ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/19
      7 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠳᠠᠭᠠᠨ ᠤ ᠶᠠᠪᠤᠳᠠᠯ ᠤᠨ ᠲᠤᠰᠠᠯᠠᠭᠴᠢ ᠠᠵᠢᠯᠳᠠᠨ ᠤ ᠳᠦᠷᠢᠮ ︵ᠲᠥᠰᠦᠯ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠦᠯ︶︾ ᠵᠡᠷᠭᠡ ᠵᠦᠢᠯ ᠢ ᠰᠤᠳᠤᠯᠵᠤ᠂ ᠦᠶᠡᠷ ᠢ ᠰᠡᠷᠭᠡᠶᠢᠯᠡᠬᠦ ᠪᠡᠯᠡᠳᠬᠡᠯ ᠪᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠷᠭ᠎ᠠ ᠠᠪᠴᠠᠯ ᠢ ᠲᠤᠬᠢᠷᠠᠭᠤᠯᠤᠨ ᠨᠠᠶᠢᠳᠠᠪᠤᠷᠢᠵᠢᠭᠤᠯᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠳᠣᠬᠠᠨ ᠤ ᠦᠶᠡᠷ ᠢ ᠰᠡᠷᠭᠡᠶᠢᠯᠡᠬᠦ ᠪᠡᠯᠡᠳᠬᠡᠯ ᠪᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠠᠵᠢᠯ ᠢ ᠡᠷᠡᠰ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢᠶᠠᠷ ᠭᠤᠣᠯ ᠪᠣᠯᠭᠠᠭᠰᠠᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠦᠨ᠎ᠡ ᠹᠷᠣᠨᠲ ᠤᠨ ᠦᠶᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠳᠠᠯᠳᠠ ᠭᠡᠮ ᠢ ᠦᠷᠭᠦᠯᠵᠢᠯᠡᠨ ᠭᠦᠨᠵᠡᠭᠡᠶ ᠵᠢᠬᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠴᠢᠬᠤᠯᠠ ᠪᠠᠷᠢᠯᠭ᠎ᠠ᠂ ᠠᠶᠤᠯᠳᠠᠢ ᠪᠠᠷᠢᠯᠭ᠎ᠠ ᠶᠢᠨ ᠬᠡᠰᠡᠭ᠂ ᠠᠭᠤᠯᠠᠨ ᠦᠶᠡᠷ ᠭᠠᠵᠠᠷ ᠤᠨ ᠭᠠᠢ ᠭᠠᠮᠰᠢᠭ ᠤᠨ ᠠᠶᠤᠯ ᠲᠠᠢ ᠣᠷᠣᠨ ᠪᠣᠯᠤᠨ ᠳᠠᠯᠳᠠ ᠭᠡᠮ ᠤᠨ ᠴᠡᠭ᠂ ᠬᠤᠲᠠ ᠪᠠᠯᠭᠠᠰᠤ ᠶᠢᠨ ᠬᠤᠲᠣᠭᠤᠷ ᠭᠠᠵᠠᠷ ᠠᠮᠠᠷᠬᠠᠨ ᠤᠰᠤᠲᠤᠬᠤ ᠣᠷᠣᠨ ᠵᠡᠷᠭᠡ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠳᠤ ᠳᠠᠬᠢᠨ ᠵᠢᠬᠰᠠᠭᠠᠨ ᠪᠠᠶᠢᠴᠠᠭᠠᠵᠤ᠂ ᠳᠠᠬᠢᠨ ᠨᠠᠶᠢᠳᠠᠪᠤᠷᠢᠵᠢᠭᠤᠯᠵᠤ᠂ ᠳᠠᠬᠢᠨ ᠴᠡᠭᠴᠡᠯᠡᠨ ᠵᠠᠰᠠᠵᠦ᠂ ᠲᠦᠭᠰᠢᠭᠦᠷᠢ ᠶᠢᠨ ᠳᠠᠯᠳᠠ ᠭᠡᠮ ᠢ ᠡᠷᠡᠰ ᠠᠷᠢᠯᠭᠠᠬᠤ ᠬᠡᠷᠡᠭᠲᠡᠶ᠃ ᠴᠠᠭ ᠠᠭᠤᠷ᠂ ᠤᠰᠤᠨ ᠵᠦᠶ ᠶᠢᠨ ᠬᠢᠨᠠᠨ ᠰᠢᠨᠵᠢᠵᠦ ᠤᠷᠢᠳᠴᠢᠯᠠᠨ ᠮᠡᠳᠡᠭᠡᠯᠡᠬᠦ ᠪᠠ ᠵᠥᠪᠳᠡᠯᠴᠡᠨ ᠰᠤᠳᠤᠯᠤᠨ ᠮᠠᠭᠠᠳᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠶ ᠵᠥᠪᠳᠡᠯᠴᠡᠨ ᠰᠤᠳᠤᠯᠤᠨ ᠮᠠᠭᠠᠳᠯᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠ ᠠᠶᠤᠯ ᠠᠴᠠ ᠠᠪᠤᠷᠠᠨ ᠲᠤᠰᠠᠯᠠᠬᠤ ᠳᠤ ᠴᠠᠭ ᠢ ᠲᠡᠮᠡᠴᠡᠨ ᠣᠯᠭᠤᠬᠤ ᠬᠡᠷᠡᠭᠳᠡᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠪᠠ ᠠᠶᠤᠯ ᠠᠴᠠ ᠠᠪᠤᠷᠠᠨ ᠲᠤᠰᠠᠯᠠᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠯ᠎ᠡ ᠲᠥᠷᠥᠯ ᠤᠨ ᠪᠡᠯᠡᠳᠬᠡᠯ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠶᠤᠯ ᠠᠴᠠ ᠠᠪᠤᠷᠠᠨ ᠭᠠᠮᠰᠢᠭ ᠠᠴᠠ ᠠᠪᠤᠷᠬᠠᠤ ᠡᠳ᠋ ᠪᠣᠳᠠᠰ ᠢ ᠭᠦᠢᠴᠡᠳ ᠪᠡᠯᠡᠳᠬᠡᠨ᠂ ᠡᠩᠨᠡᠭᠡᠨ ᠤ ᠰᠣᠷᠢᠯᠲᠠ ᠶᠢ ᠴᠢᠩᠭᠠᠳᠬᠠᠵᠤ᠂ ᠠᠪᠤᠷᠠᠨ ᠲᠤᠰᠠᠯᠠᠬᠤ ᠬᠦᠴᠦᠨ ᠢ ᠤᠷᠢᠳᠴᠢᠯᠠᠨ ᠲᠣᠬᠢᠷᠠᠭᠤᠯᠬᠤ ᠬᠡᠷᠡᠭᠳᠡᠢ︔ 24 ᠴᠠᠭ ᠢᠶᠠᠷ ᠪᠠᠴᠢᠮ ᠪᠠᠶᠢᠳᠠᠯ ᠢ ᠠᠷᠭᠠᠴᠠᠭᠠᠬᠤ ᠪᠠᠷ ᠵᠢᠵᠢᠭᠦᠷᠯᠡᠨ ᠰᠠᠬᠢᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠰᠠᠪᠠ ᠭᠠᠵᠠᠷ᠂ ᠭᠤᠣᠯᠳᠠᠯᠭ᠎ᠠ ᠲᠠᠢ ᠣᠷᠣᠨ ᠪᠠᠶᠢᠷᠢ᠂ ᠪᠠᠭᠤᠷᠠᠢ ᠭᠤᠭᠴᠤᠭ᠎ᠠ᠂ ᠠᠶᠤᠯᠳᠠᠢ ᠪᠠᠷᠢᠯᠭ᠎ᠠ ᠶᠢᠨ ᠬᠡᠰᠡᠭ ᠲᠤ ᠲᠣᠭᠤᠷᠢᠨ ᠪᠠᠶᠢᠴᠠᠭᠠᠵᠤ ᠴᠠᠭᠳᠠᠨ ᠰᠡᠷᠭᠡᠶᠢᠯᠡᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠡᠭᠦᠰᠬᠦ ᠳᠤ ᠬᠦᠷᠪᠡᠯ᠂ ᠲᠠᠷᠤᠢ ᠲᠦᠷᠭᠡᠨ ᠬᠦᠴᠦᠨ ᠢᠶᠠᠨ ᠲᠤᠬᠢᠷᠠᠭᠤᠯᠵᠤ ᠠᠶᠤᠯ ᠠᠴᠠ ᠠᠪᠤᠷᠠᠨ ᠲᠤᠰᠠᠯᠠᠵᠤ᠂ ᠪᠦᠬᠦ ᠬᠦᠴᠦᠨ ᠢᠶᠠᠷ ᠭᠠᠮᠰᠢᠭ ᠤᠨ ᠬᠤᠬᠢᠷᠠᠯ ᠢ ᠬᠠᠮᠤᠭ ᠤᠨ ᠪᠠᠭ᠎ᠠ ᠬᠡᠮᠵᠢᠶᠡᠨ ᠳᠤ ᠬᠦᠷᠭᠡᠬᠦ ᠬᠡᠷᠡᠭᠳᠡᠢ᠃ ᠠᠶᠤᠯ ᠲᠦᠭᠰᠢᠭᠦᠷᠢ ᠲᠠᠢ ᠭᠠᠵᠠᠷ ᠣᠷᠣᠨ ᠤ ᠣᠯᠠᠨ ᠲᠦᠮᠡᠨ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠲᠣᠬᠢᠶᠠᠯᠳᠤᠪᠠᠯ ᠠᠶᠤᠯ ᠲᠦᠭᠰᠢᠭᠦᠷᠢ ᠲᠠᠢ ᠭᠠᠵᠠᠷ ᠣᠷᠣᠨ ᠤ ᠣᠯᠠᠨ ᠲᠦᠮᠡᠨ ᠢ ᠡᠷᠡᠰ ᠰᠢᠭᠤᠷᠬᠠᠶ ᠪᠠᠷ ᠰᠢᠯᠵᠢᠭᠦᠯᠬᠦ ᠬᠡᠷᠡᠭᠳᠡᠢ᠃ ᠭᠡᠨᠡᠳᠲᠡ ᠶᠢᠨ ᠡᠬᠦᠰᠦᠭᠰᠡᠨ ᠲᠦᠭᠰᠢᠭᠦᠷᠢᠲᠦ ᠪᠠᠶᠢᠳᠠᠯ ᠢ ᠰᠢᠢᠳᠪᠦᠷᠢᠯᠡᠬᠦ ᠳᠡᠭᠡᠨ᠂ ᠬᠥᠮᠦᠨ ᠢ ᠠᠪᠤᠷᠠᠬᠤ ᠶᠢ ᠵᠠᠪᠠᠯ ᠲᠡᠷᠢᠭᠦᠨ ᠳᠤ ᠲᠠᠯᠪᠢᠵᠤ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠲᠤᠬᠢᠷᠠᠭᠤᠯᠪᠠ᠃      ᠬᠤᠷᠠᠯ ᠠᠴᠠ᠂ ᠮᠠᠨ ᠤ ᠣᠷᠣᠨ ᠤ ᠬᠡᠰᠡᠭ ᠭᠠᠵᠠᠷ ᠣᠷᠣᠨ ᠳᠤ ᠭᠠᠩ ᠬᠠᠭᠰᠠᠷᠠᠭᠠᠨ ᠦᠷᠭᠦᠯᠵᠢᠯᠡᠭᠰᠡᠨ ᠪᠣᠳᠠᠲᠤ ᠪᠠᠶᠢᠳᠠᠯ ᠳᠤ ᠴᠢᠭᠯᠡᠭᠦᠯᠦᠨ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ︽ᠬᠤᠶᠠᠷ ᠲᠠᠯ᠎ᠠ ᠪᠠᠷ ᠠᠳᠬᠤᠬᠤ︾ ᠶᠢ ᠪᠠᠷᠢᠮᠲᠠᠯᠠᠵᠤ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠢᠯᠣᠭᠤᠳᠤᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠭᠠᠩ ᠬᠠᠭᠰᠠᠷᠠᠭᠠᠨ ᠦᠶᠡᠷ ᠤᠰᠤᠲᠤᠯ ᠬᠡᠨᠡᠳᠳᠡ ᠬᠡᠴᠡᠬᠦᠳᠡᠬᠦ᠂ ᠣᠯᠠᠨ ᠭᠠᠮᠰᠢᠭ ᠵᠡᠷᠭᠡ ᠪᠠᠷ ᠡᠭᠦᠰᠬᠦ ᠶᠢ ᠴᠢᠩᠭ᠎ᠠ ᠰᠡᠷᠭᠡᠶᠢᠯᠡᠬᠦ ᠶᠢᠨ ᠬᠠᠮᠲᠤ ᠭᠠᠩᠳᠠᠭᠰᠠᠨ ᠭᠠᠵᠠᠷ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ᠂ ᠠᠵᠤ ᠦᠢᠯᠡᠳᠪᠦᠷᠢ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠤᠰᠤ ᠪᠣᠯᠤᠨ ᠠᠮᠢ ᠠᠬᠤᠶ ᠳᠤ ᠬᠡᠷᠡᠭᠯᠡᠬᠦ ᠤᠰᠤ ᠶᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠭᠤᠤᠯᠳᠠᠯᠭ᠎ᠠ ᠲᠠᠢ ᠭᠠᠵᠠᠷ ᠣᠷᠣᠨ᠂ ᠴᠢᠬᠤᠯᠠ ᠬᠤᠲᠠ ᠪᠠᠯᠭᠠᠰᠤ ᠪᠣᠯᠤᠨ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠳᠡᠢ ᠭᠡᠵᠦ ᠲᠤᠬᠢᠷᠠᠭᠤᠯᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠳᠠᠭᠠᠨ ᠤ ᠶᠠᠪᠤᠳᠠᠯ ᠤᠨ ᠲᠤᠰᠠᠯᠠᠭᠴᠢ ᠠᠵᠢᠯᠳᠠᠨ ᠤ ᠳᠦᠷᠢᠮ ︵ᠲᠥᠰᠦᠯ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠵᠠᠷᠴᠢᠮ ᠳᠡᠭᠡᠷ᠎ᠡ ᠪᠠᠨ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠢ ᠲᠡᠰ ᠲᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠳᠠᠭᠠᠭᠠᠯᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ