ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠡᠰ ᠤᠨ ᠤᠳᠤᠷᠢᠳᠬᠤ ᠺᠠᠳ᠋ᠷᠴᠤᠳ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠬᠡᠯᠡᠬᠦ ᠶᠡᠭᠡ ᠬᠤᠷᠠᠯ ᠤᠨ ᠦᠪᠡᠳᠡᠭᠰᠢ ᠪᠠᠶᠢᠳᠠᠯ ᠤᠨ ᠰᠢᠭᠤᠳ ᠨᠡᠪᠲᠡᠷᠡᠭᠦᠯᠭᠡ ᠶᠢ ᠬᠠᠮᠳᠤ ᠪᠠᠷ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2021/7/2

      7 ᠰᠠᠷ᠎ᠠ ᠶᠢᠨ 1 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠪᠠ᠃

1.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠠᠰ ᠤᠨ ᠤᠳᠤᠷᠢᠳᠬᠤ ᠺᠠᠳ᠋ᠷᠴᠤᠳ ᠬᠥᠬᠡᠬᠤᠲᠠ ᠳᠤ ᠪᠡᠯᠭᠡᠯᠡᠬᠦ ᠶᠡᠭᠡ ᠬᠤᠷᠠᠯ ᠤᠨ ᠦᠪᠡᠳᠡᠭᠰᠢ ᠪᠠᠶᠢᠳᠠᠯ ᠤᠨ ᠰᠢᠭᠤᠳ ᠨᠡᠪᠲᠡᠷᠡᠭᠦᠯᠭᠡ ᠶᠢ ᠬᠠᠮᠲᠤ ᠪᠠᠷ ᠭᠥᠯᠢᠶᠡᠨ ᠠᠪᠴᠤ ᠦᠵᠡᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪ ᠤᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠰᠢᠤᠢ ᠯᠢ ᠴᠢᠤᠸᠠᠨ᠂ ᠳᠡᠳ᠋ ᠳᠤᠭᠤᠶᠢᠯᠠᠩ ᠤᠨ ᠳᠠᠷᠤᠭ᠎ᠠ ᠸᠠᠩ ᠸᠧᠢ ᠭᠦᠸᠧ ᠪᠣᠯᠤᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠠᠮᠲᠤ ᠪᠠᠷ ᠬᠦᠯᠢᠶᠡᠨ ᠠᠪᠴᠤ ᠦᠵᠡᠪᠡ᠃
      ᠦᠳᠡ ᠶᠢᠨ ᠡᠮᠦᠨᠡᠬᠢ 8 ᠴᠠᠭ ᠲᠤ ᠪᠡᠯᠭᠡᠯᠡᠬᠦ ᠶᠡᠭᠡ ᠬᠤᠷᠠᠯ ᠵᠢᠩᠬᠢᠨᠢ ᠪᠠᠷ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠭᠡᠷ ᠲᠤ ᠲᠥᠪ ᠤᠨ ᠲᠧᠯᠸᠢᠰ ᠬᠤᠷᠢᠶᠠᠨ ᠤ ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠢ ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠡᠰ ᠤᠨ ᠤᠳᠤᠷᠢᠳᠬᠤ ᠨᠥᠬᠦᠳ ᠰᠡᠳᠬᠢᠯ ᠢᠶᠠᠨ ᠲᠥᠪᠯᠡᠷᠡᠭᠦᠯᠦᠨ ᠦᠵᠡᠵᠦ᠂ ᠰᠡᠳᠬᠢᠯ ᠲᠠᠯᠪᠢᠨ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠬᠦᠮᠦᠰ ᠤᠨ ᠰᠡᠳᠬᠢᠯ ᠵᠢᠷᠦᠬᠡ ᠶᠢ ᠲᠤᠬᠳᠤᠯᠤᠭᠤᠯᠤᠬᠰᠠᠨ ᠡᠨᠡ ᠬᠦ ᠢᠷᠠᠭᠤ ᠠᠯᠳᠠᠷᠲᠤ ᠴᠠᠭ ᠮᠥᠴᠡ ᠶᠢ ᠬᠠᠮᠲᠤ ᠪᠠᠷ ᠭᠡᠷᠡᠴᠢᠯᠡᠪᠡ᠃

2.jpg


      ᠬᠦᠯᠢᠶᠡᠨ ᠠᠪᠴᠤ ᠦᠵᠡᠵᠦ ᠳᠠᠭᠤᠰᠤᠭᠰᠠᠨ ᠤ ᠳᠠᠷᠠᠭ᠎ᠠ ᠱᠢ ᠲᠠᠢ ᠹᠧᠩ ᠶᠠᠷᠢᠶ᠎ᠠ ᠲᠠᠯᠪᠢᠪᠠ᠃ ᠲᠡᠷᠡ᠂ ᠪᠡᠯᠬᠡᠯᠡᠬᠦ ᠶᠡᠭᠡ ᠬᠤᠷᠠᠯ ᠲᠥᠪ ᠶᠡᠬᠡᠮᠰᠦᠭ ᠪᠠᠶᠠᠷ ᠪᠡᠶᠡᠰᠬᠤᠯᠠᠩ ᠲᠠᠢ᠂ ᠦᠪᠡᠳᠡᠭᠰᠢ ᠶᠡᠭᠡ ᠪᠥᠭᠡᠳ ᠬᠦᠷ ᠬᠥᠭᠵᠢᠶᠡᠨ ᠲᠠᠢ ᠶᠠᠪᠤᠭᠳᠠᠵᠤ᠂ ᠨᠢᠭᠡᠨ ᠬᠡᠷᠡᠯ ᠬᠢᠯᠪᠠᠭ᠎ᠠ ᠪᠠᠳᠠᠷᠠᠩᠭᠤᠢ 100 ᠵᠢᠯ ᠤᠨ ᠠᠭᠤᠤ ᠨᠠᠮ ᠤᠨ ᠪᠣᠯᠪᠠᠰᠤᠷᠠᠩᠭᠤᠢ ᠢᠲᠡᠭᠡᠯ ᠲᠠᠢ᠂ ᠵᠢᠪᠬᠤᠭ᠎ᠠ ᠳᠡᠬᠦᠯᠳᠡᠷ ᠳᠦᠷᠰᠦ ᠪᠠᠶᠢᠳᠠᠯ ᠪᠣᠯᠤᠨ ᠴᠤᠭ ᠵᠢᠪᠬᠤᠭ᠎ᠠ ᠶᠢ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠨᠡᠶᠢᠭᠡᠮ ᠵᠢᠷᠤᠮᠲᠤ ᠳᠤᠮᠳᠠᠳᠤ ᠤᠯᠤᠰ ᠤᠨ ᠠᠮᠢᠯᠠᠯ ᠤᠨ ᠬᠦᠴᠦᠨ ᠪᠣᠯᠤᠨ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠷᠭᠦᠯᠵᠢᠯᠡᠨ ᠲᠡᠮᠡᠴᠡᠬᠦ ᠪᠠᠷ ᠳᠠᠮᠵᠢᠨ ᠪᠢᠳᠡ ᠨᠢᠭᠡᠳᠦᠭᠡᠷ 100 ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠤ᠂ ᠬᠠᠷᠢᠴᠠᠯᠠᠰᠢ ᠦᠬᠡᠢ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠶ ᠪᠠᠷ ᠰᠢᠢᠳᠪᠦᠷᠢᠯᠡᠭᠰᠡᠨ ᠢ ᠲᠥᠪ ᠴᠢᠩᠭ᠎ᠠ ᠪᠠᠷ ᠲᠤᠩᠬᠠᠭᠯᠠᠵᠥ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠲᠤᠷᠰᠢᠬᠢ ᠠᠭᠤᠤ ᠶᠡᠭᠡ ᠲᠡᠦᠬᠡᠨ ᠶᠠᠪᠤᠴᠠ ᠶᠢ ᠭᠦᠨ ᠰᠡᠳᠬᠢᠯᠭᠡ ᠲᠠᠢ ᠪᠠᠷ ᠡᠷᠭᠢᠴᠡᠭᠦᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ 100 ᠵᠢᠯ ᠤᠨ ᠲᠡᠮᠡᠴᠡᠯ ᠤᠨ ᠡᠭᠦᠳᠦᠨ ᠪᠦᠲᠦᠭᠡᠭᠰᠡᠨ ᠲᠡᠦᠬᠡ ᠶᠢᠨ ᠠᠭᠤᠤ ᠦᠢᠯᠡᠰ᠂ ᠣᠯᠤᠭᠰᠠᠨ ᠲᠡᠦᠬᠡᠨ ᠲᠤᠷᠰᠢᠯᠭ᠎ᠠ᠂ ᠬᠦᠷᠳᠡᠭᠰᠡᠨ ᠲᠡᠦᠬᠡ ᠶᠢᠨ ᠰᠡᠩᠬᠡᠷᠡᠭᠦᠯᠦᠯ ᠢ ᠭᠦᠨᠵᠡᠭᠡᠶ ᠳ᠋ᠦᠩᠨᠡᠵᠥ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠵᠥ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠭᠡᠰᠢᠭᠦᠳ ᠲᠤ ᠠᠭᠤᠤ ᠶᠡᠭᠡ ᠤᠷᠢᠶᠠᠯᠠᠭ᠎ᠠ ᠭᠠᠷᠭᠠᠪᠠ᠃ ᠰᠣᠨᠣᠰᠤᠭᠰᠠᠨ ᠤ ᠳᠠᠷᠠᠭ᠎ᠠ ᠬᠥᠮᠦᠨ ᠤ ᠰᠡᠳᠬᠢᠯ ᠢ ᠳᠣᠭᠳᠣᠯᠤᠭᠤᠯᠤᠨ᠂ ᠲᠦᠢᠯ ᠢᠶᠠᠷ ᠤᠷᠮᠠᠰᠢᠵᠤ᠂ ᠶᠡᠬᠡᠳᠡ ᠵᠣᠷᠢᠭᠵᠢᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠠᠯᠤᠰ ᠢ ᠬᠠᠷᠠᠵᠤ ᠬᠤᠯᠠ ᠶᠢ ᠪᠠᠷᠠᠯᠠᠨ᠂ ᠰᠦᠷ ᠳᠠᠯᠠᠶᠢᠴᠠᠲᠠᠶ ᠪᠠᠶᠢᠵᠥ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠪᠠᠶᠠᠯᠢᠭ ᠪᠠᠶᠢᠵᠥ᠂ ᠪᠦᠬᠦ ᠨᠠᠮ᠂ ᠪᠦᠬᠦ ᠤᠯᠤᠰ᠂ ᠪᠦᠬᠦ ᠳᠡᠯᠡᠬᠡᠶ ᠳᠤ ᠮᠠᠨ ᠤ ᠨᠠᠮ ᠤᠨ ᠰᠢᠨ᠎ᠡ ᠲᠡᠦᠬᠡᠨ ᠭᠠᠷᠤᠭ᠎ᠠ ᠳᠡᠭᠡᠷ᠎ᠡ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠥ᠂ ᠡᠷᠡᠯᠬᠡᠭᠯᠡᠨ ᠤᠷᠤᠭᠰᠢᠯᠠᠵᠥ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠠᠰᠤᠷᠠᠯᠲᠠ ᠦᠭᠡᠢ ᠲᠡᠮᠡᠴᠡᠨ ᠣᠯᠬᠤ ᠪᠠᠲᠤ ᠢᠲᠡᠭᠡᠯ ᠪᠠ ᠡᠷᠡᠰ ᠵᠣᠷᠢᠭ ᠢ ᠬᠠᠷᠠᠭᠤᠯᠵᠥ᠂ ᠳᠤᠮᠳᠠᠳᠤ ᠤᠯᠤᠰ ᠤᠨ ᠡᠪ ᠬᠠᠮᠲᠤ ᠨᠠᠮ ᠭᠡᠬᠦ ᠡᠨᠡ ᠬᠦ ᠮᠠᠷᠺᠰ ᠤᠨ ᠦᠵᠡᠯ ᠤᠨ ᠲᠥᠷᠥ ᠪᠠᠷᠢᠭᠴᠢ ᠨᠠᠮ ᠤᠨ ᠢᠲᠡᠭᠡᠯ ᠪᠠ ᠡᠭᠦᠷᠭᠡᠯᠡᠯ ᠢ ᠭᠦᠢᠴᠡᠳ ᠢᠯᠡᠷᠡᠭᠦᠯᠪᠡ᠃ ᠡᠨᠡ ᠨᠢ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠢᠲᠡᠭᠡᠯ ᠲᠡᠭᠦᠯᠳᠡᠷ ᠢᠶᠠᠷ ᠣᠷᠣᠯᠴᠠᠵᠥ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡ ᠶᠢᠨ ᠠᠭᠤᠤ ᠦᠢᠯᠡᠰ ᠢ ᠨᠠᠩ ᠴᠢᠷᠮᠠᠶᠢᠨ ᠠᠬᠢᠭᠤᠯᠬᠤ ᠳᠤ ᠮᠠᠰᠢ ᠴᠢᠬᠤᠯᠠ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠬᠡᠵᠦ ᠬᠡᠯᠡᠪᠡ᠃
      ᠱᠢ ᠲᠠᠢ ᠹᠧᠩ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠪᠠ ᠬᠤᠶᠢᠰᠢᠳᠠ ᠶᠢᠨ ᠨᠢᠬᠡ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠮᠦᠨ ᠴᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ

︵ᠨᠠᠮ ᠤᠨ ᠤᠳᠤᠷᠢᠳᠬᠤ ᠳᠤᠭᠤᠶᠢᠯᠠᠩ︶ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠥ᠂ ᠤᠯᠤᠰ ᠲᠥᠷᠥ ᠶᠢᠨ᠂ ᠪᠦᠬᠦ ᠲᠠᠯ᠎ᠠ ᠶᠢᠨ᠂ ᠲᠡᠦᠬᠡ ᠶᠢᠨ ᠦᠨᠳᠦᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠴᠢᠬᠤᠯᠠ ᠶᠡᠭᠡ ᠤᠳᠬ᠎ᠠ ᠠᠭᠤᠯᠭ᠎ᠠ ᠶᠢ ᠭᠦᠢᠴᠡᠳ ᠲᠠᠨᠢᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠡᠯ᠎ᠡ ᠵᠦᠢᠯ ᠤᠨ ᠠᠵᠢᠯ ᠢ ᠨᠠᠷᠢᠨ ᠨᠢᠮᠪᠠᠶ ᠲᠥᠯᠥᠪᠯᠡᠵᠥ᠂ ᠨᠠᠷᠢᠨ ᠨᠢᠮᠪᠠᠶ ᠵᠣᠬᠢᠶᠠᠨ ᠪᠠᠶᠢᠭᠤᠯᠵᠥ᠂ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠣᠯᠪᠠᠰᠤᠷᠠᠭᠤᠯᠤᠯ ᠢ ᠰᠠᠶᠢᠲᠤᠷ ᠠᠳᠬᠤᠵᠥ᠂ ᠨᠡᠶᠢᠭᠡᠮ ᠨᠡᠶᠢᠲᠡ ᠳᠤ ᠬᠠᠨᠳᠤᠭᠤᠯᠤᠭᠰᠠᠨ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠠᠳᠬᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠣᠯᠤᠨ ᠠᠷᠠᠳ ᠣᠯᠠᠨ ᠤ ᠭᠦᠨᠵᠡᠭᠡᠶ ᠰᠤᠷᠤᠯᠴᠠᠨ ᠣᠶᠢᠯᠠᠭᠠᠬᠤ ᠶᠢ ᠬᠥᠲᠥᠯᠥᠨ ᠵᠢᠯᠣᠭᠤᠳᠴᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠤᠢᠢᠯᠠᠭᠠᠨ ᠡᠵᠡᠮᠰᠢᠵᠥ᠂ ᠨᠠᠮ ᠤᠨ 100 ᠵᠢᠯ ᠤᠨ ᠲᠡᠮᠡᠴᠡᠯ ᠤᠨ ᠲᠡᠦᠬᠡᠨ ᠶᠠᠪᠤᠴᠠ ᠠᠴᠠ ᠤᠷᠤᠭᠰᠢᠯᠠᠯᠳᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠨᠡᠩ ᠰᠠᠶᠢᠳᠤᠷ ᠰᠢᠩᠭᠡᠭᠡᠨ ᠠᠪᠬᠤ ᠬᠡᠷᠡᠭᠲᠡᠢ᠃ ᠮᠤᠵᠢ ᠶᠢᠨ ᠳᠡᠰ ᠤᠨ ᠤᠳᠤᠷᠢᠳᠬᠤ ᠨᠥᠬᠦᠳ ᠲᠦᠷᠦᠭᠦᠯᠡᠨ ᠭᠦᠨᠵᠡᠭᠡᠢ ᠰᠤᠷᠤᠯᠴᠠᠨ ᠰᠤᠳᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠦᠷᠦᠭᠦᠯᠡᠨ ᠰᠠᠶᠢᠲᠤᠷ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃

 

3.jpg


      ᠱᠢ ᠲᠠᠢ ᠹᠧᠩ᠂ ᠡᠷᠡᠮᠡᠬᠡᠶᠢᠯᠡᠨ ᠤᠷᠤᠭᠰᠢᠯᠠᠵᠤ᠂ ᠴᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠤᠷᠤᠬᠰᠢ ᠠᠬᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠂ ᠮᠦᠨ ᠴᠤ ᠨᠠᠮ ᠤᠨ 100 ᠵᠢᠯ ᠤᠨ ᠣᠶ ᠶᠢ ᠬᠠᠮᠤᠭ ᠤᠨ ᠰᠠᠶᠢᠨ ᠢᠶᠠᠷ ᠳᠤᠷᠠᠰᠬᠠᠬᠤ ᠶᠠᠪᠤᠳᠠᠯ ᠮᠥᠨ᠃ ᠪᠢᠳᠡ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠬᠠᠮᠠᠳ ᠬᠤᠪᠢᠰᠬᠠᠯᠴᠢᠳ ᠤᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠲᠡᠦᠬᠡ ᠪᠣᠯᠤᠨ ᠠᠷᠠᠳ ᠲᠦᠮᠡᠨ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠤᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠲᠠᠢ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠬᠥᠭᠵᠢᠭᠡᠭᠰᠡᠨ ᠢᠲᠡᠭᠡᠯ ᠵᠣᠷᠢᠭ᠂ ᠤᠷᠬᠢᠯᠤᠮ᠎ᠠ ᠬᠠᠯᠠᠭᠤᠨ ᠰᠡᠳᠬᠢᠯᠭᠡ ᠪᠠᠨ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠪᠣᠳᠠᠲᠠᠶ ᠠᠵᠢᠯᠯᠠᠭ᠎ᠠ ᠪᠠ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠭᠥᠯᠢᠶᠡᠨ ᠠᠪᠴᠤ ᠰᠣᠨᠣᠰᠴᠤ ᠦᠵᠡᠬᠦ ᠠᠵᠢᠯ ᠢ ᠵᠣᠬᠢᠶᠠᠨ ᠪᠠᠶᠢᠭᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ