ᠬᠥᠬᠡᠬᠤᠲᠠ ᠰᠢᠨ᠎ᠡ ᠲᠥᠷᠥ ᠶᠢᠨ ᠪᠣᠳᠣᠯᠭ᠎ᠠ ᠨᠡᠶᠢᠲᠡᠯᠡᠵᠦ ᠴᠢᠳᠠᠪᠤᠷᠢᠲᠠᠳ ᠢ ᠥᠷᠭᠡᠨ ᠢᠶᠠᠷ ᠤᠷᠢᠬᠤ ᠪᠠᠷ ᠪᠤᠢ
ᠨᠡᠶᠢᠲᠡᠯᠡᠭᠰᠡᠨ ᠴᠠᠭ᠄
2021/7/16

     7 ᠳ᠋ᠤᠭᠠᠷ ᠰᠠᠷ᠎ᠠ ᠶᠢᠨ 14 ᠤ ᠡᠳᠦᠷ᠂ ᠬᠥᠬᠡᠬᠤᠲᠠ ᠶᠢᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂

︽ᠬᠥᠬᠡᠬᠤᠲᠠ ᠶᠢᠨ ᠴᠢᠳᠠᠪᠤᠷᠢᠲᠠᠳ ᠢ ᠤᠷᠢᠬᠤ ᠲᠥᠷᠥ ᠶᠢᠨ ᠪᠣᠳᠣᠯᠭ᠎ᠠ 10 ᠵᠤᠷᠪᠤᠰ ︵ᠲᠤᠷᠰᠢᠨ ᠬᠡᠷᠡᠭᠵᠢᠭᠦᠯᠬᠦ︶︾ ᠢ ᠨᠢᠭᠡᠨᠲᠡ ᠵᠢᠩᠬᠢᠨᠢ ᠪᠠᠷ ᠳᠠᠷᠤᠮᠠᠯᠯᠠᠨ ᠲᠠᠷᠬᠠᠭᠠᠨ᠂ ᠳᠡᠯᠡᠬᠡᠶ ᠳ᠋ᠠᠬᠢᠨ ᠤ ᠴᠢᠳᠠᠪᠤᠷᠢᠲᠠᠨ ᠢ ᠥᠷᠭᠡᠨ ᠢᠶᠠᠷ ᠭᠥᠯᠢᠶᠡᠨ ᠠᠪᠴᠤ᠂ ᠡᠯ᠎ᠡ ᠲᠠᠯ᠎ᠠ ᠶᠢᠨ ᠴᠢᠳᠠᠪᠤᠷᠢᠲᠠᠳ ᠬᠥᠬᠡᠬᠤᠲᠠᠨ᠎ᠠ ᠮᠣᠷᠢᠯᠠᠨ ᠢᠷᠡᠵᠦ ᠠᠪᠢᠶᠠᠰ ᠴᠢᠳᠠᠪᠤᠷᠢ ᠪᠠᠨ ᠪᠠᠳᠠᠷᠠᠭᠤᠯᠤᠨ᠂ ᠠᠳᠠᠯ ᠦᠶᠯᠡᠰ ᠢᠶᠠᠨ ᠴᠣᠭᠴᠠᠯᠠᠬᠤ ᠶᠢ ᠤᠷᠢᠵᠠᠢ᠃
     ᠬᠥᠬᠡᠬᠤᠲᠠ ᠶᠢᠨ ᠴᠢᠳᠠᠪᠤᠷᠢᠲᠠᠳ ᠢ ᠤᠷᠢᠬᠤ ᠲᠥᠷᠥ ᠶᠢᠨ ᠪᠣᠳᠣᠯᠭ᠎ᠠ 10 ᠵᠤᠷᠪᠤᠰ ᠲᠤ᠄ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠳ ᠢ ᠤᠷᠢᠨ ᠴᠤᠭᠯᠠᠷᠠᠭᠤᠯᠬᠤ᠂ ᠠᠵᠢᠯ ᠦᠶᠯᠡᠰ ᠤᠨ ᠬᠥᠭᠵᠢᠯᠲᠡ ᠶᠢᠨ ᠲᠠᠪᠴᠠᠩ ᠪᠠᠶᠢᠭᠤᠯᠬᠤ ᠶᠢ ᠳᠡᠮᠵᠢᠬᠦ᠂ ᠠᠵᠤ ᠠᠬᠤᠶᠢᠯᠠᠯ ᠤᠨ ᠴᠢᠳᠠᠪᠤᠷᠢᠲᠠᠳ ᠡᠯᠰᠡᠨ ᠴᠢᠳᠠᠪᠤᠷᠢᠲᠠᠳ ᠢ ᠬᠥᠮᠦᠵᠢᠭᠦᠯᠬᠦ ᠶᠢ ᠳᠡᠮᠵᠢᠬᠦ᠂ ᠶᠡᠷᠦᠩᠬᠡᠶ ᠬᠡᠯᠲᠡᠰ ᠤᠨ ᠠᠵᠤ ᠠᠬᠤᠶᠢᠯᠠᠯ᠂ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ᠂ ᠤᠶᠤᠲᠠᠳ ᠤᠨ ᠬᠥᠬᠡᠬᠤᠲᠠ ᠳᠤ ᠠᠵᠢᠯ ᠣᠯᠵᠤ ᠠᠳᠠᠯ ᠦᠶᠯᠡᠰ ᠴᠣᠭᠴᠠᠯᠠᠬᠤ ᠶᠢ ᠤᠷᠢᠬᠤ᠂ ᠨᠤᠲᠤᠭ ᠤᠨ ᠴᠢᠳᠠᠪᠤᠷᠢᠲᠠᠳ ᠨᠤᠲᠤᠭ ᠲᠤ ᠪᠠᠨ ᠢᠷᠡᠵᠦ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠶᠢ ᠤᠷᠢᠬᠤ᠂ ᠴᠢᠳᠠᠪᠤᠷᠢᠲᠠᠨ ᠢ ᠤᠷᠢᠨ ᠠᠪᠴᠢᠷᠠᠬᠤ ︽ᠰᠢᠭᠤᠳ ᠨᠡᠪᠲᠡᠷᠡᠬᠦ ᠲᠡᠷᠭᠡ︾ ᠶᠢᠨ ᠲᠣᠭᠲᠠᠴᠠ ᠶᠢ ᠪᠠᠶᠢᠭᠤᠯᠬᠤ᠂ ᠣᠷᠣᠨ ᠰᠠᠭᠤᠴᠠ ᠶᠢᠨ ᠪᠥᠬᠦ ᠲᠠᠯ᠎ᠠ ᠶᠢᠨ ᠪᠠᠲᠤᠯᠠᠭ᠎ᠠ ᠬᠠᠩᠭᠠᠬᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠳ ᠲᠤ ᠪᠥᠬᠦ ᠲᠠᠯ᠎ᠠ ᠶᠢᠨ ᠦᠶᠯᠡᠴᠢᠯᠡᠭᠡ ᠬᠠᠩᠭᠠᠬᠤ᠂ ᠬᠥᠬᠡᠬᠤᠲᠠ ᠳᠤ ᠰᠠᠭᠤᠭ᠎ᠠ ᠪᠠᠶᠢᠭᠤᠯᠤᠮᠵᠢ ᠵᠢᠴᠢ ᠴᠢᠳᠠᠪᠤᠷᠢᠲᠠᠳ ᠲᠤ ᠦᠶᠯᠡᠴᠢᠯᠡᠭᠡ ᠬᠠᠩᠭᠠᠬᠤ ᠵᠡᠷᠭᠡ ᠶᠢ ᠪᠠᠭᠲᠠᠭᠠᠨ᠎ᠠ᠃
     ᠲᠣᠰ ᠲᠥᠷᠥ ᠶᠢᠨ ᠪᠣᠳᠣᠯᠭ᠎ᠠ ᠨᠢ ᠬᠠᠮᠤᠭ ᠤᠨ ᠬᠥᠴᠦᠲᠡᠢ ᠪᠠᠯᠠ ᠮᠥᠩᠭᠦ ᠶᠢᠨ ᠳᠡᠮᠵᠢᠯᠭᠡ ᠪᠠ ᠱᠠᠩᠨᠠᠯ ᠣᠯᠭᠤᠨ᠎ᠠ᠄ ᠨᠥᠬᠦᠴᠡᠯ ᠳᠤ ᠨᠡᠶᠢᠴᠡᠬᠦ ᠦᠶᠯᠡᠰ ᠴᠣᠭᠴᠠᠯᠠᠬᠤ ᠴᠢᠳᠠᠪᠤᠷᠢᠲᠠᠳ ᠬᠠᠮᠤᠭ ᠤᠨ ᠥᠨᠳᠥᠷ ᠲᠤ ᠪᠠᠨ 50 ᠲᠦᠮᠡᠨ ᠲᠥᠭᠦᠷᠢᠭ ᠤᠨ ᠦᠶᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠵᠤ ᠪᠣᠯᠤᠨ᠎ᠠ︔ ᠵᠢᠵᠢᠭ ᠪᠢᠴᠢᠯ ᠠᠵᠤ ᠠᠬᠤᠶᠢᠯᠠᠯ ᠨᠢ ᠬᠠᠮᠤᠭ ᠤᠨ ᠥᠨᠳᠥᠷ ᠲᠤ ᠪᠠᠨ 300 ᠲᠦᠮᠡᠨ ᠲᠥᠭᠦᠷᠢᠭ ᠤᠨ ᠦᠶᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠵᠤ ᠪᠣᠯᠤᠨ᠎ᠠ᠂ ᠬᠥᠭᠵᠢᠯᠲᠡ ᠶᠢᠨ ᠢᠷᠡᠭᠡᠳᠦᠶ ᠲᠠᠢ᠂ ᠠᠵᠢᠯ ᠣᠯᠭᠤᠯᠲᠠ ᠶᠢ ᠳᠠᠶᠢᠴᠢᠯᠠᠬᠤ ᠬᠥᠮᠦᠨ ᠤ ᠲᠤᠭ᠎ᠠ ᠨᠢ ᠨᠡᠯᠢᠶᠡᠳ ᠣᠯᠠᠨ ᠪᠠᠶᠢᠪᠠᠯ᠂ ᠮᠠᠭᠠᠳᠯᠠᠯᠲᠠ ᠪᠠᠷ ᠳᠠᠮᠵᠢᠨ ᠬᠠᠮᠤᠭ ᠤᠨ ᠥᠨᠳᠥᠷ ᠲᠤ ᠪᠠᠨ 600 ᠲᠦᠮᠡᠨ ᠲᠥᠭᠦᠷᠢᠭ ᠤᠨ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠵᠤ ᠪᠣᠯᠤᠨ᠎ᠠ᠃ ᠰᠤᠷᠭᠠᠭᠤᠯᠢ ᠲᠡᠭᠦᠰᠦᠭᠡᠳ 5 ᠵᠢᠯ ᠪᠣᠯᠵᠤ ᠪᠠᠶᠢᠭ᠎ᠠ ᠤᠶᠤᠲᠠᠳ ᠰᠢᠨ᠎ᠡ ᠶᠢ ᠡᠭᠦᠳᠬᠦ ᠠᠵᠤ ᠠᠬᠤᠶᠢᠯᠠᠯ ᠡᠭᠦᠳᠦᠨ ᠪᠠᠶᠢᠭᠤᠯᠬᠤ ᠳᠤ᠂ ᠬᠢᠨᠠᠨ ᠲᠣᠭᠲᠠᠭᠠᠬᠤ ᠪᠠᠷ ᠳᠡᠮᠵᠢᠨ ᠬᠠᠮᠤᠭ ᠤᠨ ᠥᠨᠳᠥᠷ ᠲᠤ ᠪᠠᠨ 20 ᠲᠦᠮᠡᠨ ᠲᠥᠭᠦᠷᠢᠭ ᠤᠨ ᠲᠥᠯᠥᠪᠦᠷᠢ ᠥᠬᠡᠶ ᠲᠤᠰᠠᠯᠠᠮᠵᠢ ᠦᠵᠡᠭᠦᠯᠦᠨ᠎ᠡ᠃ ᠤᠶᠤᠲᠠᠳ ᠤᠨ ᠬᠥᠬᠡᠬᠤᠲᠠ ᠳᠤ ᠠᠵᠢᠯ ᠣᠯᠬᠤ ᠶᠢ ᠳᠡᠮᠵᠢᠨ᠂ ᠪᠦᠬᠦ ᠬᠤᠲᠠ ᠶᠢᠨ ᠣᠨᠴᠠᠯᠢᠭᠲᠤ ᠳᠠᠪᠠᠭᠤᠯᠢᠭ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠠᠵᠤ ᠠᠬᠤᠶᠢᠯᠠᠯ ᠳᠤ ᠰᠢᠨ᠎ᠡ ᠪᠠᠷ ᠤᠷᠢᠭᠳᠠᠭᠰᠠᠨ ᠴᠢᠳᠠᠪᠤᠷᠢᠲᠠᠳ ᠠᠵᠤ ᠠᠬᠤᠶᠢᠯᠠᠯ ᠯᠤᠭ᠎ᠠ 5 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠤᠭᠲᠠᠭᠰᠠᠨ ᠪᠣᠯ᠂ ᠨᠢᠭᠡ ᠵᠢᠯ ᠤᠨ ᠳᠠᠷᠠᠭ᠎ᠠ ᠳ᠋ᠣᠺᠲ᠋ᠣᠷ ᠲᠤ 5 ᠲᠦᠮᠡᠨ ᠲᠥᠭᠦᠷᠢᠭ᠂ ᠠᠰᠫᠢᠷᠠᠨᠲ ᠲᠤ 2 ᠲᠦᠮᠡᠨ ᠲᠥᠭᠦᠷᠢᠭ ᠤᠨ ᠴᠢᠳᠠᠪᠤᠷᠢᠲᠠᠨ ᠤ ᠱᠠᠩᠨᠠᠯ ᠢ ᠨᠢᠭᠡ ᠯᠡ ᠤᠳᠠᠭ᠎ᠠ ᠳᠤ ᠣᠯᠭᠤᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠶᠢᠨ ᠲᠤᠰ ᠵᠢᠯ ᠲᠡᠭᠦᠰᠦᠭᠰᠡᠨ ᠪᠤᠶᠤ ᠲᠡᠭᠦᠰᠦᠭᠡᠳ 2 ᠵᠢᠯ ᠤᠨ ᠳᠣᠲᠣᠷ᠎ᠠ ᠠᠵᠢᠯ ᠣᠯᠤᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠨ ᠡᠯᠰᠡᠬᠦ ᠶᠢ ᠨᠢ ᠳᠡᠮᠵᠢᠵᠦ᠂ ᠠᠵᠤ ᠠᠬᠤᠶᠢᠯᠠᠯ ᠨᠢ ᠬᠠᠤᠯᠢ ᠶᠣᠰᠣᠭᠠᠷ ᠨᠢᠭᠡ ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠰᠠᠨ ᠮᠥᠷᠲᠡᠭᠡᠨ ᠨᠡᠶᠢᠭᠡᠮ ᠤᠨ ᠳᠠᠭᠠᠳᠬᠠᠯ ᠢ ᠨᠢ ᠲᠤᠰᠢᠶᠠᠭᠰᠠᠨ ᠪᠤᠯ ᠠᠵᠤ ᠠᠬᠤᠶᠢᠯᠠᠯ ᠰᠢᠨ᠎ᠡ ᠪᠠᠷ 1 ᠬᠥᠮᠦᠨ ᠤᠷᠢᠬᠤ ᠪᠦᠷᠢ 2000 ᠲᠥᠭᠦᠷᠢᠭ ᠤᠨ ᠱᠠᠩᠨᠠᠯ ᠣᠯᠭᠤᠨ᠎ᠠ᠃
     ᠡᠲᠡᠭᠡᠷ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠤᠯᠠᠳᠠ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠬᠡᠷᠡᠭᠵᠢᠭᠦᠯᠬᠦ ᠠᠷᠭ᠎ᠠ ᠪᠠ ᠠᠵᠢᠯᠯᠠᠭᠤᠯᠬᠤ ᠨᠠᠷᠢᠨ ᠲᠦᠷᠢᠮ ᠢ ᠢᠵᠢ ᠪᠦᠷᠢᠳᠦᠭᠦᠯᠵᠦ᠂ ᠡᠯ᠎ᠡ ᠲᠠᠯ᠎ᠠ ᠶᠢᠨ ᠴᠢᠳᠠᠪᠤᠷᠢᠲᠠᠳ ᠤᠨ ᠬᠥᠬᠡᠬᠤᠲᠠ ᠳᠤ ᠠᠵᠢᠯᠯᠠᠵᠤ ᠠᠮᠢᠳᠤᠷᠠᠬᠤ ᠳᠤ ᠲᠤᠯᠭᠠᠷᠠᠭᠰᠠᠨ ᠬᠦᠴᠢᠷ ᠠᠰᠠᠭᠤᠳᠠᠯ ᠢ ᠨᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ ᠥᠭᠭᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ