ᠪᠦᠬᠦ ᠣᠷᠣᠨ ᠤ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/16
      7 ᠳ᠋ᠤᠭᠠᠷ ᠰᠠᠷ᠎ᠠ ᠶᠢᠨ 13 ᠤ ᠡᠳᠦᠷ᠂ ᠪᠥᠬᠦ ᠣᠷᠣᠨ ᠤ ᠠᠩᠬᠠᠳᠤᠭᠠᠷ ᠤᠳᠠᠭ᠎ᠠ ᠶᠢᠨ ᠪᠥᠬᠦ ᠤᠯᠤᠰ ᠤᠨ ᠪᠠᠶᠢᠭᠠᠯᠢ ᠶᠢᠨ ᠭᠠᠶ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠢ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠳᠤ ᠬᠤᠷᠠᠯᠳᠤᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠶᠢᠨ ᠠᠵᠢᠯ ᠤᠨ ᠲᠤᠷᠰᠢᠯᠭ᠎ᠠ ᠪᠠᠨ ᠰᠣᠯᠢᠯᠴᠠᠵᠤ᠂ ᠪᠥᠬᠦ ᠣᠷᠣᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠤ ᠴᠣᠬᠤᠯᠠᠪᠤᠷᠢ ᠶᠢᠨ ᠱᠠᠭᠠᠷᠳᠠᠯᠭ᠎ᠠ ᠪᠣᠯᠤᠨ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ ᠵᠡᠷᠭᠡ 3 ᠲᠤᠷᠰᠢᠯᠲᠠ ᠶᠢᠨ ᠭᠠᠵᠠᠷ ᠣᠷᠣᠨ ᠠᠵᠢᠯ ᠤᠨ ᠲᠤᠷᠰᠢᠯᠭ᠎ᠠ ᠪᠠ ᠠᠷᠭ᠎ᠠ ᠬᠢᠳᠡᠯ ᠢᠶᠠᠨ ᠬᠤᠪᠢᠶᠠᠯᠴᠠᠵᠤ᠂ ᠥᠪᠡᠷᠲᠡᠭᠡᠨ ᠵᠠᠰᠠᠬᠤ ᠣᠷᠣᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠪᠥᠬᠦ ᠣᠷᠣᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠡᠯᠡᠵᠦ᠂ ᠠᠰᠠᠭᠤᠳᠠᠯ ᠢ ᠵᠠᠳᠠᠯᠤᠨ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠳᠤᠷᠠᠳᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠷᠰᠢᠯᠲᠠ ᠶᠢᠨ ᠭᠠᠵᠠᠷ ᠣᠷᠣᠨ ᠤ ᠲᠤᠷᠰᠢᠯᠭ᠎ᠠ ᠪᠣᠯᠤᠨ ᠠᠷᠭ᠎ᠠ ᠪᠠᠷ ᠲᠣᠯᠢᠯᠠᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠬᠠᠶᠢᠨ ᠰᠦᠪᠡᠭᠴᠢᠯᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠦᠵᠡᠯ ᠲᠠᠨᠢᠯᠲᠠ ᠪᠠᠨ ᠭᠦᠨᠵᠡᠭᠡᠶᠢᠷᠡᠭᠦᠯᠵᠦ᠂ ᠡᠮᠦᠨᠡᠬᠢ ᠬᠤᠭᠤᠴᠠᠭᠠᠨ ᠤ ᠲᠤᠷᠰᠢᠯᠭ᠎ᠠ ᠪᠠᠨ ᠳ᠋ᠦᠩᠨᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠦ ᠪᠠᠨ ᠬᠠᠮᠲᠤᠳᠬᠠᠨ ᠰᠢᠪᠲᠤᠯᠤᠯᠲᠠ ᠬᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃      ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠣᠷᠣᠨ ᠤ 12 ᠠᠶᠢᠮᠠᠭ ᠬᠤᠲᠠ᠂ 103 ᠬᠤᠰᠢᠭᠤ ᠰᠢᠶᠠᠨ ︵ᠬᠤᠲᠠ᠂ ᠲᠣᠭᠤᠷᠢᠭ︶ ᠴᠥᠮ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠬᠡᠷ ᠪᠠᠶᠢᠭᠤᠯᠵᠤ᠂ ᠡᠯ᠎ᠡ ᠠᠶᠢᠮᠠᠭ ᠬᠤᠲᠠ ᠤᠳᠤᠷᠢᠳᠬᠤ ᠳᠤᠭᠤᠶᠢᠯᠠᠩ ᠤᠨ ᠬᠤᠷᠠᠯ ᠢ ᠨᠡᠶᠢᠲᠡ 12 ᠤᠳᠠᠭ᠎ᠠ ᠬᠤᠷᠠᠯᠳᠤᠭᠤᠯᠵᠤ᠂ ᠲᠣᠰ ᠭᠠᠵᠠᠷ ᠣᠷᠣᠨ ᠤ ᠪᠠᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠥᠷᠨᠢᠯᠲᠡ ᠶᠢ ᠠᠬᠢᠭᠤᠯᠬᠤ ᠶᠢ ᠰᠤᠳᠤᠯᠪᠠ᠃ 7 ᠳ᠋ᠤᠭᠠᠷ ᠰᠠᠷ᠎ᠠ ᠶᠢᠨ 9 ᠤ ᠡᠳᠦᠷ ᠪᠣᠯᠲᠠᠯ᠎ᠠ᠂ 12 ᠠᠶᠢᠮᠠᠭ ᠬᠤᠲᠠ ᠲᠣᠰ ᠱᠠᠲᠤᠨ ᠤ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ ᠤᠨ ᠡᠬᠡ ᠨᠣᠤᠷᠠᠭ ᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠵᠦ᠂ ᠡᠯ᠎ᠡ ᠠᠶᠢᠮᠠᠭ ᠬᠤᠲᠠ ᠳᠤᠷᠠᠳᠤᠭᠰᠠᠨ ᠵᠠᠰᠠᠪᠤᠷᠢ ᠣᠷᠣᠭᠤᠯᠬᠤ ᠰᠠᠨᠠᠯ ᠶᠣᠰᠣᠭᠠᠷ ᠲᠥᠰᠦᠯ ᠢᠶᠠᠨ ᠲᠡᠭᠦᠯᠳᠡᠷᠵᠢᠭᠦᠯᠵᠦ ᠪᠠᠶᠢᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠡᠶᠢᠲᠡ 3548.9 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠡᠭᠦᠨ ᠳᠤ 10 ᠠᠶᠢᠮᠠᠭ ᠬᠤᠲᠠ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ 1622 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ 1926.9 ᠲᠦᠮᠡᠨ ᠲᠥᠭᠦᠷᠢᠭ ᠨᠠᠶᠢᠳᠠᠪᠤᠷᠢᠵᠢᠭᠤᠯᠪᠠ᠃ ᠪᠣᠯᠪᠠᠰᠤᠷᠠᠯ ᠢ ᠵᠣᠬᠢᠶᠠᠨ ᠪᠠᠶᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠤᠨ ᠡᠷᠭᠢᠯᠡᠭᠰᠡᠨ ᠪᠣᠯᠪᠠᠰᠤᠷᠠᠯ ᠤᠨ ᠠᠩᠭᠢ ᠳᠤ 4 ᠤᠳᠠᠭ᠎ᠠ ᠣᠷᠣᠯᠴᠠᠭᠰᠠᠨ ᠪᠥᠭᠡᠳ ᠪᠥᠬᠦ ᠣᠷᠣᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠲᠤᠰᠬᠠᠶ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ 2 ᠬᠤᠭᠤᠴᠠᠭ᠎ᠠ ᠵᠣᠬᠢᠶᠠᠨ ᠪᠠᠶᠢᠭᠤᠯᠤᠨ ᠡᠷᠭᠢᠯᠡᠵᠦ᠂ ᠲᠤᠰᠬᠠᠶ ᠮᠡᠷᠭᠡᠵᠢᠯᠲᠡᠨ ᠤ ᠲᠤᠬᠠᠶ ᠶᠢᠨ ᠲᠠᠯᠠᠪᠤᠷ ᠲᠤ ᠬᠢᠴᠢᠶᠡᠯ ᠣᠷᠣᠬᠤ ᠪᠠᠷ ᠳᠡᠮᠵᠢᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠰᠡᠵᠢᠭ ᠲᠠᠢ᠂ ᠬᠦᠴᠢᠷ ᠲᠠᠢ ᠠᠰᠠᠭᠤᠳᠠᠯ ᠢ ᠡᠮᠬᠢᠳᠬᠡᠵᠦ᠂ ᠠᠵᠢᠯ ᠤᠨ ᠰᠡᠳᠬᠢᠮᠵᠢ ᠪᠠᠨ ᠲᠣᠳᠣᠷᠬᠠᠶᠢᠯᠠᠭᠰᠠᠨ ᠢᠶᠠᠷ ᠪᠣᠯᠪᠠᠰᠤᠷᠠᠯ ᠨᠢ ᠢᠯᠡᠳᠲᠡ ᠦᠷ᠎ᠡ ᠪᠦᠲᠦᠮᠵᠢ ᠣᠯᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ