ᠣᠶᠢᠷ᠎ᠠ ᠳᠤ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ 2021 ᠣᠨ ᠤ ᠪᠤᠭᠤᠲᠤ ᠬᠤᠲᠠ ᠶᠢᠨ ᠰᠢᠨ᠎ᠡ ᠴᠠᠭ ᠦᠶ᠎ᠡ ᠶᠢᠨ ᠰᠤᠷᠭᠠᠨ | ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠲᠤᠷᠰᠢᠯᠲᠠ ᠶᠢᠨ ᠠᠵᠢᠯ ᠢ ᠬᠡᠷᠡᠭᠵᠢᠭᠦᠯᠬᠦ ᠶᠢ ᠲᠣᠬᠢᠷᠠᠭᠤᠯᠤᠯᠲᠠ ᠪᠠᠶᠢᠷᠢᠯᠠᠭᠤᠯᠪᠠ᠃ | ᠬᠤᠷᠠᠯ ᠳᠤ ᠱᠠᠭᠠᠷᠳᠠᠬᠤ ᠳᠤ ᠪᠠᠨ᠂ ᠲᠤᠷᠰᠢᠯᠲᠠ ᠶᠢᠨ ᠭᠠᠵᠠᠷ ᠣᠷᠣᠨ ᠵᠢᠴᠢ ᠲᠤᠷᠰᠢᠯᠲᠠ ᠶᠢᠨ ᠰᠤᠷᠭᠠᠭᠤᠯᠢ ᠨᠤᠭᠤᠳ ᠨᠢ ᠳᠤᠮᠳᠠᠳᠤ ᠪᠠᠭ᠎ᠠ ᠰᠤᠷᠭᠠᠭᠤᠯᠢ | ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠶᠡᠷᠦᠩᠬᠡᠶ ᠲᠥᠰᠦᠯ ᠤᠨ ᠣᠭ ᠵᠣᠬᠢᠶᠠᠯ ᠢ ᠨᠠᠷᠢᠨ ᠬᠢᠨᠠᠮᠠᠭᠠᠶ | ᠰᠤᠷᠤᠯᠴᠠᠵᠤ᠂ ᠵᠥᠪ ᠥᠷᠲᠡᠭ ᠤᠨ ᠦᠵᠡᠯᠲᠡ ᠪᠠ ᠶᠠᠰᠤ ᠴᠢᠨᠠᠷ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠭᠦᠨᠵᠡᠭᠡᠶ ᠰᠡᠳᠬᠢᠨ ᠪᠣᠳᠣᠯᠬᠢᠯᠠᠵᠤ᠂ ᠭᠦᠶᠴᠡᠳ | ᠬᠦᠴᠦ ᠣᠷᠣᠭᠤᠯᠤᠨ᠂ ᠲᠣᠰ ᠰᠤᠷᠭᠠᠭᠤᠯᠢ᠂ ᠲᠣᠰ ᠲᠣᠭᠤᠷᠢᠭ ᠤᠨ ᠢᠶᠠᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠲᠥᠷᠭᠡᠨ ᠥᠷᠨᠢᠭᠦᠯᠵᠦ᠂ | ᠰᠢᠰᠲ᠋ᠧᠮ ᠲᠠᠢ ᠲᠥᠯᠥᠪᠯᠡᠨ᠂ ᠪᠦᠬᠦᠯᠢ ᠴᠣᠭᠴᠠ ᠪᠠᠷ ᠨᠢ ᠠᠬᠢᠭᠤᠯᠵᠤ᠂ ᠭᠤᠤᠯᠳᠠᠯᠭ᠎ᠠ ᠲᠠᠢ ᠰᠢᠪᠲᠤᠯᠤᠯᠲᠠ ᠬᠢᠵᠦ᠂ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠳᠬᠠᠬᠤ ᠬᠡᠷᠡᠭᠲᠡᠶ ᠭᠡᠯᠡ᠃ | ᠬᠤᠷᠠᠯ ᠳᠤ᠂ ᠡᠯ᠎ᠡ ᠲᠤᠷᠰᠢᠯᠲᠠ ᠶᠢᠨ ᠭᠠᠵᠠᠷ ᠣᠷᠣᠨ ᠵᠢᠴᠢ ᠰᠤᠷᠭᠠᠭᠤᠯᠢ ᠨᠤᠭᠤᠳ ᠰᠤᠷᠭᠠᠨ ᠬᠥᠮᠦᠵᠢᠯ ᠤᠨ ᠦᠨᠡᠯᠡᠯᠲᠡ ᠪᠠᠷ ᠬᠦᠲᠦᠯᠦᠮᠵᠢ ᠪᠣᠯᠭᠠᠵᠤ᠂ | ᠬᠥᠮᠦᠨ ᠬᠥᠮᠦᠵᠢᠭᠦᠯᠬᠦ ᠠᠷᠭ᠎ᠠ ᠬᠡᠯᠪᠡᠷᠢ᠂ ᠰᠤᠷᠭᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠮᠵᠢ᠂ ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ | ᠶᠢ ᠠᠬᠢᠭᠤᠯᠬᠤ ᠬᠡᠷᠡᠭᠲᠡᠢ︔ ᠡᠯ᠎ᠡ ᠲᠣᠭᠤᠷᠢᠭ᠂ ᠡᠯ᠎ᠡ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠷᠢᠨ ᠬᠢᠨᠠᠮᠠᠭᠠᠢ ᠰᠤᠳᠤᠯᠤᠨ ᠶᠠᠷᠢᠯᠴᠠᠵᠤ᠂ | ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠶᠢ ᠠᠬᠢᠭᠤᠯᠬᠤ ᠴᠢᠭᠯᠡᠯ ᠢᠶᠠᠨ ᠲᠣᠳᠤᠷᠬᠠᠶᠢᠯᠠᠨ᠂ ᠬᠦᠴᠦᠯᠡᠬᠦ ᠴᠡᠭ ᠢᠶᠠᠨ ᠣᠨᠣᠪᠴᠢᠲᠠᠢ | ᠤᠯᠬᠤ ᠬᠡᠷᠡᠭᠲᠡᠢ︔ ᠤᠯᠤᠰ ᠤᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠣᠷᠣᠨ᠎ᠠ ᠶᠢᠨ ᠰᠠᠯᠬᠢ ᠶᠢ ᠠᠰᠢᠭᠯᠠᠨ᠂ ᠡᠯ᠎ᠡ | ᠲᠤᠷᠰᠢᠯᠲᠠ ᠶᠢᠨ ᠭᠠᠵᠠᠷ ᠣᠷᠣᠨ ᠪᠠ ᠰᠤᠷᠭᠠᠭᠤᠯᠢ ᠨᠤᠭᠤᠳ ᠠᠳᠠᠯᠢ ᠪᠤᠰᠤ ᠲᠠᠯ᠎ᠠ ᠠᠴᠠ ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ᠂ ᠰᠤᠷᠭᠠᠭᠤᠯᠢ ᠡᠷᠭᠢᠯᠡᠬᠦ | ᠠᠮᠢᠵᠢᠷᠠᠯ ᠤᠨ ᠬᠦᠴᠦᠨ ᠢ ᠬᠥᠭᠵᠢᠭᠡᠵᠦ ᠳᠡᠶᠢᠯᠬᠦ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠰᠤᠷᠭᠠᠨ ᠬᠥᠮᠦᠵᠢᠯ ᠤᠨ ᠦᠨᠡᠯᠡᠯᠲᠡ ᠶᠢᠨ | ᠥᠭᠡᠷᠡᠴᠢᠯᠡᠯᠲᠡ ᠶᠢᠨ ᠲᠥᠰᠦᠯ ᠢ ᠳᠠᠷᠤᠶ ᠲᠦᠷᠭᠡᠨ ᠪᠦᠷᠢᠯᠳᠦᠭᠦᠯᠵᠦ᠂ ᠡᠯᠪᠡᠭ ᠪᠠᠶᠠᠯᠢᠭ ᠣᠯᠠᠨ ᠡᠰᠢᠲᠦ ᠬᠢᠯᠠᠰ ᠴᠡᠭ ᠪᠠ ᠲᠤᠷᠰᠢᠯᠭ᠎ᠠ ᠶᠢ ᠪᠦᠷᠢᠯᠳᠦᠭᠦᠯᠵᠦ᠂ | ᠡᠴᠦᠰ ᠲᠤ ᠪᠠᠨ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠪᠡᠷᠮᠢᠴᠡ ᠰᠢᠰᠲ᠋ᠧᠮ ᠢ ᠪᠦᠷᠢᠯᠳᠦᠭᠦᠯᠵᠦ᠂ ᠪᠤᠭᠤᠲᠤ ᠬᠤᠲᠠ ᠶᠢᠨ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠢ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠤᠷᠤᠭᠰᠢᠯᠠᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃ |