ᠪᠦ᠋ ᠰᠢᠶᠤᠤ ᠯᠢᠨ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠨᠢᠭᠡᠨᠲᠡ ᠬᠠᠭᠠᠯᠪᠤᠷᠢᠯᠠᠭᠰᠠᠨ ᠤᠢᠢᠲᠤ ᠭᠠᠵᠠᠷ ᠨᠤᠲᠤᠭ ᠪᠡᠯᠴᠢᠭᠡᠷ ᠤᠨ ᠲᠠᠷᠢᠶᠠᠯᠠᠬᠤ ᠶᠢ ᠵᠣᠭᠰᠣᠭᠠᠵᠤ ᠤᠢᠢᠵᠢᠭᠤᠯᠵᠤ ᠡᠪᠡᠰᠦ ᠲᠠᠷᠢᠬᠤ ᠲᠤᠷᠰᠢᠯᠲᠠ ᠶᠢᠨ ᠴᠡᠭ ᠤᠨ ᠪᠠᠶᠢᠳᠠᠯ ᠪᠣᠯᠤᠨ ᠣᠷᠣᠨ ᠨᠤᠲᠤᠭ  ᠤᠨ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/7/19

      7 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠢᠩᠭᠠᠨ ᠠᠶᠢᠮᠠᠭ ᠤᠨ ᠷᠠᠰᠢᠶᠠᠨ ᠬᠤᠳᠠ ᠳᠤ ᠭᠦᠨᠵᠡᠭᠡᠶᠢᠷᠡᠵᠦ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠨᠢᠭᠡᠨᠲᠡ ᠬᠠᠭᠠᠯᠪᠤᠷᠢᠯᠠᠭᠰᠠᠨ ᠤᠢᠢᠲᠤ ᠭᠠᠵᠠᠷ ᠪᠠ ᠨᠤᠲᠤᠭ ᠪᠡᠯᠴᠢᠭᠡᠷ ᠤᠨ ᠲᠠᠷᠢᠶᠠᠯᠠᠬᠤ ᠶᠢ ᠵᠣᠭᠰᠣᠭᠠᠵᠤ ᠤᠢᠢᠵᠢᠭᠤᠯᠵᠤ ᠡᠪᠡᠰᠦ ᠲᠠᠷᠢᠬᠤ ᠲᠤᠷᠰᠢᠯᠲᠠ ᠶᠢᠨ ᠴᠡᠭ ᠤᠨ ᠪᠠᠶᠢᠳᠠᠯ ᠪᠣᠯᠤᠨ ᠣᠷᠣᠨ ᠨᠤᠲᠤᠭ ᠤᠨ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠪᠠ᠃



布小林调研内蒙古大兴安岭及周边地区已垦林地草原.jpg


      ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠨᠢᠭᠡᠨᠲᠡ ᠬᠠᠭᠠᠯᠪᠤᠷᠢᠯᠠᠭᠰᠠᠨ ᠤᠢᠢᠲᠤ ᠭᠠᠵᠠᠷ ᠨᠤᠲᠤᠭ ᠪᠡᠯᠴᠢᠭᠡᠷ ᠤᠨ ᠲᠠᠷᠢᠶᠠᠯᠠᠬᠤ ᠶᠢ ᠵᠣᠭᠰᠣᠭᠠᠵᠤ ᠤᠢᠢᠵᠢᠭᠤᠯᠵᠤ ᠡᠪᠡᠰᠦ ᠲᠠᠷᠢᠬᠤ ᠲᠤᠷᠰᠢᠯᠲᠠ ᠶᠢᠨ ᠴᠡᠭ ᠤᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠠᠴᠠ ᠶᠡᠭᠡ ᠬᠢᠩᠭᠠᠨ ᠳᠠᠪᠠᠭ᠎ᠠ ᠶᠢᠨ ᠭᠠᠵᠠᠷ ᠣᠷᠣᠨ ᠤ ᠠᠮᠢ ᠠᠬᠤᠶ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠶᠢᠨ ᠲᠥᠯᠥᠭᠡ᠂ 2020 ᠣᠨ ᠠᠴᠠ ᠡᠬᠢᠯᠡᠭᠦᠯᠦᠨ ᠬᠡᠷᠡᠭᠵᠢᠭᠦᠯᠦᠭᠰᠡᠨ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠤᠨ᠎ᠠ᠃ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠬᠤ ᠬᠤᠭᠤᠴᠠᠭ᠎ᠠ ᠨᠢ 1 ᠵᠢᠯ᠂ ᠪᠥᠲᠥᠭᠡᠨ ᠪᠠᠶᠢᠭᠤᠯᠤᠯᠳᠠ ᠶᠢᠨ ᠬᠡᠪᠴᠢᠶ᠎ᠡ ᠨᠢ 60 ᠲᠦᠮᠡᠨ ᠮᠥ ᠪᠠᠶᠢᠵᠤ᠂ 2020 ᠣᠨ ᠤ ᠡᠴᠦᠰ ᠪᠣᠯᠬᠤ ᠳᠤ ᠪᠥᠲᠥᠭᠡᠨ ᠪᠠᠶᠢᠭᠤᠯᠬᠤ ᠡᠭᠦᠷᠭᠡ ᠶᠢ ᠨᠢᠭᠡᠨᠲᠡ ᠪᠡᠶᠡᠯᠡᠭᠦᠯᠪᠡ᠃ ᠡᠭᠦᠨ ᠳᠤ ᠷᠠᠰᠢᠶᠠᠨ ᠬᠤᠲᠠ ᠳᠠᠬᠢ ᠲᠦᠷᠦᠯ ᠵᠦᠢᠯ ᠤᠨ ᠲᠤᠭᠤᠷᠢᠭ ᠤᠨ ᠲᠠᠷᠢᠶᠠᠯᠠᠬᠤ ᠶᠢ ᠵᠣᠭᠰᠣᠭᠠᠵᠤ ᠤᠢᠢᠵᠢᠭᠤᠯᠤᠬᠰᠠᠨ ᠲᠠᠯᠠᠪᠠᠢ 5 ᠲᠦᠮᠡᠨ ᠮᠥ ᠪᠠᠶᠢᠵᠤ᠂ 550 ᠲᠦᠮᠡᠨ ᠰᠠᠭᠤᠷᠢ ᠭᠠᠴᠤᠷ᠎ᠠ ᠵᠠᠶᠢᠯᠠᠪᠠ᠃ ᠪᠦ᠋ ᠰᠢᠶᠤᠤ ᠯᠢᠨ ᠷᠠᠰᠢᠶᠠᠨ ᠬᠤᠲᠠ ᠳᠠᠬᠢ ᠲᠥᠷᠥᠯ ᠵᠦᠢᠯ ᠤᠨ ᠲᠣᠭᠤᠷᠢᠭ ᠤᠨ ᠣᠶᠢᠲᠤ ᠭᠠᠵᠠᠷ ᠲᠤ ᠬᠦᠷᠴᠤ ᠤᠢ ᠮᠤᠳᠤ ᠶᠢ ᠳᠠᠷᠢᠵᠤ ᠤᠷᠭᠤᠭᠤᠯᠤᠭᠰᠠᠨ ᠪᠠᠶᠢᠳᠠᠯ ᠢ ᠪᠠᠶᠢᠴᠠᠭᠠᠵᠤ᠂ ᠮᠤᠳᠤᠨ ᠤ ᠴᠢᠬᠢ ᠶᠢᠨ ᠬᠠᠮᠢᠶᠠᠷᠤᠯᠲᠠ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠢᠴᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠵᠡᠷᠭᠡ ᠲᠠᠯ᠎ᠠ ᠶᠢᠨ ᠠᠵᠢᠯ ᠢ ᠭᠦᠨᠵᠡᠭᠡᠢ ᠤᠢᠢᠯᠠᠭᠠᠪᠠ᠃ ᠲᠡᠷᠡ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠲᠠᠯᠪᠢᠭᠰᠠᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠴᠥᠬᠦᠷᠡᠰᠢ ᠥᠬᠡᠶ ᠬᠡᠷᠡᠭᠵᠢᠭᠦᠯᠦᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠪᠥᠬᠦ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠰᠠᠶᠢᠨ ᠰᠠᠶᠢᠬᠠᠨ ᠠᠮᠢ ᠠᠬᠤᠶ ᠶᠢᠨ ᠪᠦᠲᠦᠭᠡᠭᠳᠡᠬᠦᠨ ᠢ ᠬᠠᠩᠭᠠᠬᠤ ᠳᠤ ᠡᠷᠭᠦᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠢᠭᠠᠵᠤ ᠭᠠᠷᠭᠠᠪᠠ᠃


2.jpg


      ᠵᠢᠭᠤᠯᠴᠢᠯᠠᠯ ᠤᠨ ᠦᠢᠯᠡᠰ ᠢ ᠠᠰᠢᠬᠯᠠᠨ ᠬᠥᠳᠡᠭᠡ ᠲᠣᠰᠬᠤᠨ ᠤ ᠣᠨᠴᠠᠯᠢᠭᠲᠤ ᠪᠦᠲᠦᠭᠡᠭᠳᠡᠬᠦᠨ ᠢ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ ᠠᠵᠢᠯ ᠢ ᠥᠷᠨᠢᠭᠦᠯᠵᠦ᠂ ᠪᠦᠲᠦᠭᠡᠭᠳᠡᠬᠦᠨ ᠤ ᠪᠣᠷᠣᠯᠠᠭᠤᠯᠭ᠎ᠠ ᠪᠠ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠪᠣᠯ ᠲᠤᠬᠠᠶ ᠶᠢᠨ ᠭᠠᠵᠠᠷ ᠤᠨ ᠨᠢᠭᠡᠨ ᠶᠡᠭᠡ ᠣᠨᠴᠠᠯᠢᠭ ᠪᠣᠯᠤᠨ᠎ᠠ᠃ ᠪᠦ᠋ ᠰᠢᠶᠤᠤ ᠯᠢᠨ ᠷᠠᠰᠢᠶᠠᠨ ᠬᠤᠳᠠ ᠶᠢᠨ ︽ᠬᠢᠩᠭᠠᠨ ᠤ ᠮᠠᠭᠲᠠᠭᠠᠯ︾ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢᠨ ᠦᠵᠡᠭᠦᠯᠭᠡ ᠶᠢᠨ ᠣᠷᠳᠣᠨ ᠪᠣᠯᠤᠨ ᠬᠤᠸᠠᠷ ᠴᠡᠴᠡᠭ ᠤᠨ ᠠᠵᠤ ᠦᠢᠯᠡᠰ ᠤᠨ ᠰᠠᠭᠤᠷᠢᠨ ᠳᠤ ᠬᠦᠷᠴᠦ᠂ ᠣᠷᠣᠨ ᠨᠤᠲᠤᠭ ᠤᠨ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ︽ᠬᠢᠩᠭᠠᠨ ᠤ ᠮᠠᠭᠲᠠᠭᠠᠯ︾ ᠪᠣᠯ ᠪᠥᠬᠦ ᠠᠶᠢᠮᠠᠭ ᠤᠨ ᠴᠣᠷ ᠤᠨ ᠭᠠᠭᠴᠠ ᠶᠡᠷᠦᠩᠬᠡᠶᠢᠯᠡᠭᠰᠡᠨ ᠴᠢᠨᠠᠷᠲᠠᠶ ᠭᠠᠶᠢᠯᠢ ᠭᠡᠯᠳᠦᠷᠢᠭᠦᠯᠬᠦ ᠪᠣᠷᠣᠯᠠᠭᠤᠯᠭ᠎ᠠ ᠶᠢᠨ ᠪᠡᠶᠡᠳᠠᠨ ᠣᠶᠢᠯᠠᠭᠠᠬᠤ ᠳᠡᠯᠭᠡᠭᠦᠷ ᠪᠣᠯᠤᠨ᠎ᠠ᠂ ᠬᠢᠩᠭᠠᠨ ᠠᠶᠢᠮᠠᠭ ᠤᠨ ᠣᠨᠴᠠᠯᠢᠭᠲᠤ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠴᠤᠩᠬᠤᠪᠴᠢ ᠶᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠬᠰᠠᠨ ᠠᠮᠵᠢᠯᠳᠠ ᠪᠦᠳᠦᠮᠵᠢ ᠶᠢ ᠪᠠᠳᠤᠳᠬᠠᠬᠤ ᠣᠷᠳᠣ ᠬᠤᠭᠤᠴᠠᠭᠠᠨ ᠤ ᠪᠦᠲᠦᠮᠵᠢᠳᠤ ᠲᠣᠭᠲᠠᠴᠠ ᠶᠢᠨ ᠲᠠᠪᠴᠠᠩ ᠪᠠ ᠬᠢᠩᠭᠠᠨ ᠠᠶᠢᠮᠠᠭ ᠤᠨ ᠴᠢᠨᠠᠷ ᠰᠠᠶᠢᠲᠠᠶ ᠲᠦᠷᠦᠯ ᠲᠡᠮᠳᠡᠭ ᠢ ᠡᠬᠦᠳᠬᠦ ᠪᠠᠷ ᠬᠦᠴᠦᠯᠡᠵᠦ ᠪᠤᠢ᠃ ᠪᠦ᠋ ᠰᠢᠶᠤᠤ ᠯᠢᠨ ︽ᠬᠢᠩᠭᠠᠨ ᠤ ᠮᠠᠭᠲᠠᠭᠠᠯ︾ ᠤᠨ ᠦᠵᠡᠭᠦᠯᠭᠡ ᠶᠢᠨ ᠲᠣᠭᠤᠷᠢᠭ ᠤᠨ ᠪᠠᠶᠢᠷᠢᠯᠠᠭᠤᠯᠤᠯᠲᠠ᠂ ᠲᠠᠸᠠᠷ ᠤᠨ ᠲᠥᠷᠥᠯ ᠵᠦᠢᠯ ᠵᠢᠴᠢ ᠲᠠᠨᠢᠯᠴᠠᠭᠤᠯᠬᠤ ᠰᠡᠳᠬᠢᠮᠵᠢ ᠶᠢ ᠨᠠᠷᠢᠨ ᠣᠶᠢᠯᠠᠭᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠨ ᠦᠢᠯᠡᠳᠪᠦᠷᠢᠯᠡᠯ ᠪᠣᠷᠣᠯᠠᠭᠤᠯᠭ᠎ᠠ ᠳᠤ ᠭᠦᠨᠵᠡᠭᠡᠶ ᠣᠷᠣᠯᠴᠠᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠨᠠᠷᠢᠨ ᠠᠰᠠᠭᠤᠵᠤ᠂ ᠬᠢᠩᠭᠠᠨ ᠠᠶᠢᠮᠠᠭ ᠪᠣᠯᠤᠨ ᠷᠠᠰᠢᠶᠠᠨ ᠬᠤᠲᠠ ᠶᠢᠨ ᠬᠢᠨ ︽ᠬᠢᠩᠭᠠᠨ ᠤ ᠮᠠᠭᠲᠠᠭᠠᠯ︾ ᠡᠨᠡ ᠬᠦ ᠲᠠᠪᠴᠠᠩ ᠢ ᠰᠠᠶᠢᠲᠤᠷ ᠪᠠᠶᠢᠭᠤᠯᠵᠤ᠂ ᠪᠥᠬᠦ ᠠᠶᠢᠮᠠᠭ ᠤᠨ ᠴᠢᠨᠠᠷ ᠰᠠᠶᠢᠲᠠᠶ ᠤᠨᠴᠠᠯᠢᠬᠳᠤ ᠪᠦᠲᠦᠭᠡᠭᠳᠡᠬᠦᠨ ᠤ ᠠᠯᠳᠠᠷᠰᠢᠯ ᠪᠣᠯᠤᠨ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠷᠠᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠣᠷᠣᠨ ᠪᠦᠰᠡ ᠶᠢᠨ ᠬᠥᠭᠵᠢᠯᠲᠡ ᠶᠢ ᠳᠠᠶᠢᠴᠢᠯᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠬᠦᠰᠡᠪᠡ᠃ ᠲᠢᠶᠠᠨ ᡂᠢ ᠪᠠᠯᠭᠠᠰᠤᠨ ᠤ ᠬᠤᠸᠠᠷ ᠴᠡᠴᠡᠭ ᠤᠨ ᠰᠠᠭᠤᠷᠢᠨ ᠳᠤ᠂ ᠪᠦ᠋ ᠰᠢᠶᠤᠤ ᠯᠢᠨ ᠬᠤᠸᠠᠷ ᠴᠡᠴᠡᠭ ᠤᠨ ᠤᠷᠭᠤᠴᠠ ᠶᠢᠨ ᠪᠠᠶᠢᠳᠠᠯ ᠢ ᠦᠵᠡᠵᠦ᠂ ᠵᠠᠬ᠎ᠠ ᠳᠡᠯᠭᠡᠭᠦᠷ ᠤᠨ ᠢᠷᠡᠭᠡᠳᠦᠢ ᠶᠢ ᠣᠶᠢᠯᠠᠭᠠᠵᠤ᠂ ᠲᠤᠰ ᠰᠠᠭᠤᠷᠢᠨ ᠤ ᠬᠤᠸᠠᠷ ᠴᠡᠴᠡᠭ ᠤᠨ ᠲᠠᠷᠢᠮᠠᠯ ᠤᠨ ᠦᠢᠯᠡᠰ ᠨᠢ ᠲᠤᠬᠠᠢ ᠶᠢᠨ ᠭᠠᠵᠠᠷ ᠤᠨ ᠵᠠᠬ᠎ᠠ ᠳᠡᠯᠭᠡᠭᠦᠷ ᠤᠨ ᠬᠤᠭᠤᠰᠣᠨ ᠢ ᠨᠥᠬᠦᠪᠥᠷᠢᠯᠡᠵᠦ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠭᠰᠠᠨ ᠢ ᠮᠡᠳᠡᠭᠡᠳ ᠲᠡᠷᠡ ᠡᠨᠡ ᠠᠮᠵᠢᠯᠳᠠ ᠶᠢ ᠨᠢ ᠨᠤᠲᠠᠯᠠᠪᠠ᠃ ᠪᠦ᠋ ᠰᠢᠶᠤᠤ ᠯᠢᠨ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠰᠠᠭᠤᠷᠢ ᠮᠥᠨ᠂ ᠮᠠᠯᠵᠢᠬᠤ ᠲᠠᠷᠢᠶᠠᠯᠠᠬᠤ ᠣᠷᠣᠨ ᠤ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠤᠷᠢᠲᠠᠯ ᠮᠥᠨ᠃ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠪᠠᠭᠤᠯᠢᠭ ᠤᠨᠴᠠᠯᠢᠬᠳᠤ ᠠᠵᠤ ᠦᠢᠯᠡᠰ ᠢ ᠲᠦᠷᠭᠡᠳᠭᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠨᠡᠷᠡᠳᠦ ᠲᠦᠷᠦᠯ ᠲᠡᠮᠳᠡᠭ ᠢ ᠡᠭᠦᠳᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠣᠯᠠᠭᠤᠯᠭ᠎ᠠ ᠶᠢ ᠥᠷᠭᠡᠳᠬᠡᠵᠦ᠂ ᠮᠠᠯᠴᠢᠨ ᠲᠠᠷᠢᠶᠠᠴᠢᠨ ᠯᠤᠭ᠎ᠠ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠮᠠᠯ ᠠᠵᠤ ᠠᠬᠤᠶ ᠲᠠᠷᠢᠶᠠᠯᠠᠩ ᠤᠨ ᠣᠯᠠᠨ ᠵᠦᠢᠯ ᠤᠨ ᠴᠢᠳᠠᠮᠵᠢ ᠶᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠵᠡᠷᠭᠡ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠣᠳᠠᠰ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ