ᠪᠦᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠶᠢᠨ ᠰᠠᠭᠤᠳᠠᠯ ᠤᠨ ᠬᠤᠷᠠᠯ ᠵᠢᠴᠢ ᠥᠪᠥᠷ ᠮᠣᠩᠭᠤᠯ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/19

      7 ᠳ᠋ᠤᠭᠠᠷ ᠰᠠᠷ᠎ᠠ ᠶᠢᠨ 14 ᠤ ᠡᠳᠦᠷ᠂ ᠪᠦᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠶᠢᠨ ᠰᠠᠭᠤᠳᠠᠯ ᠤᠨ ᠬᠤᠷᠠᠯ ᠵᠢᠴᠢ ᠥᠪᠥᠷ ᠮᠣᠩᠭᠤᠯ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠤᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠢ ᠡᠷᠭᠢᠯᠡᠭᠰᠡᠨ ᠪᠥᠭᠡᠳ ︽ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠪᠠᠭᠠᠲᠤᠷ ᠵᠢᠱᠢᠶᠡᠴᠢ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠵᠦ᠂ ᠪᠤᠶᠠᠨᠳᠡᠯᠭᠡᠷ᠂ ᠯᠢᠦ ᠠᠨ᠂ ᠸᠠᠩ ᠠᠶ ᠯᠢᠨ᠂ ᠪᠠᠶ ᠵᠢᠩ᠂ ᠰᠦ᠋ ᠨᠢ ᠵᠡᠷᠭᠡ 5 ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠪᠠᠭᠠᠲᠤᠷ ᠵᠢᠱᠢᠶᠡᠴᠢ ᠪᠠ 98 ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠪᠠᠷ ᠲᠣᠭᠲᠠᠪᠠ᠃
      ᠯᠢᠨ ᠱᠤᠤ ᠴᠦᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠡᠮᠦᠨ᠎ᠡ ᠠᠴᠠ᠂ ᠲᠤᠰ ᠤᠳᠠᠭ᠎ᠠ ᠶᠢᠨ ᠬᠥᠬᠢᠭᠦᠯᠦᠯ ᠬᠦᠷᠳᠡᠭᠰᠡᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠪᠠᠭᠠᠲᠤᠷ ᠵᠢᠱᠢᠶᠡᠴᠢ ᠪᠣᠯᠤᠨ ᠲᠡᠷᠢᠭᠦᠨ ᠤ ᠬᠤᠪᠢ ᠬᠥᠮᠦᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠡᠢ᠃ ᠲᠡᠷᠡ ᠤᠯᠠᠨ ᠢ ᠦᠷᠭᠦᠯᠵᠢᠯᠡᠨ ᠵᠣᠷᠢᠭᠲᠠᠢ ᠪᠠᠷ ᠬᠤᠰᠢᠭᠤᠴᠢ ᠪᠤᠯᠵᠤ᠂ ᠰᠠᠶᠢᠲᠤᠷ ᠦᠯᠢᠭᠡᠷ ᠳᠠᠭᠤᠷᠢᠶᠠᠯ ᠪᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠠᠶᠠᠨ ᠵᠠᠮ ᠳᠤ ᠳᠠᠬᠢᠨᠲᠠ ᠰᠢᠯᠢᠳᠡᠭ ᠠᠮᠵᠢᠯᠲᠠ ᠶᠢ ᠡᠭᠦᠳᠴᠦ᠂ ᠳᠠᠬᠢᠨᠲᠠ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃
      ᠯᠢᠨ ᠱᠤᠤ ᠴᠦᠨ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠨᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠳᠤ ᠢᠮᠠᠭᠲᠠ ᠲᠤᠭᠤᠰᠢᠯᠠᠭᠳᠠᠬᠤ ᠴᠢᠬᠤᠯᠠ ᠡᠭᠦᠷᠭᠡ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠦᠢᠯᠡᠳᠦᠯᠭᠡ ᠪᠣᠯᠤᠨ᠎ᠠ᠂ ᠮᠦᠨ ᠴᠦ ᠰᠢᠨ᠎ᠡ ᠴᠠᠭ ᠦᠶ᠎ᠡ ᠳᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠡᠨᠡ ᠤᠳᠠᠭ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠶᠢᠨ ᠰᠠᠭᠤᠳᠠᠯ ᠤᠨ ᠬᠤᠷᠠᠯ ᠢ ᠬᠤᠷᠠᠯᠳᠤᠭᠤᠯᠤᠭᠰᠠᠨ ᠨᠢ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠲᠤ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠪᠠᠷ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠵᠣᠷᠢᠭᠵᠢᠭᠤᠯᠤᠨ ᠬᠦᠳᠦᠯᠦᠨ ᠵᠢᠯᠣᠭᠤᠳᠴᠤ ᠪᠠᠶᠢᠭᠠᠳ ᠰᠢᠨ᠎ᠡ ᠠᠶᠠᠨ ᠵᠠᠮ ᠳᠤ ᠤᠷᠤᠭᠰᠢᠯᠠᠭᠤᠯᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢᠨ ᠲᠥᠯᠥᠭᠡ ᠶᠤᠮ ᠭᠡᠵᠦ ᠵᠢᠭᠠᠵᠤ ᠭᠠᠷᠭᠠᠪᠠ᠃
      ᠯᠢᠨ ᠱᠤᠤ ᠴᠦᠨ᠂ ᠪᠦᠬᠦ ᠣᠷᠣᠨ ᠤ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠨᠤᠭᠤᠳ ᠪᠠᠭᠠᠲᠤᠷ ᠵᠢᠱᠢᠶᠡᠴᠢ ᠰᠣᠩᠭᠤᠬᠤ ᠤᠬᠠᠭᠤᠯᠭ᠎ᠠ ᠪᠠ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠤᠬᠠᠭᠤᠯᠭ᠎ᠠ ᠶᠢᠨ ᠵᠢᠭᠰᠠᠭᠠᠯ ᠢ ᠶᠡᠷᠦᠩᠬᠡᠶᠢᠯᠡᠨ ᠬᠡᠷᠡᠭᠯᠡᠵᠦ᠂ ᠬᠠᠮᠤᠭ ᠤᠨ ᠠᠮᠢᠳᠤᠯᠢᠭ᠂ ᠬᠠᠮᠤᠭ ᠤᠨ ᠤᠯᠠᠨ ᠲᠦᠮᠡᠨ ᠤ ᠳᠤᠷ᠎ᠠ ᠰᠣᠨᠢᠷᠬᠠᠯ ᠢ ᠲᠠᠲᠠᠭᠰᠠᠨ ᠬᠡᠯᠪᠡᠷᠢ ᠪᠠᠷ ᠤᠯᠤᠰ ᠲᠦᠷᠦ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠶᠢᠨ ᠦᠯᠢᠭᠡᠷ ᠢ ᠰᠠᠶᠢᠲᠤᠷ ᠶᠠᠷᠢᠵᠤ᠂ ᠥᠪᠥᠷ ᠮᠣᠩᠭᠤᠯ ᠤᠨ ᠨᠡᠩ ᠤᠯᠠᠨ ᠤᠯᠤᠰ ᠲᠦᠷᠦ ᠬᠠᠤᠯᠢ ᠴᠠᠭᠠᠵᠠ ᠶᠢᠨ ᠰᠠᠶᠢᠨ ᠳᠠᠭᠤᠨ᠂ ᠰᠠᠶᠢᠨ ᠲᠦᠷᠦᠯ ᠲᠡᠮᠳᠡᠭ᠂ ᠰᠠᠶᠢᠨ ᠲᠦᠷᠢ ᠲᠥᠷᠬᠦ ᠶᠢ ᠦᠷᠭᠦᠯᠵᠢᠯᠡᠨ ᠪᠤᠢ ᠪᠣᠯᠭᠠᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠨᠡᠶᠢᠲᠡ ᠳᠤ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠶᠢ ᠬᠠᠶᠢᠷᠠᠯᠠᠨ ᠬᠠᠯᠠᠮᠵᠢᠯᠠᠵᠤ᠂ ᠴᠠᠭᠳᠠᠭ᠎ᠠ ᠶᠢ ᠴᠢᠩᠭ᠎ᠠ ᠵᠠᠰᠠᠬᠤ ᠪᠠ ᠴᠠᠭᠳᠠᠭ᠎ᠠ ᠳᠤ ᠰᠠᠶᠢᠨ ᠬᠠᠨᠳᠤᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠴᠠᠭᠳᠠᠭ᠎ᠠ ᠶᠢ ᠬᠠᠶᠢᠷᠠᠯᠠᠵᠤ ᠴᠠᠭᠳᠠᠭ᠎ᠠ ᠶᠢ ᠬᠠᠯᠠᠮᠵᠢᠯᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠢᠱᠢᠶᠡᠴᠢ ᠰᠣᠩᠭᠤᠬᠤ ᠲᠣᠭᠲᠠᠴᠠ ᠪᠠ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠠᠭᠠᠲᠤᠷ ᠵᠢᠱᠢᠶᠡᠴᠢ ᠶᠢ ᠦᠨᠡᠨ ᠬᠦ ᠪᠡᠶ᠎ᠡ ᠠᠮᠤᠷᠵᠢᠭᠤᠯᠵᠤ᠂ ᠰᠠᠨᠠᠭ᠎ᠠ ᠠᠮᠤᠷᠵᠢᠭᠤᠯᠵᠤ᠂ ᠦᠢᠯᠡᠰ ᠠᠮᠤᠷᠵᠢᠭᠤᠯᠵᠤ᠂ ᠥᠷᠭᠡᠨ ᠤᠯᠠᠨ ᠪᠠᠭᠠᠲᠤᠷ ᠵᠢᠱᠢᠶᠡᠴᠢ ᠶᠢᠨ ᠨᠡᠩ ᠶᠡᠭᠡ ᠠᠮᠵᠢᠯᠲᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ᠪᠦᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠪᠠᠭᠠᠲᠤᠷ ᠵᠢᠱᠢᠶᠡᠴᠢ ᠪᠠᠷ ᠳᠠᠭᠤᠷᠢᠶᠠᠯ ᠪᠣᠯᠭᠠᠵᠤ᠂ ᠪᠠᠭᠠᠲᠤᠷ ᠵᠢᠱᠢᠶᠡᠴᠢ ᠠᠴᠠ ᠰᠤᠷᠤᠯᠴᠠᠬᠤ᠂ ᠪᠠᠭᠠᠲᠤᠷ ᠵᠢᠱᠢᠶᠡᠴᠢ ᠶᠢ ᠡᠷᠬᠢᠮᠯᠡᠬᠦ᠂ ᠪᠠᠭᠠᠲᠤᠷ ᠵᠢᠱᠢᠶᠡᠴᠢ ᠪᠣᠯᠬᠤ ᠪᠠᠷ ᠴᠢᠷᠮᠠᠶᠢᠬᠤ ᠬᠠᠯᠠᠭᠤᠨ ᠰᠡᠳᠬᠢᠯᠭᠡ ᠶᠢ ᠳᠠᠷᠤᠶᠢᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠣᠷᠭᠢᠯᠤᠮ᠎ᠠ ᠰᠡᠳᠬᠢᠯᠭᠡ ᠪᠠ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠬᠥᠮᠦᠵᠢᠯ ᠴᠡᠭᠴᠡᠯᠡᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠥᠷᠭᠡᠴᠡ ᠪᠠ ᠭᠦᠨᠴᠡ ᠶᠢ ᠶᠡᠭᠡ ᠪᠠᠷ ᠥᠷᠭᠡᠳᠬᠡᠵᠦ᠂ ᠲᠥᠪ ᠭᠤᠣᠯᠴᠢ ᠰᠢᠳᠤᠷᠭᠤ ᠶᠣᠰᠣᠨ ᠤ ᠲᠤᠬᠠᠶ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠶ ᠪᠠᠷ ᠨᠡᠶᠢᠴᠡᠭᠦᠯᠵᠦ᠂ ᠬᠠᠤᠯᠢ ᠶᠢ ᠴᠢᠩᠭ᠎ᠠ ᠬᠡᠷᠡᠭᠵᠢᠭᠦᠯᠵᠦ ᠲᠥᠪ ᠭᠤᠣᠯᠴᠢ ᠪᠠᠷ ᠬᠠᠤᠯᠢ ᠪᠠᠷᠢᠬᠤ ᠶᠢ ᠭᠦᠨᠵᠡᠭᠡᠶ ᠲᠦᠯᠬᠢᠨ ᠠᠬᠢᠭᠤᠯᠵᠤ᠂ ᠰᠢᠨ᠎ᠡ ᠠᠶᠠᠨ ᠵᠠᠮ ᠳᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ ᠬᠠᠭᠤᠳᠠᠰᠤ ᠶᠢ ᠰᠦᠪᠡᠭᠴᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠮᠡᠳᠡᠭᠦᠯᠦᠯᠲᠡ ᠶᠢᠨ ᠬᠤᠷᠠᠯ ᠳᠡᠭᠡᠷ᠎ᠡ᠂ 5 ᠪᠠᠭᠠᠲᠤᠷ ᠵᠢᠱᠢᠶᠡᠴᠢ ᠴᠢᠩ ᠦᠨᠡᠨᠴᠢ ᠰᠡᠳᠬᠢᠯᠭᠡ᠂ ᠪᠣᠷᠣᠭᠵᠢᠭᠤᠨ ᠦᠭᠡ ᠬᠡᠯᠡᠯᠭᠡ ᠪᠠᠷ ᠥᠪᠡᠷ ᠤᠨ ᠪᠠ ᠪᠠᠶᠢᠭ᠎ᠠ ᠪᠦᠯᠬᠦᠮ ᠤᠨ ᠢᠶᠠᠨ ᠲᠡᠷᠢᠭᠦᠨ ᠤ ᠦᠢᠯᠡ ᠠᠵᠢᠯᠯᠠᠭ᠎ᠠ ᠶᠢ ᠨᠢᠭᠡᠳ ᠨᠢᠭᠡ ᠪᠠᠷ ᠶᠠᠷᠢᠵᠤ᠂ ᠲᠠᠶᠢᠰᠠᠨ ᠳᠣᠣᠷᠠᠬᠢ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠤᠭᠰᠠᠨ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ