ᠡᠨᠡ ᠵᠢᠯ ᠰᠢᠯᠢ ᠶᠢᠨ ᠭᠤᠤᠯ ᠠᠶᠢᠮᠠᠭ 10 ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ᠂ ᠪᠥᠲᠥᠭᠡᠨ | ᠪᠠᠶᠢᠭᠤᠯᠤᠯᠲᠠ ᠶᠢᠨ ᠬᠡᠪᠴᠢᠶ᠎ᠡ 877 ᠺᠢᠯᠣᠮᠧᠲᠷ ᠲᠤ ᠬᠦᠷᠦᠨ᠎ᠡ᠃ | ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠳᠤ ᠦᠷ᠎ᠡ ᠪᠦᠲᠦᠮᠵᠢ ᠤᠯᠬᠤ ᠶᠢ ᠲᠦᠷᠭᠡᠳᠬᠡᠬᠦ ᠶᠢᠨ ᠲᠤᠰᠠᠳᠠ᠂ | ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠲᠥᠷᠭᠡᠳᠬᠡᠬᠦ ᠪᠠᠷ ᠪᠣᠢ᠃ ︽ᠨᠢᠭᠡᠳᠦᠭᠡᠷ ᠭᠠᠷ︾ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠬᠤ᠂ ᠬᠤᠪᠢᠳᠠᠨ ᠬᠠᠮᠢᠶᠠᠷᠴᠤ ᠪᠥᠬᠦᠶ | ᠤᠳᠤᠷᠢᠳᠤᠯᠭ᠎ᠠ ᠪᠣᠳᠠᠲᠠᠶ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠨ ᠪᠠᠯᠠ ᠣᠷᠣᠭᠤᠯᠤᠯᠲᠠ᠂ ᠠᠬᠢᠴᠠ᠂ ᠶᠠᠰᠤ ᠴᠢᠨᠠᠷ᠂ ᠠᠮᠤᠷ | ᠲᠦᠪᠰᠢᠨ ᠵᠡᠷᠭᠡ ᠪᠠᠶᠢᠳᠠᠯ ᠢ ᠴᠠᠭ ᠲᠤᠬᠠᠶ ᠳᠤ ᠨᠢ ᠡᠵᠡᠮᠰᠢᠨ ᠮᠠᠭᠠᠳᠯᠠᠵᠤ᠂ ᠲᠤᠰᠬᠠᠶ ᠰᠡᠳᠦᠪ ᠢᠶᠠᠷ ᠰᠤᠳᠤᠯᠬᠤ᠂ ᠲᠥᠷᠥᠯ ᠬᠤᠪᠢᠶᠠᠨ ᠵᠣᠬᠢᠴᠠᠭᠤᠯᠬᠤ᠂ ᠲᠥᠷᠥᠯ | ᠵᠦᠢᠯ ᠢ ᠠᠬᠢᠭᠤᠯᠬᠤ ᠶᠠᠪᠤᠴᠠ ᠳᠠᠬᠢ ᠠᠰᠠᠭᠤᠳᠠᠯ ᠪᠠ ᠬᠦᠴᠢᠷᠳᠡᠯ ᠢ ᠱᠠᠲᠤ ᠬᠤᠪᠢᠶᠠᠨ ᠰᠢᠢᠳᠪᠦᠷᠢᠯᠡᠨ᠎ᠡ᠃ ᠡᠯ᠎ᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠪᠠᠷᠢᠯᠭ᠎ᠠ ᠶᠢᠨ ᠠᠵᠢᠯ ᠤᠨ ᠵᠣᠬᠢᠶᠠᠨ | ᠪᠠᠶᠢᠭᠤᠯᠤᠯᠲᠠ ᠶᠢ ᠨᠠᠷᠢᠯᠢᠬᠵᠢᠭᠤᠯᠤᠨ᠂ ᠲᠥᠷᠥᠯ ᠵᠦᠢᠯ ᠪᠦᠷᠢ ᠳᠤ ᠭᠠᠷᠠᠭ ᠤᠨ ᠠᠬᠢᠴᠠ᠂ ᠠᠷᠪᠠᠨ ᠡᠳᠦᠷ ᠤᠨ ᠠᠬᠢᠴᠠ᠂ ᠰᠠᠷ᠎ᠠ ᠶᠢᠨ ᠠᠬᠢᠴᠠ ᠶᠢ | ᠲᠣᠭᠲᠠᠭᠠᠬᠤ ᠶᠢᠨ ᠬᠠᠮᠲᠤ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠭᠠᠷᠠᠭ ᠢᠶᠠᠷ ᠰᠠᠷ᠎ᠠ ᠶᠢ ᠪᠠᠲᠤᠯᠠᠵᠤ᠂ ᠰᠠᠷ᠎ᠠ ᠪᠠᠷ ᠤᠯᠠᠷᠢᠯ ᠢ ᠪᠠᠲᠤᠯᠠᠵᠤ᠂ ᠤᠯᠠᠷᠢᠯ ᠢᠶᠠᠷ ᠵᠢᠯ ᠢ | ᠪᠠᠲᠤᠯᠠᠬᠤ ᠶᠢᠨ ᠬᠠᠮᠲᠤ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ | ᠴᠢᠨᠠᠷᠯᠢᠭ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠡᠯ᠎ᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠬᠦᠴᠢᠷᠳᠡᠯ ᠪᠠ ᠲᠦᠭᠵᠢᠷᠡᠯ ᠳᠤ ᠴᠢᠭᠯᠡᠭᠦᠯᠦᠨ᠂ ︽ᠨᠢᠭᠡ ᠵᠠᠮ ᠳᠤ ᠨᠢᠭᠡ ᠪᠣᠳᠣᠯᠭ᠎ᠠ | ᠠᠪᠬᠤ︾ ᠰᠡᠳᠬᠢᠮᠵᠢ ᠪᠠᠷ ᠰᠢᠢᠳᠪᠦᠷᠢᠯᠡᠬᠦ ᠲᠥᠰᠦᠯ ᠢ ᠰᠤᠳᠤᠯᠤᠨ ᠲᠣᠭᠲᠠᠭᠠᠵᠤ ᠪᠤᠢ᠃ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ | ᠵᠠᠰᠠᠭ ᠤᠨ ᠣᠷᠳᠣᠨ ᠪᠣᠯᠤᠨ ᠬᠥᠭᠵᠢᠭᠦᠯᠦᠯᠲᠡ ᠥᠭᠡᠷᠡᠴᠢᠯᠡᠯᠲᠡ᠂ ᠤᠯᠤᠰ ᠤᠨ ᠭᠠᠵᠠᠷ ᠰᠢᠷᠣᠶ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠤᠨ ᠨᠡᠪᠲᠡᠷᠡᠯᠴᠡᠬᠦ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠳᠡᠨ ᠢᠶᠠᠷ ᠤᠶᠢᠯᠠᠭᠠᠨ ᠳᠡᠮᠵᠢᠭᠦᠯᠵᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠ ᠡᠮᠦᠨᠡᠬᠢ ᠬᠤᠭᠤᠴᠠᠭᠠᠨ ᠤ | ᠬᠢᠨᠠᠨ ᠵᠥᠪᠰᠢᠶᠡᠷᠡᠬᠦ ᠵᠦᠢᠯᠡᠰ ᠢ ᠲᠦᠷᠭᠡᠨ ᠪᠥᠭᠡᠳ ᠡᠮᠬᠢ ᠵᠢᠷᠤᠮ ᠲᠠᠢ ᠠᠬᠢᠭᠤᠯᠵᠤ ᠪᠤᠢ᠃ ᠡᠭᠦᠨ ᠳᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢ | ᠵᠣᠬᠢᠴᠠᠭᠤᠯᠵᠤ ᠪᠠᠶᠢᠭᠠᠳ ᠦᠷᠭᠦᠯᠵᠢᠯᠡᠨ ︽ᠳᠤᠲᠠᠭᠤ ᠶᠢ ᠪᠠᠭᠲᠠᠭᠠᠬᠤ︾ ᠠᠷᠭ᠎ᠠ ᠮᠠᠶ᠋ᠢᠭ ᠢᠶᠠᠷ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ ᠭᠠᠵᠠᠷ | ᠬᠡᠷᠡᠭᠯᠡᠬᠦ ᠭᠠᠷᠳᠠᠮ ᠢ ᠭᠥᠯᠢᠶᠡᠨ ᠠᠪᠴᠤ ᠰᠢᠢᠳᠪᠦᠷᠢᠯᠡᠵᠦ᠂ ᠣᠶ ᠰᠢᠭᠤᠶ ᠡᠪᠡᠰᠦ ᠪᠡᠯᠴᠢᠭᠡᠷ ᠢ ᠬᠢᠨᠠᠨ ᠵᠥᠪᠰᠢᠶᠡᠷᠡᠬᠦ ᠵᠡᠷᠭᠡ ᠠᠵᠢᠯ ᠢ ᠵᠡᠷᠭᠡ ᠪᠠᠷ ᠥᠷᠨᠢᠭᠦᠯᠵᠦ᠂ | ᠲᠥᠷᠥᠯ ᠵᠦᠢᠯ ᠤᠨ ᠤᠷᠤᠭᠰᠢᠲᠠᠶ ᠠᠵᠢᠯ ᠡᠬᠢᠯᠡᠬᠦ ᠳᠤ ᠲᠤᠯᠭᠠᠭᠤᠷᠢᠯᠠᠯ ᠬᠠᠩᠭᠠᠬᠤ ᠪᠠᠷ ᠪᠤᠢ᠃ | ᠲᠥᠷᠥᠯ ᠵᠦᠢᠯ ᠤᠨ ᠱᠠᠲᠤ ᠦᠶ᠎ᠡ ᠶᠢᠨ ᠴᠢᠨᠠᠷᠲᠠᠶ ᠠᠬᠢᠴᠠ ᠳᠤ ᠴᠢᠬᠤᠯᠠ ᠪᠥᠬᠦᠶ ᠪᠠᠯᠠ ᠮᠥᠩᠭᠦ ᠳᠤ ᠴᠢᠭᠯᠡᠭᠦᠯᠦᠨ᠂ ᠮᠥᠩᠭᠦ ᠬᠡᠷᠡᠭᠯᠡᠬᠦ ᠨᠠᠷᠢᠨ | ᠲᠥᠯᠥᠪᠯᠡᠭᠡ ᠶᠢ ᠤᠷᠢᠳᠴᠢᠯᠠᠨ ᠲᠣᠭᠲᠠᠭᠠᠨ᠎ᠠ᠃ ᠡᠩ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠬᠠᠷᠢᠶ᠎ᠠ ᠭᠠᠵᠠᠷ ᠤᠨ ᠭᠠᠶᠢᠯᠢ ᠰᠦᠢᠳᠬᠡᠯ ᠢ ᠪᠤᠴᠠᠭᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠠᠷᠭ᠎ᠠ ᠵᠠᠮ ᠢᠶᠠᠷ ᠣᠷᠣᠨ ᠨᠤᠲᠤᠭ ᠤᠨ ᠢᠵᠢ ᠪᠥᠷᠢᠳᠦᠭᠦᠯᠬᠦ ᠪᠠᠯᠠ ᠮᠥᠩᠭᠦ ᠶᠢ ᠴᠤᠭᠯᠠᠭᠤᠯᠬᠤ ᠪᠠᠷ ᠴᠢᠷᠮᠠᠶᠢᠨ᠎ᠠ᠃ ᠠᠷᠤ | ᠨᠠᠭᠤᠷ — ᠤᠯᠢᠶᠠᠰᠤᠲᠠᠢ ᠵᠡᠷᠭᠡ ᠲᠦᠷᠦᠯ ᠵᠦᠢᠯ ᠳᠤ ᠳᠡᠭᠡᠳᠦ ᠱᠠᠲᠤᠨ ᠠᠴᠠ ᠨᠥᠬᠦᠪᠥᠷᠢ ᠪᠡᠯᠡ ᠮᠥᠩᠭᠦ ᠶᠢ ᠨᠢᠭᠡᠨᠲᠡ ᠪᠠᠭᠤᠯᠭᠠᠭᠰᠠᠨ ᠪᠣᠳᠠᠲᠠᠢ ᠪᠠᠶᠢᠳᠠᠯ ᠳᠤ | ᠴᠢᠭᠯᠡᠭᠦᠯᠦᠨ᠂ ᠬᠠᠭᠤᠴᠢᠨ ᠵᠠᠮ ᠤᠨ ᠠᠰᠢᠭᠯᠠᠯᠲᠠ ᠶᠢᠨ ᠬᠡᠰᠡᠭ᠂ ᠡᠵᠡᠮᠳᠡᠯ ᠤᠨ ᠴᠢᠨᠠᠷᠲᠠᠢ ᠪᠠᠷᠢᠯᠭ᠎ᠠ ᠶᠢ ᠤᠷᠢᠳᠠᠪᠠᠷ ᠡᠬᠢᠯᠡᠭᠦᠯᠵᠦ᠂ ᠬᠡᠮᠬᠡᠳᠡᠭ ᠴᠢᠯᠠᠭᠤ ᠴᠤᠭᠯᠠᠭᠤᠯᠬᠤ | ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠠᠵᠢᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠮᠥᠩᠭᠦ ᠦᠯᠡᠳᠡᠭᠳᠡᠬᠦ | ᠲᠦᠭᠰᠢᠭᠦᠷᠢ ᠠᠴᠠ ᠵᠠᠶᠢᠯᠠᠰᠬᠢᠨ᠎ᠡ᠃ | 6 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠪᠥᠬᠦ ᠠᠶᠢᠮᠠᠭ ᠵᠠᠮ ᠬᠠᠷᠢᠯᠴᠠᠭᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ 1.25 | ᠳ᠋ᠦᠩᠰᠢᠭᠤᠷ ᠲᠥᠭᠦᠷᠢᠭ ᠪᠡᠶᠡᠯᠡᠭᠦᠯᠵᠡᠶ᠃ |