︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠤᠬᠠᠢ ᠲᠣᠪᠴᠢ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/7/16
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠬᠡᠪᠴᠢᠶᠡᠨ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠪᠦᠬᠦᠨ ᠢ ᠬᠠᠮᠤᠷᠬᠤ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠬᠦ ᠪᠠᠷ ᠪᠣᠢ᠃      ᠨᠢᠭᠡ᠂ ᠶᠠᠭᠤᠨ ᠤ ᠤᠴᠢᠷ ᠠᠴᠠ ︽ᠬᠡᠷᠡᠭᠵᠢᠭᠦᠯᠬᠦ ᠲᠥᠰᠦᠯ︾ ᠢ ᠲᠣᠭᠲᠠᠭᠠᠬᠤ ᠬᠡᠷᠡᠭᠲᠡᠶ ᠪᠤᠢ︖      ︽︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ︹ 2021 ︺ 7 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂  ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠪᠥᠬᠦ ᠣᠷᠣᠨ ᠤ ᠬᠡᠪᠴᠢᠶᠡᠨ ᠳᠠᠬᠢ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠦᠷᠢᠨ ᠪᠦᠷᠬᠦᠭᠦᠯᠬᠦ ᠶᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠪᠦᠲᠦᠮᠵᠢᠲᠡᠶ ᠬᠥᠭᠵᠢᠭᠡᠵᠦ᠂ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠲᠥᠯᠥᠭᠡ ︽ᠬᠡᠷᠡᠭᠵᠢᠭᠦᠯᠬᠦ ᠲᠥᠰᠦᠯ︾ ᠢ ᠲᠣᠭᠲᠠᠭᠠᠪᠠ᠃      ᠬᠤᠶᠠᠷ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠨᠢ ᠶᠠᠮᠠᠷ ᠪᠣᠢ︖      2021 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠪᠦᠬᠦ ᠣᠷᠣᠨ ᠤ ᠬᠡᠪᠴᠢᠶᠡᠨ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠤᠨ ᠪᠦᠬᠦᠨ ᠢ ᠬᠠᠮᠤᠷᠬᠤ ᠨᠠᠷᠢᠨ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠥᠪ ᠠᠴᠠ ᠲᠣᠭᠲᠠᠭᠠᠭᠰᠠᠨ 523 ᠵᠦᠢᠯ ᠵᠢᠴᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠲᠣᠭᠲᠠᠭᠠᠭᠰᠠᠨ 18 ᠵᠦᠢᠯ ᠤᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠲᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠬᠡᠷᠡᠭᠵᠢᠭᠦᠯᠵᠦ᠂ ᠭᠡᠷᠡᠴᠢᠯᠡᠯ ᠣᠯᠭᠤᠭᠰᠠᠨ ᠤ ᠳᠠᠷᠠᠭ᠎ᠠ ᠦᠨᠡᠮᠯᠡᠯ ᠢ ᠬᠠᠰᠤᠬᠤ ᠶᠢ ᠶᠡᠭᠡ ᠪᠠᠷ ᠠᠬᠢᠭᠤᠯᠵᠤ᠂ ᠳᠥᠭᠦᠮ ᠪᠥᠭᠡᠳ ᠥᠨᠳᠥᠷ ᠪᠦᠲᠦᠮᠵᠢᠲᠡᠶ᠂ ᠲᠥᠪ ᠭᠤᠤᠯᠴᠢ ᠢᠯᠡ ᠲᠣᠳᠣᠷᠬᠠᠢ᠂ ᠠᠭᠤᠵᠢᠭᠤ ᠲᠠᠯᠪᠢᠨ ᠴᠢᠩᠭ᠎ᠠ ᠬᠠᠮᠢᠶᠠᠷᠬᠤ ᠠᠵᠢᠯ ᠲᠥᠷᠥᠯ ᠤᠨ ᠡᠵᠡᠩᠨᠡᠯᠲᠡ ᠶᠢᠨ ᠵᠥᠪᠰᠢᠶᠡᠷᠡᠯ ᠤᠨ ᠲᠦᠷᠢᠮ ᠢ ᠬᠦᠴᠦᠯᠡᠨ ᠪᠠᠶᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃      ᠭᠤᠷᠪᠠ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠳᠤ ᠶᠠᠮᠠᠷ ᠶᠠᠮᠠᠷ ᠥᠭᠡᠷᠡᠴᠢᠯᠡᠯᠲᠡ ᠶᠢᠨ ᠠᠷᠭ᠎ᠠ ᠮᠠᠶ᠋ᠢᠭ ᠪᠠᠶᠢᠬᠤ ᠪᠤᠢ︖      ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠷᠭ᠎ᠠ ᠮᠠᠶ᠋ᠢᠭ ᠨᠢ ᠨᠡᠶᠢᠲᠡ ᠳᠥᠷᠪᠡᠨ ᠵᠦᠢᠯ ᠪᠠᠶᠢᠨ᠎ᠠ᠃      ᠬᠢᠨᠠᠨ ᠵᠥᠪᠰᠢᠶᠡᠷᠡᠯ ᠤᠨ ᠶᠠᠪᠤᠴᠠ ᠶᠢ ᠰᠢᠭᠤᠳ ᠬᠦᠴᠦᠨ ᠦᠭᠡᠶ ᠪᠣᠯᠭᠠᠨ᠎ᠠ᠃ ᠠᠵᠤ ᠠᠬᠤᠶᠢᠯᠠᠯ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠪᠠᠭᠲᠠᠨ᠎ᠠ᠂ ᠳᠣᠷᠣᠭᠰᠢ ᠠᠳᠠᠯᠢ︶ ᠨᠢ ᠡᠵᠡᠩᠨᠡᠯᠲᠡ ᠶᠢᠨ ᠦᠨᠡᠮᠯᠡᠯ ᠣᠯᠪᠠᠯ ᠳᠠᠷᠤᠶ ᠡᠵᠡᠩᠨᠡᠯᠲᠡ ᠪᠠᠨ ᠡᠬᠢᠯᠡᠭᠦᠯᠵᠦ ᠪᠣᠯᠤᠨ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠵᠡᠷᠭᠡ ᠨᠢ ᠠᠵᠤ ᠠᠬᠤᠶᠢᠯᠠᠯ ᠳᠤ ᠬᠠᠮᠢᠶ᠎ᠠ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠢ ᠬᠠᠩᠭᠠᠯᠭᠠᠬᠤ ᠪᠠᠷ ᠱᠠᠭᠠᠷᠳᠠᠵᠤ ᠪᠣᠯᠬᠤ ᠥᠬᠡᠶ᠃      ᠬᠢᠨᠠᠨ ᠵᠥᠪᠰᠢᠶᠡᠷᠡᠬᠦ ᠶᠢ ᠳᠠᠩᠰᠠᠯᠠᠭᠤᠯᠬᠤ ᠪᠣᠯᠭᠠᠨ ᠥᠭᠡᠷᠡᠴᠢᠯᠡᠨ᠎ᠡ᠃ ᠵᠠᠷᠴᠢᠮ ᠳᠡᠭᠡᠷ᠎ᠡ ᠪᠠᠨ ᠬᠡᠷᠡᠭ ᠶᠠᠪᠤᠳᠠᠯ ᠤᠨ ᠳᠠᠷᠠᠭ᠎ᠠ ᠳᠠᠩᠰᠠᠯᠠᠭᠤᠯᠬᠤ ᠶᠢ ᠬᠡᠷᠡᠭᠵᠢᠭᠦᠯᠵᠦ᠂ ᠠᠵᠤ ᠠᠬᠤᠶᠢᠯᠠᠯ ᠡᠵᠡᠩᠨᠡᠯᠲᠡ ᠶᠢᠨ ᠦᠨᠡᠮᠯᠡᠯ ᠣᠯᠪᠠᠯ ᠳᠠᠷᠤᠶ ᠡᠵᠡᠩᠨᠡᠯᠲᠡ ᠪᠠᠨ ᠡᠬᠢᠯᠡᠭᠦᠯᠵᠦ ᠪᠣᠯᠤᠨ᠎ᠠ︔ ᠦᠨᠡᠬᠡᠷ ᠤᠷᠢᠳᠴᠢᠯᠠᠨ ᠳᠠᠩᠰᠠᠯᠠᠭᠤᠯᠬᠤ ᠴᠢᠬᠤᠯᠠᠲᠠᠶ ᠪᠣᠯ᠂ ᠠᠵᠤ ᠠᠬᠤᠶᠢᠯᠠᠯ ᠨᠢ ᠳᠠᠩᠰᠠᠯᠠᠭᠤᠯᠬᠤ ᠭᠠᠷ ᠭᠦᠢᠴᠡᠳᠬᠡᠯ ᠢᠶᠠᠨ ᠪᠡᠶᠡᠯᠡᠭᠦᠯᠪᠡᠯ ᠳᠠᠷᠤᠶ ᠡᠵᠡᠩᠨᠡᠯᠲᠡ ᠪᠠᠨ ᠡᠬᠢᠯᠡᠭᠦᠯᠵᠦ ᠪᠣᠯᠤᠨ᠎ᠠ᠃      ᠠᠮᠠᠯᠠᠯᠲᠠ ᠬᠢᠬᠦ ᠳᠦᠷᠢᠮ ᠢ ᠬᠡᠷᠡᠭᠵᠢᠭᠦᠯᠦᠨ᠎ᠡ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠮᠠᠯᠠᠯᠲᠠ ᠶᠢᠨ ᠪᠢᠴᠢᠭ ᠲᠣᠭᠲᠠᠭᠠᠵᠤ᠂ ᠠᠮᠠᠯᠠᠯᠲᠠ ᠬᠢᠬᠦ ᠠᠭᠤᠯᠭ᠎ᠠ ᠶᠢ ᠲᠣᠳᠣᠷᠬᠠᠶᠢᠯᠠᠨ᠂ ᠠᠵᠤ ᠠᠬᠤᠶᠢᠯᠠᠯ ᠰᠠᠶᠢᠨ ᠳᠤᠷ᠎ᠠ ᠠᠴᠠ ᠪᠠᠨ ᠠᠮᠠᠯᠠᠯᠲᠠ ᠬᠢᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠢᠶᠠᠨ ᠲᠤᠰᠢᠶᠠᠭᠰᠠᠨ ᠪᠣᠯ᠂ ᠲᠤᠬᠠᠶ ᠶᠢᠨ ᠲᠠᠯᠠᠪᠤᠷ ᠲᠤ ᠨᠢ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠬᠤ ᠶᠢᠨ ᠬᠠᠮᠲᠤ᠂ ᠬᠡᠷᠡᠭ ᠤᠨ ᠳᠠᠷᠠᠭ᠎ᠠ ᠬᠠᠷᠭᠤᠭᠤᠯᠤᠨ ᠪᠠᠶᠢᠴᠠᠭᠠᠬᠤ᠂ ᠬᠢᠨᠠᠨ ᠵᠥᠪᠰᠢᠶᠡᠷᠡᠯ ᠢ ᠬᠦᠴᠦᠨ ᠦᠭᠡᠢ ᠪᠣᠯᠭᠠᠬᠤ ᠵᠡᠷᠭᠡ ᠪᠣᠳᠠᠲᠠᠶ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠲᠣᠭᠲᠠᠭᠠᠨ᠎ᠠ᠃      ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠦᠢᠯᠡᠴᠢᠯᠡᠭᠡᠨ ᠤ ᠬᠢᠷᠢ ᠬᠡᠮᠵᠢᠶ᠎ᠡ ᠪᠠ ᠬᠢᠨᠠᠨ ᠵᠥᠪᠰᠢᠶᠡᠷᠡᠬᠦ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠡᠷᠡᠭ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠨᠠᠩ ᠶᠡᠭᠡ ᠲᠥᠬᠦᠮ ᠦᠵᠡᠭᠦᠯᠵᠦ᠂ ᠵᠥᠪᠰᠢᠶᠡᠷᠡᠯ ᠤᠨ ᠨᠥᠬᠦᠴᠡᠯ ᠪᠠ ᠬᠢᠨᠠᠨ ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠬᠤ᠂ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠬᠦᠴᠦᠨ ᠥᠬᠡᠶ ᠪᠣᠯᠭᠠᠬᠤ ᠪᠤᠶᠤ ᠤᠷᠲᠤᠳᠬᠠᠬᠤ᠂ ᠭᠥᠯᠢᠶᠡᠨ ᠠᠪᠴᠤ ᠭᠦᠢᠴᠡᠳᠬᠡᠬᠦ ᠬᠢᠨᠠᠨ ᠵᠥᠪᠰᠢᠶᠡᠷᠡᠬᠦ ᠵᠠᠭᠪᠤᠷ ᠢ ᠰᠢᠯᠢᠳᠡᠭᠵᠢᠭᠦᠯᠬᠦ ᠵᠡᠷᠭᠡ ᠬᠢᠨᠠᠨ ᠵᠥᠪᠰᠢᠶᠡᠷᠡᠬᠦ ᠦᠶ᠋ᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ᠃      ᠲᠦᠷᠪᠡ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠳᠤ ᠶᠠᠮᠠᠷ ᠶᠠᠮᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠶᠢᠬᠤ ᠪᠤᠢ︖      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠭᠤᠤᠯᠳᠠᠭᠤ ᠳᠣᠤᠷᠠᠬᠢ ᠬᠡᠳᠦᠨ ᠲᠠᠯ᠎ᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠠᠪᠤᠭᠰᠠᠨᠪᠠᠶᠢᠨ᠎ᠠ᠃      ᠨᠢᠭᠡ ᠳᠤ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠪᠦᠬᠦᠨ ᠢ ᠬᠠᠮᠤᠷᠬᠤ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠮᠠᠨ ᠤ ᠣᠷᠣᠨ ᠤ ᠬᠡᠪᠴᠢᠶᠡᠨ ᠳᠠᠬᠢ ᠣᠷᠣᠨ ᠨᠤᠲᠤᠭ ᠤᠨ ᠲᠠᠰ ᠳᠠᠪᠬᠤᠷᠭ᠎ᠠ ᠳᠤ ᠲᠣᠭᠲᠠᠭᠠᠭᠰᠠᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠵᠤ᠂ ᠨᠠᠷᠢᠨ ᠬᠠᠭᠤᠳᠠᠰᠤ ᠠᠴᠠ ᠭᠠᠳᠠᠨ᠎ᠠ᠂ ᠠᠵᠤ ᠠᠬᠤᠶᠢᠯᠠᠯ ᠤᠨ ᠬᠠᠮᠢᠶ᠎ᠠ ᠪᠥᠬᠦᠶ ᠠᠵᠢᠯ ᠲᠥᠷᠥᠯ ᠳᠤ ᠣᠷᠣᠵᠤ ᠡᠵᠡᠩᠨᠡᠯᠲᠡ ᠥᠷᠨᠢᠭᠦᠯᠬᠦ ᠶᠢ ᠴᠥᠮ ᠬᠢᠵᠠᠭᠠᠷᠯᠠᠵᠤ ᠪᠣᠯᠬᠤ ᠥᠬᠡᠶ᠃      ᠬᠤᠶᠠᠷ ᠲᠤ᠂ ᠬᠤᠳᠠᠯᠳᠤᠭᠠᠨ ᠤ ᠵᠦᠢᠯᠡᠰ ᠤᠨ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠲᠠᠩᠰᠠᠯᠠᠯᠳᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠤᠷᠢᠳᠠᠪᠠᠷ ᠭᠡᠷᠡᠴᠢᠯᠡᠵᠦ ᠳᠠᠷᠠᠭ᠎ᠠ ᠨᠢ ᠦᠨᠡᠮᠯᠡᠯ ᠣᠯᠭᠤᠬᠤ︾ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠳᠠᠩᠰᠠᠯᠠᠭᠤᠯᠬᠤ ᠪᠣᠯᠭᠠᠨ ᠬᠤᠪᠢᠷᠠᠭᠤᠯᠤᠭᠰᠠᠨ ᠵᠦᠢᠯ ᠢ ᠶᠢ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠬᠡᠪᠴᠢᠶᠡᠨ ᠳᠤ ᠣᠷᠣᠭᠤᠯᠵᠤ᠂ ᠦᠯᠡᠳᠡᠭᠡᠭᠰᠡᠨ ᠪᠦᠷᠢᠳᠬᠡᠨ ᠳᠠᠩᠰᠠᠯᠠᠭᠤᠯᠬᠤ ᠶᠢᠨ ᠡᠮᠦᠨᠡᠬᠢ ᠵᠥᠪᠰᠢᠶᠡᠷᠡᠯ ᠢ ᠬᠤᠶᠢᠨᠠᠬᠢ ᠵᠥᠪᠰᠢᠶᠡᠷᠡᠯ ᠪᠣᠯᠭᠠᠨ ᠬᠤᠪᠢᠷᠠᠭᠤᠯᠬᠤ ᠶᠢ ᠰᠦᠪᠡᠭᠴᠢᠯᠡᠨ᠎ᠡ᠃      ᠭᠤᠷᠪᠠ ᠳᠤ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠳᠤ ᠪᠠᠨ ᠬᠦᠷᠲᠡᠬᠦ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠪᠠᠬᠢᠯᠡᠯᠲᠡ ᠶᠢ ᠬᠦᠴᠦᠯᠡᠨ ᠨᠡᠪᠲᠡᠷᠡᠭᠦᠯᠵᠦ᠂ ᠬᠠᠮᠲᠤ ᠳᠤ ᠪᠠᠨ ᠬᠦᠷᠲᠡᠬᠦ ᠪᠠᠷ ᠳᠡᠮᠵᠢᠨ ᠣᠯᠵᠤ ᠪᠣᠯᠬᠤ ᠮᠡᠳᠡᠭᠡ ᠵᠠᠩᠭᠢ ᠶᠢ ᠠᠵᠤ ᠠᠬᠤᠶᠢᠯᠠᠯ ᠢᠶᠠᠷ ᠬᠠᠩᠭᠠᠯᠭᠠᠬᠤ ᠪᠠᠷ ᠳᠠᠭᠢᠵᠤ ᠱᠠᠭᠠᠷᠳᠠᠵᠤ ᠪᠣᠯᠬᠤ ᠥᠬᠡᠶ᠂ ᠬᠠᠮᠢᠶ᠎ᠠ ᠪᠥᠬᠦᠶ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ ᠶᠢ ᠪᠠᠭᠠᠰᠬᠠᠨ᠎ᠠ᠃      ᠳᠥᠷᠪᠡ ᠳᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠭᠤᠶᠤᠴᠢᠯᠠᠬᠤ᠂ ᠭᠥᠯᠢᠶᠡᠨ ᠠᠪᠴᠤ ᠭᠦᠢᠴᠡᠳᠬᠡᠬᠦ᠂ ᠬᠢᠨᠠᠨ ᠬᠠᠷᠭᠤᠭᠤᠯᠬᠤ᠂ ᠦᠨᠡᠮᠯᠡᠯ ᠣᠯᠭᠤᠬᠤ ᠪᠥᠬᠦ ᠶᠠᠪᠤᠴᠠ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠯᠠ ᠤᠳᠠᠭ᠎ᠠ ᠭᠦᠶᠦᠬᠦ︾᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠲᠦᠷᠭᠡᠳᠬᠡᠨ ᠠᠬᠢᠭᠤᠯᠵᠤ᠂ ᠭᠦᠢᠴᠡᠳᠬᠡᠬᠦ ᠶᠠᠪᠤᠴᠠ ᠶᠢ ᠳᠥᠭᠦᠮᠴᠢᠯᠡᠨ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠨ᠎ᠠ᠃      ᠲᠠᠪᠤ ᠳᠤ᠂ ᠡᠯᠧᠺᠲᠷᠣᠨ ᠬᠡᠷᠡᠴᠢ ᠦᠨᠡᠮᠯᠡᠯ ᠢ ᠴᠤᠭᠯᠠᠭᠤᠯᠤᠨ ᠬᠡᠷᠡᠭᠯᠡᠬᠦ ᠶᠢ ᠠᠬᠢᠭᠤᠯᠤᠨ᠎ᠠ᠃ 2022 ᠣᠨ ᠤ ᠵᠢᠯ ᠤᠨ ᠡᠴᠦᠰ ᠠᠴᠠ ᠡᠮᠦᠨ᠎ᠡ ᠠᠵᠤ ᠠᠬᠤᠶᠢᠯᠠᠯ ᠳᠤ ᠬᠤᠯᠪᠣᠭᠳᠠᠬᠤ ᠦᠨᠡᠮᠯᠡᠯ ᠢ ᠡᠯᠧᠺᠲᠷᠣᠨᠴᠢᠯᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠡᠯᠧᠺᠲᠷᠣᠨ ᠦᠨᠡᠮᠯᠡᠯ ᠢ ︽ᠭᠤᠷᠪᠠᠨ ᠲᠠᠪᠴᠠᠩ︾ ︵ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠲᠠᠪᠴᠠᠩ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶︶ ᠳᠤ ᠴᠤᠭᠯᠠᠭᠤᠯᠵᠤ᠂ ᠬᠠᠷᠢᠯᠴᠠᠨ ᠮᠡᠳᠡᠷᠡᠵᠦ ᠬᠠᠷᠢᠯᠴᠠᠨ ᠢᠲᠡᠭᠡᠯᠴᠡᠭᠦᠯᠦᠨ᠎ᠡ᠃ ᠡᠯᠧᠺᠲᠷᠣᠨ ᠦᠨᠡᠮᠯᠡᠯ ᠢᠶᠠᠷ ᠳᠠᠮᠵᠢᠭᠤᠯᠤᠨ ᠣᠯᠵᠤ ᠪᠣᠯᠬᠤ ᠮᠡᠳᠡᠭᠡ ᠵᠠᠩᠭᠢ ᠪᠦᠬᠦᠨ ᠢ ᠴᠥᠮ ᠠᠵᠤ ᠠᠬᠤᠶᠢᠯᠠᠯ ᠢᠶᠠᠷ ᠵᠣᠬᠢᠬᠤ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠢ᠃      ᠵᠢᠷᠭᠤᠭ᠎ᠠ ᠳᠤ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ ᠰᠢᠮᠳᠠᠭᠤᠯᠤᠨ ᠰᠢᠢᠳᠪᠦᠷᠢᠯᠡᠭᠦᠯᠬᠦ ᠬᠠᠷᠢᠭᠤᠴᠠᠯᠭ᠎ᠠ ᠲᠤᠯᠭᠠᠬᠤ ᠲᠣᠭᠲᠠᠴᠠ ᠶᠢ ᠴᠢᠩᠭᠠᠳᠬᠠᠨ᠎ᠠ᠃ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠰᠢᠮᠳᠠᠭᠤᠯᠤᠨ ᠵᠢᠯᠤᠭᠤᠳᠤᠨ᠎ᠠ᠂ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠵᠦᠢᠯᠡᠰ ᠢ ᠳᠤᠷ᠎ᠠ ᠪᠠᠷ ᠢᠶᠠᠨ ᠨᠡᠮᠡᠭᠳᠡᠭᠦᠯᠵᠦ᠂ ᠠᠵᠤ ᠠᠬᠤᠶᠢᠯᠠᠯ ᠤᠨ ᠣᠨᠴᠠᠭᠠᠢ ᠠᠵᠢᠯ ᠲᠥᠷᠥᠯ ᠳᠤ ᠣᠷᠣᠵᠤ ᠡᠵᠡᠩᠨᠡᠯᠲᠡ ᠥᠷᠨᠢᠭᠦᠯᠬᠦ ᠬᠢᠨᠠᠨ ᠵᠥᠪᠰᠢᠶᠡᠷᠡᠯ ᠤᠨ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ ᠬᠢᠵᠠᠭᠠᠷᠯᠠᠬᠤ᠂ ᠵᠠᠬ᠎ᠠ ᠳᠡᠯᠭᠡᠭᠦᠷ ᠢ ᠰᠠᠯᠭᠠᠭᠰᠠᠨ ᠪᠤᠶᠤ ᠠᠵᠤ ᠠᠬᠤᠶᠢᠯᠠᠯ ᠤᠨ ᠳᠠᠷᠤᠭᠠᠰᠤ ᠶᠢ ᠬᠦᠨᠳᠦᠷᠡᠭᠦᠯᠦᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠮᠳᠠᠭᠤᠯᠤᠨ ᠪᠠᠶᠢᠴᠠᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠵᠦ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃      ᠲᠠᠪᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠡᠷᠬᠢᠨ ᠴᠢᠩᠭᠠᠳᠬᠠᠬᠤ ᠪᠤᠢ︖      ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠭᠤᠣᠯ ᠡᠭᠦᠷᠭᠡ ᠪᠣᠯ ᠳᠠᠷᠤᠶ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠠᠪᠤᠳᠠᠯ ᠪᠣᠯᠤᠨ᠎ᠠ᠂ ︽ᠬᠡᠨ ᠬᠢᠨᠠᠨ ᠵᠥᠪᠰᠢᠶᠡᠷᠡᠪᠡᠯ ᠬᠡᠨ ᠬᠢᠨᠠᠨ ᠬᠠᠮᠢᠶᠠᠷᠬᠤ᠂ ᠬᠡᠨ ᠭᠤᠤᠯᠯᠠᠨ ᠬᠠᠮᠢᠶᠠᠷᠪᠠᠯ ᠬᠡᠨ ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ︽ᠬᠡᠷᠡᠭᠵᠢᠭᠦᠯᠬᠦ ᠲᠥᠰᠦᠯ︾ ᠳᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ ᠬᠠᠮᠢᠶᠠᠷᠬᠤ ᠲᠦᠷᠢᠮ ᠢ ᠲᠡᠭᠦᠯᠳᠡᠷᠵᠢᠭᠦᠯᠪᠡ᠃ ᠠᠵᠢᠯ ᠲᠥᠷᠥᠯ ᠤᠨ ᠣᠨᠴᠠᠯᠢᠭ ᠢ ᠦᠨᠳᠦᠰᠦᠯᠡᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ︽ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ ᠢᠯᠡ ᠪᠣᠯᠭᠠᠬᠤ︾ ᠵᠡᠷᠭᠡ ᠣᠯᠠᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠣᠭᠲᠠᠭᠠᠪᠠ᠃ ︽ᠬᠢᠨᠠᠨ ᠵᠥᠪᠰᠢᠶᠡᠷᠡᠬᠦ ᠶᠢ ᠴᠢᠬᠤᠯᠠᠴᠢᠯᠠᠵᠤ ᠬᠢᠨᠠᠨ ᠬᠠᠮᠢᠶᠠᠷᠬᠤ ᠶᠢ ᠬᠥᠩᠭᠡᠪᠴᠢᠯᠡᠬᠦ︾ ᠤᠯᠠᠮᠵᠢᠯᠠᠯᠲᠤ ᠬᠠᠮᠢᠶᠠᠷᠤᠯᠲᠠ ᠶᠢᠨ ᠵᠠᠭᠪᠤᠷ ᠢ ᠬᠦᠴᠦᠯᠡᠨ ᠬᠤᠪᠢᠷᠠᠭᠤᠯᠵᠤ᠂ ᠢᠳᠡᠭ ᠢᠳᠡᠭ ᠢᠶᠠᠷ ︽ᠬᠢᠨᠠᠨ ᠵᠥᠪᠰᠢᠶᠡᠷᠡᠬᠦ ᠶᠢ ᠬᠥᠩᠭᠡᠪᠴᠢᠯᠡᠵᠦ ᠬᠢᠨᠠᠨ ᠬᠠᠮᠢᠶᠠᠷᠬᠤ ᠶᠢ ᠴᠢᠬᠤᠯᠠᠴᠢᠯᠠᠬᠤ︾ ᠪᠣᠯᠭᠠᠨ ᠬᠤᠪᠢᠷᠠᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠴᠢᠩᠭᠠᠷᠠᠭᠤᠯᠤᠨ᠎ᠠ᠃      ᠵᠢᠷᠭᠤᠭ᠎ᠠ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠬᠡᠷᠬᠢᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠪᠣᠶ︖      ᠨᠢᠭᠡ ᠳᠤ᠂ ᠲᠦᠷᠢᠮ ᠤᠨ ᠪᠠᠲᠤᠯᠠᠭ᠎ᠠ ᠶᠢ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ ᠠᠵᠢᠯ ᠤᠨ ᠲᠣᠭᠲᠠᠴᠠ ᠪᠠᠶᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠨᠡᠷ᠎ᠡ ᠳᠣᠤᠷ᠎ᠠ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠳᠤᠭᠤᠶᠢᠯᠠᠩ ᠢ ᠨᠡᠮᠡᠵᠦ ᠪᠠᠶᠢᠭᠤᠯᠬᠤ ᠶᠢ ᠱᠠᠭᠠᠷᠳᠠᠨ᠎ᠠ᠃ ᠡᠭᠦᠨ ᠤ ᠬᠠᠮᠲᠤ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠪᠥᠬᠦ ᠣᠷᠣᠨ ᠤ ᠬᠡᠪᠴᠢᠶᠡᠨ ᠳᠤ ᠬᠡᠷᠡᠭᠵᠢᠭᠦᠯᠦᠭᠰᠡᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠠᠢ ᠤᠶᠠᠯᠳᠤᠨ᠂ ᠥᠭᠡᠷᠡᠴᠢᠯᠡᠯᠲᠡ ᠶᠢᠨ ᠱᠠᠭᠠᠷᠳᠠᠯᠭ᠎ᠠ ᠲᠠᠢ ᠵᠣᠬᠢᠴᠠᠭᠰᠠᠨ ᠬᠠᠤᠯᠢ ᠲᠦᠷᠢᠮ ᠤᠨ ᠪᠠᠲᠤᠯᠠᠭ᠎ᠠ ᠶᠢᠨ ᠲᠦᠷᠢᠮ ᠢ ᠪᠠᠶᠢᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠭᠲᠠᠭᠠᠬᠤ᠂ ᠵᠠᠰᠠᠬᠤ᠂ ᠬᠦᠴᠦᠨ ᠥᠬᠡᠶ ᠪᠣᠯᠭᠠᠬᠤ ᠠᠵᠢᠯ ᠢ ᠲᠦᠷᠭᠡᠬᠡᠨ ᠡᠬᠢᠯᠡᠭᠦᠯᠬᠦ ᠬᠡᠷᠡᠭᠲᠡᠢ᠃      ᠬᠤᠶᠠᠷ ᠲᠤ᠂ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠪ ᠠᠴᠠ ᠲᠣᠭᠲᠠᠭᠠᠭᠰᠠᠨ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠲᠠᠯ᠎ᠠ ᠠᠴᠠ ᠲᠣᠭᠲᠠᠭᠠᠭᠰᠠᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠲᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠪᠣᠳᠠᠲᠠᠶ ᠠᠷᠭ᠎ᠠ ᠶᠢ ᠵᠦᠢᠯ ᠳᠠᠷᠠᠭᠠᠯᠠᠨ ᠨᠠᠷᠢᠯᠢᠬᠵᠢᠭᠤᠯᠵᠤ᠂ ᠲᠣᠭᠲᠠᠭᠠᠭᠰᠠᠨ ᠨᠠᠷᠢᠯᠢᠭ ᠲᠥᠰᠥᠯ ᠢᠶᠠᠨ 2021 ᠣᠨ ᠤ 7 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠶ ᠭᠡᠵᠦ ᠱᠠᠭᠠᠷᠳᠠᠪᠠ᠃      ᠭᠤᠷᠪᠠ ᠳᠤ᠂ ᠤᠬᠠᠭᠤᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠪᠠ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ᠨᠡᠩ ᠣᠯᠠᠨ ᠠᠵᠤ ᠠᠬᠤᠶᠢᠯᠠᠯ ᠳᠤ ᠥᠭᠡᠷᠡᠴᠢᠯᠡᠯᠲᠡ ᠶᠢ ᠣᠶᠢᠯᠠᠭᠠᠭᠤᠯᠵᠤ᠂ ᠥᠭᠡᠷᠡᠴᠢᠯᠡᠯᠲᠡ ᠳᠤ ᠣᠷᠣᠯᠴᠠᠭᠤᠯᠵᠤ᠂ ᠥᠭᠡᠷᠡᠴᠢᠯᠡᠯᠲᠡ ᠶᠢ ᠬᠠᠮᠲᠤ ᠪᠠᠷ ᠠᠬᠢᠭᠤᠯᠵᠤ᠂ ᠥᠭᠡᠷᠡᠴᠢᠯᠡᠯᠲᠡ ᠶᠢᠨ ᠠᠰᠢᠭ ᠢ ᠭᠦᠢᠴᠡᠳ ᠡᠳ᠋ᠯᠡᠭᠦᠯᠬᠦ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ