠰᠢᠭᠯᠡᠨ᠂ ᠪᠦᠬᠦ ᠣᠷᠣᠨ ᠤ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ ᠪᠠ ᠨᠢᠷᠠᠢ ᠬᠡᠦᠬᠡᠳ ᠤᠨ ᠡᠮᠨᠡᠯᠭᠡ ᠶᠢᠨ ᠡᠮᠴᠢᠯᠡᠭᠡᠨ ᠤ ᠶᠠᠰᠤ ᠴᠢᠨᠠᠷ ᠠᠮᠤᠷ ᠲᠦᠪᠰᠢᠨ ᠢ ᠵᠢᠭᠠᠨ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠨ᠎ᠠ᠃ ᠡᠬᠡ ᠪᠠᠷᠢᠬᠤ ᠮᠡᠷᠭᠡᠵᠢᠯ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠪᠠ ᠣᠨᠣᠰᠢᠯᠠᠬᠤ᠂ ᠨᠢᠷᠠᠢ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ᠂ ᠤᠷᠤᠭᠯᠠᠬᠤ ᠶᠢᠨ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ ᠪᠠ ᠬᠥᠮᠦᠨ ᠲᠥᠷᠥᠯᠬᠢᠲᠡᠨ ᠤ ᠲᠤᠰᠠᠯᠠᠬᠤ ᠦᠷᠡᠵᠢᠯ ᠵᠡᠷᠭᠡ ᠮᠡᠷᠭᠡᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠡᠵᠡᠮᠳᠡᠬᠦ ᠪᠠᠨ ᠭᠤᠤᠯᠳᠠᠯᠭ᠎ᠠ ᠲᠠᠢ ᠴᠢᠩᠭᠠᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃      ︵ᠠᠷᠪᠠᠨ ᠵᠢᠷᠭᠤᠭ᠎ᠠ︶ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠥᠯᠥᠪᠵᠢᠭᠦᠯᠭᠡ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠡᠮᠡᠭᠲᠡᠶᠢᠴᠦᠳ᠂ ᠬᠡᠦᠬᠡᠳ ᠤᠨ ᠠᠳᠠᠯᠢ ᠪᠤᠰᠤ ᠴᠠᠭ ᠬᠤᠭᠤᠴᠠᠭᠠᠨ ᠳᠠᠬᠢ ᠡᠷᠡᠭᠦᠯ ᠮᠡᠨᠳᠦ ᠶᠢᠨ ᠬᠠᠮᠢᠶᠠᠷᠤᠯᠲᠠ᠂ ᠦᠢᠯᠡᠴᠢᠯᠡᠭᠡᠨ ᠤ ᠮᠡᠳᠡᠭᠡ ᠵᠠᠩᠭᠢ ᠳᠤ ᠴᠢᠭᠯᠡᠭᠦᠯᠵᠦ ᠬᠥᠳᠡᠯᠦᠩᠭᠦᠶ ᠪᠠᠷ ᠴᠤᠭᠯᠠᠭᠤᠯᠬᠤ᠂ ᠰᠠᠨᠠᠭᠠᠴᠢᠯᠠᠭ᠎ᠠ ᠠᠴᠠ ᠪᠠᠨ ᠰᠠᠨᠠᠭᠤᠯᠬᠤ ᠪᠠ ᠶᠡᠷᠦᠩᠬᠡᠶᠢᠯᠡᠨ ᠵᠠᠳᠠᠯᠬᠤ ᠶᠢ ᠪᠡᠶᠡᠯᠡᠭᠦᠯᠵᠦ᠂ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ︽ᠢᠨᠲ᠋ᠧᠷ ᠰᠦᠯᠵᠢᠶ᠎ᠡ + ᠡᠬᠡ ᠨᠢᠯᠬᠠᠰ ᠤᠨ ᠡᠷᠡᠭᠦᠯ ᠮᠡᠨᠳᠦ︾ ᠶᠢᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢᠴᠢᠯᠠᠭᠰᠠᠨ ᠠᠷᠭ᠎ᠠ ᠪᠠᠷᠢᠯ ᠢ ᠭᠦᠢᠴᠡᠳ ᠠᠰᠢᠭᠯᠠᠨ᠂ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ᠂ ᠰᠦᠯᠵᠢᠶ᠎ᠡ ᠪᠠᠷ ᠣᠨᠣᠰᠢᠯᠠᠨ ᠡᠮᠨᠡᠬᠦ᠂ ᠪᠣᠯᠵᠣᠵᠤ ᠣᠨᠣᠰᠢᠯᠠᠨ ᠡᠮᠨᠡᠬᠦ᠂ ᠮᠡᠷᠭᠡᠵᠢᠯ ᠤᠨ ᠪᠤᠯᠪᠠᠰᠤᠷᠠᠯ ᠭᠦᠷᠳᠡᠬᠡᠬᠦ ᠪᠠ ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠬᠤ ᠵᠡᠷᠭᠡ ᠠᠵᠢᠯ ᠢ ᠥᠷᠨᠢᠭᠦᠯᠵᠦ᠂ ᠡᠮᠡᠭᠲᠡᠶᠢᠴᠦᠳ ᠬᠡᠦᠬᠡᠳ ᠲᠤ ᠡᠮᠴᠢᠯᠡᠭᠡ ᠡᠷᠡᠭᠦᠯᠵᠢᠯ ᠤᠨ ᠡᠯᠪᠡᠭ ᠪᠠᠶᠠᠯᠢᠭ᠂ ᠳᠥᠭᠦᠮ ᠳᠥᠲᠡ᠂ ᠬᠠᠯᠠᠭᠤᠨ ᠳᠣᠲᠣᠨᠣ᠂ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃      ︵ᠠᠷᠪᠠᠨ ᠳᠣᠯᠤᠭ᠎ᠠ︶ ᠰᠢᠯᠢᠳᠡᠭ ᠦᠢᠯᠡᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠣᠷᠣᠨ ᠪᠦᠰᠡ ᠶᠢᠨ ᠳᠣᠲᠣᠷᠠᠬᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠡᠮᠴᠢᠯᠡᠭᠡᠨ ᠤ ᠬᠤᠯᠪᠣᠭᠠᠲᠤ ᠴᠣᠭᠴᠠ᠂ ᠲᠤᠰᠬᠠᠶ ᠡᠮᠴᠢᠯᠡᠭᠡᠨ ᠤ ᠬᠤᠯᠪᠣᠭ᠎ᠠ ᠶᠢ ᠵᠣᠬᠢᠶᠠᠨ ᠪᠠᠶᠢᠭᠤᠯᠬᠤ ᠪᠠ ᠠᠯᠤᠰ ᠡᠵᠡᠮᠰᠢᠯᠲᠦ ᠡᠮᠴᠢᠯᠡᠭᠡ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ᠂ ᠲᠤᠬᠠᠶᠢᠯᠠᠭᠰᠠᠨ ᠠᠵᠢᠯ ᠢ ᠨᠠᠶᠢᠳᠠᠨ ᠬᠠᠮᠢᠶᠠᠷᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠰᠢᠯᠢᠳᠡᠭ ᠦᠢᠯᠡᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠬᠢᠭᠡᠳ ᠬᠤᠰᠢᠭᠤ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ᠂ ᠬᠤᠰᠢᠭᠤ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠬᠢᠭᠡᠳ ᠰᠤᠮᠤ ᠰᠢᠶᠠᠩ ᠪᠠᠯᠭᠠᠰᠤᠨ ︵ᠨᠡᠶᠢᠭᠡᠮ ᠲᠣᠭᠤᠷᠢᠭ︶ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠡᠭᠡᠳᠦ ᠳᠣᠣᠷᠠᠳᠤ ᠱᠠᠲᠤ ᠪᠠᠷ ᠬᠤᠯᠪᠣᠭᠠᠯᠠᠬᠤ ᠶᠢ ᠵᠣᠷᠢᠭᠵᠢᠭᠤᠯᠵᠤ᠂ ᠬᠤᠯᠪᠣᠭᠠᠲᠤ ᠴᠣᠭᠴᠠ ᠶᠢᠨ ᠳᠣᠲᠣᠭᠠᠳᠤ ᠳᠤ ᠪᠠᠨ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ᠂ ᠮᠡᠷᠭᠡᠵᠢᠯ ᠤᠨ ᠵᠢᠭᠠᠨ ᠵᠢᠯᠣᠭᠤᠳᠬᠤ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠭᠦᠷᠳᠡᠬᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠵᠢᠷᠭᠤᠭ᠎ᠠ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠢ ᠢᠳᠡᠪᠬᠢᠲᠡᠶ ᠠᠬᠢᠭᠤᠯᠤᠨ᠎ᠠ      ︵ᠠᠷᠪᠠᠨ ᠨᠠᠢᠮᠠ︶ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠶᠢ ᠨᠢ ᠠᠬᠢᠭᠤᠯᠤᠨ᠎ᠠ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠪᠠ ᠠᠮᠵᠢᠯᠲᠠ ᠪᠦᠲᠦᠮᠵᠢ ᠶᠢ ᠨᠢ ᠰᠢᠯᠭᠠᠨ ᠬᠢᠨᠠᠬᠤ ᠠᠵᠢᠯ ᠢ ᠢᠳᠡᠪᠬᠢᠲᠡᠶ ᠠᠬᠢᠭᠤᠯᠵᠤ᠂ ᠲᠤᠷᠰᠢᠯᠭ᠎ᠠ ᠪᠠᠨ ᠴᠠᠭ ᠲᠤᠬᠠᠶ ᠳᠤ ᠨᠢ ᠳ᠋ᠦᠩᠨᠡᠵᠦ ᠳᠡᠯᠭᠡᠷᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠨᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠶᠠᠮᠠᠷᠪᠠ ᠬᠡᠯᠪᠡᠷᠢ ᠪᠠᠷ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠲᠡᠭᠡᠳ ᠤᠨ ᠬᠢᠷᠢ ᠬᠡᠮ ᠪᠠ ᠥᠮᠴᠢᠯᠡᠬᠦ ᠡᠷᠬᠡ ᠶᠢᠨ ᠰᠢᠨᠵᠢ ᠴᠢᠨᠠᠷ ᠵᠢᠴᠢ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠲᠤᠰᠠᠭᠠᠷ ᠲᠣᠭᠠᠴᠠᠭ᠎ᠠ ᠬᠢᠬᠦ ᠲᠦᠷᠢᠮ ᠢ ᠬᠤᠪᠢᠷᠠᠭᠤᠯᠵᠤ ᠪᠣᠯᠬᠤ ᠥᠬᠡᠶ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠢ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ᠂ ᠲᠦᠷᠢᠶᠡᠰᠦᠯᠡᠭᠦᠯᠵᠦ ︵ᠵᠢᠭᠡᠯᠡᠨ ᠥᠭᠴᠦ︶ ᠪᠣᠯᠬᠤ ᠥᠬᠡᠶ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠢᠮᠠᠭᠲᠠ ᠪᠠᠲᠤᠯᠠᠨ᠎ᠠ᠃    ︵ᠠᠷᠪᠠ ᠶᠢᠰᠦ︶ ᠠᠵᠢᠯ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ︽ᠬᠤᠶᠠᠷ ᠢ ᠵᠥᠪᠰᠢᠶᠡᠷᠡᠬᠦ︾ ︵ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠲᠣᠬᠢᠷᠠᠭᠤᠯᠤᠨ ᠡᠵᠡᠮᠰᠢᠬᠦ ᠬᠢᠷᠢ ᠬᠡᠮᠵᠢᠶ᠎ᠡ ᠠᠴᠠ ᠳᠠᠪᠠᠭᠤᠯᠬᠤ ᠶᠢ ᠨᠢ ᠵᠥᠪᠰᠢᠶᠡᠷᠡᠬᠦ᠂ ᠡᠮᠴᠢᠯᠡᠭᠡᠨ ᠤ ᠦᠢᠯᠡᠴᠢᠯᠡᠭᠡ ᠶᠢᠨ ᠣᠷᠣᠯᠭ᠎ᠠ ᠠᠴᠠ ᠥᠪᠡᠷ ᠤᠨ ᠥᠷᠲᠡᠭ ᠢ ᠰᠠᠭᠤᠯᠭᠠᠨ ᠠᠪᠬᠤ ᠶᠢᠨ ᠬᠠᠮᠲᠤ ᠲᠣᠭᠲᠠᠭᠠᠯ ᠶᠣᠰᠣᠭᠠᠷ ᠡᠯ᠎ᠡ ᠵᠦᠢᠯ ᠤᠨ ᠰᠠᠭᠤᠷᠢ ᠮᠥᠩᠭᠦ ᠶᠢ ᠭᠠᠷᠭᠠᠨ ᠠᠪᠤᠭᠰᠠᠨ ᠤ ᠳᠠᠷᠠᠭ᠎ᠠ ᠭᠤᠤᠯᠳᠠᠭᠤ ᠠᠵᠢᠯᠲᠠᠨ ᠢ ᠱᠠᠩᠨᠠᠬᠤ ᠳᠤ ᠬᠡᠷᠡᠭᠯᠡᠬᠦ ᠶᠢ ᠨᠢ ᠵᠥᠪᠰᠢᠶᠡᠷᠡᠬᠦ︶ ᠲᠤᠬᠠᠶ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠲᠤᠰ ᠭᠠᠵᠠᠷ ᠤᠨ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠡᠳ᠋ ᠤᠨ ᠵᠠᠰᠠᠭ ᠤᠨ ᠪᠥᠬᠦ ᠲᠤᠭ᠎ᠠ ᠪᠠᠷ ᠪᠠᠲᠤᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠮᠥᠷᠲᠡᠭᠡᠨ ︽ᠬᠤᠶᠠᠷ ᠢ ᠵᠥᠪᠰᠢᠶᠡᠷᠡᠬᠦ︾ ᠱᠠᠭᠠᠷᠳᠠᠯᠭ᠎ᠠ ᠶᠣᠰᠣᠭᠠᠷ᠂ ᠪᠠᠲᠤᠯᠠᠬᠤ ᠪᠠ ᠤᠷᠮᠠᠰᠢᠭᠤᠯᠬᠤ ᠶᠢ ᠤᠶᠠᠯᠳᠤᠭᠤᠯᠤᠭᠰᠠᠨ ᠠᠵᠢᠯᠯᠠᠭᠠᠨ ᠤ ᠰᠢᠨ᠎ᠡ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠬᠤ ᠶᠢ ᠨᠢ ᠵᠥᠪᠰᠢᠶᠡᠷᠡᠨ᠎ᠡ᠃      ᠳᠣᠯᠤᠭ᠎ᠠ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ      ︵ᠬᠤᠷᠢ︶ ᠤᠳᠤᠷᠢᠳᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ ᠡᠷᠡᠭᠦᠯᠵᠢᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠢ ᠲᠣᠪᠦ᠋ᠮ᠎ᠠ ᠪᠠᠶᠢᠷᠢᠨ ᠳᠤ ᠲᠠᠯᠪᠢᠵᠤ᠂ ︽ᠡᠷᠡᠭᠦᠯ ᠡᠩᠬᠡ ᠥᠪᠥᠷ ᠮᠣᠩᠭᠤᠯ︾ ᠤᠨ ᠬᠠᠷᠠᠯᠲᠠ ᠲᠠᠢ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠂ ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠭᠦᠢᠴᠡᠳᠬᠡᠯ ᠲᠤᠭ᠎ᠠ ᠶᠢ ᠲᠣᠳᠣᠷᠬᠠᠶ ᠲᠣᠭᠲᠠᠭᠠᠵᠤ᠂ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠤᠨ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠠᠯᠠ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠡᠯ᠎ᠡ ᠵᠦᠢᠯ ᠤᠨ ᠬᠠᠷᠠᠯᠲᠠ ᠪᠣᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      ︵ᠬᠤᠷᠢᠨ ᠨᠢᠭᠡ︶ ᠬᠠᠤᠯᠢ ᠶᠣᠰᠣᠭᠠᠷ ᠠᠬᠢᠭᠤᠯᠬᠤ ᠶᠢ ᠪᠠᠷᠢᠮᠲᠠᠯᠠᠨ᠎ᠠ᠃ ᠡᠯ᠎ᠡ ᠱᠠᠲᠤᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠤᠨ ᠡᠯ᠎ᠡ ᠵᠦᠢᠯ ᠤᠨ ᠱᠠᠭᠠᠷᠳᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠡᠭᠦᠷᠭᠡ ᠪᠠᠨ ᠪᠣᠯᠭᠠᠵᠤ᠂ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠡᠯ᠎ᠡ ᠬᠠᠮᠢᠶ᠎ᠠ ᠪᠥᠬᠦᠶ ᠨᠢᠭᠡᠴᠢ ᠶᠢᠨ ᠡᠮᠡᠭᠲᠡᠶᠢᠴᠦᠳ ᠬᠡᠦᠬᠡᠳ ᠲᠤ ᠬᠤᠯᠪᠣᠭᠳᠠᠬᠤ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠨᠢ ᠠᠬᠢᠭᠤᠯᠬᠤ ᠬᠡᠷᠡᠭᠲᠡᠶ᠃ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠤᠨ ᠬᠤᠯᠪᠣᠭᠳᠠᠯ ᠪᠥᠬᠦᠶ ᠵᠦᠢᠯᠡᠰ ᠢ ᠰᠤᠳᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠳᠠᠬᠢ ᠭᠤᠤᠯᠳᠠᠯᠭ᠎ᠠ ᠪᠣᠯᠬᠤ ᠪᠥᠭᠡᠳ ᠲᠦᠪᠡᠭᠲᠡᠶ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃      ︵ᠬᠤᠷᠢᠨ ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠥᠬᠦ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠢ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠵᠢᠭᠦᠯᠬᠦ᠂ ᠬᠢᠨᠠᠨ ᠵᠥᠪᠰᠢᠶᠡᠷᠡᠬᠦ᠂ ᠡᠷᠬᠡ ᠶᠢᠨ ᠬᠠᠷᠢᠶᠠᠯᠠᠯ ᠢ ᠨᠢ ᠭᠦᠢᠴᠡᠳᠬᠡᠬᠦ ᠶᠢ ᠬᠠᠷᠢᠭᠤᠴᠠᠨ ᠰᠠᠶᠢᠲᠤᠷ ᠬᠢᠬᠦ ᠬᠡᠷᠡᠭᠲᠡᠢ︔ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠶᠢ ᠬᠢᠨᠠᠨ ᠵᠥᠪᠰᠢᠶᠡᠷᠡᠬᠦ᠂ ᠶᠠᠰᠤ ᠴᠢᠨᠠᠷ ᠠᠮᠤᠷ ᠲᠦᠪᠰᠢᠨ ᠢ ᠬᠢᠨᠠᠨ ᠬᠠᠮᠢᠶᠠᠷᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠪᠠ ᠪᠦᠷᠢᠳᠬᠡᠨ ᠳᠠᠩᠰᠠᠯᠠᠬᠤ ᠵᠡᠷᠭᠡ ᠠᠵᠢᠯ ᠢ ᠬᠠᠷᠢᠭᠤᠴᠠᠬᠤ ᠬᠡᠷᠡᠭᠲᠡᠢ︔ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠪᠣᠳᠠᠲᠠᠢ ᠶᠢ ᠦᠨᠳᠦᠰᠦᠯᠡᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠴᠢᠳᠠᠪᠤᠷᠢᠲᠠᠨ ᠤᠷᠢᠵᠤ ᠡᠯᠰᠡᠬᠦ᠂ ᠮᠡᠷᠭᠡᠵᠢᠯ ᠤᠨ ᠴᠣᠯᠠ ᠳᠡᠪᠰᠢᠬᠦ᠂ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠤᠨ ᠬᠥᠭᠵᠢᠯᠲᠡ ᠳᠤ ᠡᠳ᠋ ᠤᠨ ᠵᠠᠰᠠᠭ ᠠᠴᠠ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠬᠤ ᠬᠡᠷᠡᠭᠲᠡᠢ︔ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠳᠠᠬᠢ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠪᠠᠷ ᠡᠬᠡ ᠨᠢᠯᠬᠠᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠬᠥᠮᠦᠵᠢᠭᠦᠯᠬᠦ ᠲᠥᠯᠥᠪᠵᠢᠭᠦᠯᠭᠡ ᠲᠣᠭᠲᠠᠭᠠᠯᠭᠠᠬᠤ ᠶᠢ ᠬᠠᠷᠢᠭᠤᠴᠠᠨ ᠵᠢᠭᠠᠨ ᠵᠢᠯᠣᠭᠤᠳᠴᠤ᠂ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠨ᠎ᠠ︔ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠤ ᠬᠥᠳᠡᠯᠦᠩᠭᠦᠶ ᠲᠣᠬᠢᠷᠠᠭᠤᠯᠬᠤ ᠲᠣᠭᠲᠠᠴᠠ ᠪᠠᠶᠢᠭᠤᠯᠬᠤ ᠶᠢ ᠬᠠᠷᠢᠭᠤᠴᠠᠵᠤ᠂ ᠡᠮᠡᠭᠲᠡᠢ ᠶᠢᠨ ᠡᠮᠨᠡᠯᠭᠡ᠂ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢ ᠵᠣᠬᠢᠰᠲᠠᠶ ᠲᠣᠬᠢᠷᠠᠭᠤᠯᠬᠤ ᠬᠡᠷᠡᠭᠲᠡᠶ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠬᠠᠮᠢᠶ᠎ᠠ ᠪᠥᠬᠦᠶ ᠲᠤᠰᠬᠠᠶ ᠲᠥᠯᠥᠪᠵᠢᠭᠦᠯᠭᠡ ᠳᠤ ᠣᠷᠣᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠬᠢᠭᠡᠳ ᠵᠢᠷᠤᠮᠵᠢᠭᠰᠠᠨ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃                                                                2021 ᠣᠨ ᠤ 3 ᠳ᠋ᠤᠭᠠᠷ ᠰᠠᠷ᠎ᠠ ᠶᠢᠨ 30 ᠤ ᠡᠳᠦᠷ                                                                ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ