ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/7/13

      2021 ᠣᠨ ᠤ 7 ᠳ᠋ᠤᠭᠠᠷ ᠰᠠᠷ᠎ᠠ ᠶᠢᠨ 12 ᠤᠨ ᠡᠳᠦᠷ ᠤᠨ 7 ᠴᠠᠭ ᠠᠴᠠ 7 ᠳ᠋ᠤᠭᠠᠷ ᠰᠠᠷ᠎ᠠ ᠶᠢᠨ 13 ᠤ ᠡᠳᠦᠷ ᠤᠨ 7 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ 
      2021 ᠣᠨ ᠤ 7 ᠳ᠋ᠤᠭᠠᠷ ᠰᠠᠷ᠎ᠠ ᠶᠢᠨ 13 ᠤ ᠡᠳᠦᠷ ᠤᠨ 7 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ