ᠲᠦᠷᠦᠭᠦᠬᠡᠨ᠂ ᠮᠠᠨᠵᠤᠤᠷ ᠬᠤᠲᠠ ᠶᠢᠨ ︽ᠥᠨᠢ ᠡᠭᠦᠷᠢᠳᠡ ᠨᠠᠮ ᠢᠶᠠᠨ ᠲᠠᠭᠠᠨ ᠤᠷᠤᠭᠰᠢᠯᠠᠬᠤ︾ ᠪᠠᠷ ᠭᠤᠤᠯ ᠰᠡᠳᠦᠪ ᠪᠣᠯᠭᠠᠭᠰᠠᠨ ᠠᠷᠪᠠᠨ ᠳᠣᠯᠣᠳᠤᠭᠠᠷ | ᠬᠤᠭᠤᠴᠠᠭᠠᠨ ᠤ ᠬᠤᠲᠠ ᠶᠢᠨ ᠠᠷᠠᠳ ᠤᠨ ᠰᠣᠶᠣᠯ ᠤᠷᠠᠯᠢᠭ ᠤᠨ ᠨᠠᠶᠢᠷ ᠶᠢᠩ ᠪᠢᠨ ᠲᠠᠯᠠᠪᠠᠶ ᠳᠤ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠤᠬᠠᠭᠤᠯᠬᠤ ᠬᠡᠯᠲᠡᠰ ᠤᠨ ᠳᠠᠷᠤᠭ᠎ᠠ ᠯᠢᠩ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠯᠢᠩ ᠰᠢᠤ ᠵᠢᠤᠸᠠᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠰᠢᠶᠤᠤ ᠹᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠪᠦᠬᠦ᠋ᠢᠯᠡ ᠲᠣᠭᠯᠠᠯᠲᠠ ᠨᠢ ᠪᠥᠵᠢᠭ ᠬᠠᠪᠰᠤᠷᠭᠠᠭᠰᠠᠨ ᠳᠠᠭᠤᠤ ︽ᠵᠣᠯ ᠵᠢᠷᠭᠠᠯᠲᠤ ᠳᠤᠮᠳᠠᠳᠤ ᠤᠯᠤᠰ ᠬᠠᠮᠲᠤ ᠪᠠᠷ ᠤᠷᠤᠭᠰᠢᠯᠠᠨᠠᠮ︾ ᠤᠨ ᠳᠤᠮᠳᠠ | ᠬᠥᠰᠢᠭᠡ ᠪᠠᠨ ᠰᠡᠬᠦᠵᠦ᠂ ᠲᠣᠭᠯᠠᠭᠴᠢᠳ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾᠂ ︽ᠨᠠᠮ ᠤᠨ ᠲᠤᠶᠠᠭ᠎ᠠ ᠲᠠᠯ᠎ᠠ ᠨᠤᠲᠤᠭ ᠢ ᠭᠡᠷᠡᠯᠲᠦᠭᠦᠯᠦᠨ᠎ᠡ︾᠂ | ︽ᠪᠤᠷᠢᠶᠠᠳ ᠬᠡᠦᠬᠡᠨ︾᠂ ︽ᠬᠦᠰᠡᠯᠡᠩ ᠳᠤᠮᠳᠠᠳᠤ ᠤᠯᠤᠰ ᠢ ᠭᠡᠶᠢᠭᠦᠯᠦᠨ᠎ᠡ︾ ᠵᠡᠷᠭᠡ ᠴᠢᠬᠢᠨ ᠳᠤ ᠬᠠᠳᠠᠩᠰᠢᠭᠰᠠᠨ ᠠᠶᠠᠰ ᠤᠨ ᠳᠤᠮᠳᠠ ᠪᠥᠵᠢᠭᠯᠡᠵᠡᠭᠡᠵᠦ᠂ ᠤᠯᠠᠨ | ᠲᠦᠮᠡᠨ ᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠠᠷᠠᠳ ᠲᠦᠮᠡᠨ ᠢᠶᠠᠨ ᠬᠠᠶᠢᠷᠠᠯᠠᠬᠤ ᠰᠡᠳᠬᠢᠯᠭᠡ ᠶᠢ ᠢᠯᠡᠳᠬᠡᠵᠦ᠂ ᠤᠯᠠᠨ ᠲᠦᠮᠡᠨ ᠤ ᠠᠮᠢᠳᠤᠷᠠᠯ ᠢᠶᠠᠨ | ᠬᠠᠶᠢᠷᠠᠯᠠᠬᠤ᠂ ᠠᠮᠢᠳᠤᠷᠠᠯ ᠢᠶᠠᠨ ᠮᠠᠭᠲᠠᠨ ᠳᠠᠭᠤᠯᠠᠬᠤ᠂ ᠰᠠᠶᠢᠨ ᠰᠠᠶᠢᠬᠠᠨ ᠠᠮᠢᠳᠤᠷᠠᠯ ᠢ ᠪᠦᠳᠦᠭᠡᠨ ᠪᠠᠶᠢᠭᠤᠯᠬᠤ ᠪᠠᠲᠤ ᠴᠢᠩᠭ᠎ᠠ ᠢᠲᠡᠭᠡᠯ ᠵᠣᠷᠢᠭ ᠪᠠ ᠴᠤᠭ | ᠪᠠᠳᠠᠷᠠᠩᠭᠤᠢ ᠬᠦᠴᠦᠨ ᠴᠢᠳᠠᠯ ᠢ ᠢᠯᠡᠷᠡᠭᠦᠯᠵᠦ᠂ ᠤᠯᠠᠨ ᠲᠦᠮᠡᠨ ᠤ ᠴᠢᠩ ᠰᠡᠳᠬᠢᠯ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠤᠢ ᠶᠢ ᠪᠠᠶᠠᠷᠯᠠᠨ ᠪᠡᠯᠭᠡᠯᠡᠵᠦ ᠪᠠᠶᠢᠭ᠎ᠠ ᠰᠡᠳᠬᠢᠯᠭᠡ ᠶᠢ ᠭᠦᠢᠴᠡᠳ ᠢᠯᠡᠷᠡᠭᠦᠯᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠤᠲᠠ ᠶᠢᠨ ᠠᠷᠠᠳ ᠤᠨ ᠰᠣᠶᠣᠯ ᠤᠷᠠᠯᠢᠭ ᠤᠨ ᠨᠠᠶᠢᠷ ᠢ ᠮᠠᠨᠵᠤᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠭᠤᠤᠯᠯᠠᠨ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠳᠠᠭᠠᠭᠠᠨ ᠡᠷᠭᠢᠯᠡᠵᠦ᠂ ᠬᠤᠲᠠ ᠶᠢᠨ ᠣᠯᠠᠨ ᠲᠦᠮᠡᠨ ᠤ ᠤᠷᠠᠯᠢᠭ ᠤᠨ ᠣᠷᠳᠣᠨ ᠬᠠᠮᠵᠢᠯᠴᠠᠨ ᠡᠷᠭᠢᠯᠡᠪᠡ᠃ ᠣᠯᠠᠨ ᠶᠠᠩᠵᠤ ᠬᠡᠯᠪᠡᠷᠢ ᠲᠠᠢ᠂ | ᠪᠠᠶᠠᠯᠢᠭ ᠠᠭᠤᠯᠭ᠎ᠠ ᠲᠠᠢ ᠰᠢᠷᠢᠰ ᠰᠣᠶᠣᠯ ᠤᠨ ᠠᠵᠢᠯᠯᠠᠭ᠎ᠠ ᠶᠢ ᠰᠠᠷ᠎ᠠ ᠭᠠᠷᠤᠢ ᠥᠷᠨᠢᠭᠦᠯᠦᠭᠰᠡᠨ ᠨᠢ ᠪᠥᠬᠦ ᠬᠤᠲᠠ ᠳᠤ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠣᠯᠠᠨ | ᠲᠦᠮᠡᠨ ᠤ ︽ᠥᠨᠢ ᠡᠭᠦᠷᠢᠳᠡ ᠨᠠᠮ ᠢᠶᠠᠨ ᠲᠠᠭᠠᠨ ᠤᠷᠤᠭᠰᠢᠯᠠᠬᠤ︾᠂ ᠨᠠᠩ ᠴᠤᠭ ᠪᠠᠳᠠᠷᠠᠩᠭᠤᠶ ᠳᠦᠷᠢ ᠲᠥᠷᠬᠦ ᠪᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠣᠮᠤᠭ ᠵᠣᠷᠢᠭ ᠢ ᠭᠦᠢᠴᠡᠳ ᠢᠯᠡᠷᠡᠭᠦᠯᠬᠦ ᠶᠢᠨ ᠲᠥᠯᠥᠭᠡ ᠶᠤᠮ᠃ | |