ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/1
      6 ᠰᠠᠷ᠎ᠠ ᠶᠢᠨ 30 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ᠪᠣᠯᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠬᠡᠷᠡᠭᠵᠢᠭᠦᠯᠵᠦ ᠪᠡᠶᠡᠯᠡᠬᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠤᠮᠠᠷᠠᠰᠢ ᠨᠡᠭᠡᠭᠡᠯᠳᠠ ᠬᠢᠬᠦ ᠴᠢᠬᠤᠯᠠ ᠪᠠᠬᠢᠯᠡᠯᠲᠡ ᠶᠢ ᠪᠦᠳᠦᠭᠡᠨ ᠪᠠᠶᠢᠭᠤᠯᠬᠤ ᠠᠵᠢᠯᠯᠠᠭ᠎ᠠ ᠶᠢᠨ ᠲᠥᠰᠦᠯ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠵᠡᠷᠭᠡ ᠵᠦᠢᠯ ᠢ ᠰᠤᠳᠤᠯᠪᠠ᠃      ᠬᠤᠷᠠᠯ ᠠᠴᠠ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠰᠡᠷᠭᠡᠭ ᠴᠢᠨᠠᠷ ᠪᠣᠯᠤᠨ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠡᠯ᠎ᠡ ᠭᠤᠭᠴᠤᠭ᠎ᠠ ᠡᠯ᠎ᠡ ᠲᠠᠯ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠷᠴᠢᠮ ᠢᠶᠠᠨ ᠰᠤᠯᠠᠷᠠᠭᠤᠯᠤᠯ ᠦᠭᠡᠢ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠰᠤᠯᠠᠷᠠᠭᠤᠯᠤᠯ ᠦᠭᠡᠢ ᠪᠠᠶᠢᠩᠭᠤ ᠠᠳᠬᠤᠬᠤ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠪᠣᠯᠤᠨ ᠬᠠᠷᠢᠶ᠎ᠠ ᠤᠷᠤᠨ ᠤ ᠬᠠᠮᠢᠶᠠᠷᠤᠯᠲᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ︽ᠭᠤᠷᠪᠠᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠢ ᠳᠤ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠵᠥ ᠣᠨᠣᠪᠴᠢᠲᠠᠢ ᠠᠳᠬᠤᠬᠤ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠠᠭᠤᠷᠬᠠᠢ ᠪᠣᠯᠤᠨ ᠠᠶᠤᠯ ᠲᠠᠢ ᠬᠢᠮᠢ ᠶᠢᠨ ᠪᠣᠳᠠᠰ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠵᠠᠮ ᠬᠠᠷᠢᠯᠴᠠᠭ᠎ᠠ ᠵᠢᠭᠤᠯᠴᠢᠯᠠᠯ ᠵᠡᠷᠭᠡ ᠤᠯᠠᠨ ᠨᠡᠶᠢᠲᠡ ᠶᠢᠨ ᠠᠮᠤᠷ ᠲᠦᠪᠰᠢᠨ ᠤ ᠠᠶᠦᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠱᠠᠯᠠᠪᠳᠠᠨ ᠴᠢᠩᠭ᠎ᠠ ᠰᠠᠶᠢᠲᠤᠷ ᠠᠳᠬᠤᠬᠤ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠬᠯᠠᠵᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠬᠠᠮᠠᠭᠠᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠴᠢᠬᠤᠯᠠ ᠠᠭᠤᠯᠭ᠎ᠠ ᠪᠣᠯᠤᠨ᠎ᠠ᠂ ᠪᠢᠳᠡᠨ ᠤ ᠡᠷᠬᠡᠪᠰᠢ ᠴᠢᠩᠭ᠎ᠠ ᠰᠠᠶᠢᠲᠤᠷ ᠠᠳᠬᠤᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠤᠨ᠎ᠠ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ︽ᠬᠤᠶᠠᠷ ᠶᠡᠭᠡ ᠲᠠᠯ᠎ᠠ︾ ᠶᠢ ᠭᠡᠬᠦᠳᠡᠭ ᠴᠡᠭᠡᠵᠢᠨ ᠳᠡᠭᠡᠨ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾  ᠢ ᠰᠡᠳᠬᠢᠯ ᠳᠡᠭᠡᠨ ᠪᠤᠳᠤᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠶ᠃ ᠥᠪᠥᠷ ᠮᠣᠩᠭᠤᠯ ᠠᠴᠠ ᠭᠠᠷᠴᠤ ᠥᠪᠥᠷ ᠮᠣᠩᠭᠤᠯ ᠢ ᠬᠠᠷᠠᠨ᠂ ᠤᠯᠤᠰ  ᠤᠨ ᠳᠣᠲᠣᠭᠠᠳᠤ ᠶᠢᠨ ᠶᠡᠭᠡ ᠣᠷᠴᠢᠯ ᠳᠤ ᠭᠦᠢᠴᠡᠳ ᠠᠭᠤᠰᠤᠯᠴᠠᠵᠤ᠂ ᠳᠡᠯᠡᠬᠡᠶ ᠶᠢᠨ ᠶᠡᠭᠡ ᠣᠷᠴᠢᠯ ᠳᠤ ᠨᠠᠩ ᠰᠠᠶᠢᠲᠤᠷ ᠠᠭᠤᠰᠤᠯᠴᠠᠨ᠂ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠠᠴᠠ ᠤᠮᠠᠷᠠᠰᠢ ᠨᠡᠭᠡᠭᠡᠯᠲᠡ ᠬᠢᠬᠦ ᠶᠢ ᠠᠬᠢᠭᠤᠯᠵᠤ᠂ ᠥᠪᠥᠷ ᠮᠣᠩᠭᠤᠯ ᠤᠨ ᠣᠷᠣᠨ ᠪᠠᠶᠢᠷᠢ ᠶᠢᠨ ᠳᠠᠪᠠᠭᠤᠯᠢᠭ ᠢ ᠨᠠᠩ ᠰᠠᠶᠢᠲᠤᠷ ᠨᠡᠭᠡᠭᠡᠯᠲᠡ ᠶᠢᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠶ᠃ ᠰᠢᠨ᠎ᠡ ᠨᠢᠭᠡ ᠦᠶᠡᠯᠡᠯ ᠤᠨ ᠬᠤᠭᠤᠴᠠᠭᠠᠨ ᠤ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠴᠢᠨᠠᠷ ᠰᠠᠶᠢᠳᠠᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ᠂ ᠪᠦᠷᠢᠯᠳᠦᠬᠦᠨ ᠨᠢᠭᠡᠴᠢ ᠶᠢᠨ ᠲᠤᠰᠬᠠᠶ ᠲᠥᠯᠥᠪᠵᠢᠭᠦᠯᠭᠡ ᠲᠠᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠠᠮᠲᠤ ᠳᠤᠨᠢ ᠲᠥᠯᠥᠪᠵᠢᠭᠦᠯᠦᠨ᠂ ᠵᠡᠷᠭᠡ ᠳᠤᠨᠢ ᠪᠠᠶᠢᠷᠢᠯᠠᠭᠤᠯᠵᠤ᠂ ᠢᠵᠢᠯᠢ ᠠᠯᠬᠤᠮ ᠢᠶᠠᠷ ᠨᠠᠶᠢᠳᠠᠪᠤᠷᠢᠵᠢᠭᠤᠯᠬᠤ ᠬᠡᠷᠡᠭᠲᠡᠶ᠃ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠰᠢᠨ᠎ᠡ ᠬᠦᠰᠡᠯ ᠡᠷᠡᠮᠡᠯᠵᠡᠯ ᠳᠤ ᠵᠣᠬᠢᠴᠠᠭᠤᠯᠵᠤ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠷᠠᠯᠲᠠ ᠶᠢ ᠲᠣᠭᠲᠠᠭᠠᠵᠤ᠂ ᠤᠯᠠᠮ ᠨᠢᠬᠡ ᠠᠯᠬᠤᠮ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠪᠦᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠨᠡᠩ ᠥᠨᠳᠥᠷ ᠲᠦᠪᠰᠢᠨ ᠠᠴᠠ ᠡᠮᠡᠭᠲᠡᠶᠢᠴᠦᠳ ᠬᠡᠦᠬᠡᠳ ᠤᠨ ᠦᠢᠯᠡᠰ ᠪᠣᠯᠤᠨ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ ᠪᠣᠯ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠲᠤᠯᠭᠠᠮ ᠱᠠᠭᠠᠷᠳᠠᠯᠭ᠎ᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠤᠳᠤᠯᠤᠨ ᠪᠠᠶᠢᠷᠢᠯᠠᠭᠤᠯᠤᠬᠰᠠᠨ ᠶᠣᠰᠣᠭᠠᠷ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠬᠡᠵᠥ ᠵᠢᠭᠠᠵᠥ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ