ᠰᠢᠯᠢ ᠶᠢᠨ ᠭᠤᠤᠯ ᠠᠶᠢᠮᠠᠭ ᠤᠨ 5G ᠰᠦᠯᠵᠢᠶᠡᠨ ᠤ ᠰᠠᠭᠤᠷᠢ ᠥᠷᠲᠡᠭᠡ ᠶᠢᠨ ᠪᠠᠶᠢᠭᠤᠯᠤᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2021/7/2

     ᠰᠢᠯᠢ ᠶᠢᠨ ᠭᠤᠤᠯ ᠠᠶᠢᠮᠠᠭ 2019 ᠣᠨ ᠤ 12ᠳ᠋ᠤᠭᠠᠷ ᠰᠠᠷ᠎ᠠ ᠠᠴᠠ ᠡᠬᠢᠯᠡᠨ 5G ᠰᠦᠯᠵᠢᠶ᠎ᠡ ᠶᠢᠨ ᠪᠠᠶᠢᠭᠤᠯᠤᠯᠲᠠ ᠶᠢ ᠡᠬᠢᠯᠡᠭᠦᠯᠦᠭᠰᠡᠨ ᠠᠴᠠ ᠨᠠᠭᠠᠰᠢ᠂ ᠠᠶᠢᠮᠠᠭ ᠤᠨ ᠲᠡᠮᠦᠷ ᠰᠤᠪᠤᠷᠭ᠎ᠠ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ ᠪᠠ ᠴᠠᠬᠢᠯᠭᠠᠨ ᠬᠤᠯᠪᠣᠭᠠᠨ ᠤ ᠺᠣᠮᠫᠠᠨᠢ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ︵ᠲᠣᠭᠤᠷᠢᠭ︶ ᠶᠢᠨ ᠪᠠᠶᠢᠭ᠎ᠠ ᠭᠠᠵᠠᠷ ᠲᠤ 5G ᠰᠠᠭᠤᠷᠢ ᠥᠷᠲᠡᠭᠡ ᠶᠢᠨ ᠪᠠᠶᠢᠭᠤᠯᠤᠯᠲᠠ ᠶᠢ ᠬᠡᠷᠡᠭᠵᠢᠭᠦᠯᠵᠦ᠂ 6 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ 5G ᠰᠠᠭᠤᠷᠢ ᠥᠷᠲᠡᠭᠡ ᠶᠢ ᠨᠡᠶᠢᠲᠡ 644 ᠪᠠᠶᠢᠭᠤᠯᠵᠤ᠂ 5G ᠰᠠᠭᠤᠷᠢ ᠥᠷᠲᠡᠭᠡ ᠶᠢ 462 ᠨᠡᠪᠲᠡᠷᠡᠭᠦᠯᠦᠨ ᠠᠵᠢᠯᠯᠠᠭᠤᠯᠵᠤ᠂ 187 ᠺᠢᠯᠣᠮᠧᠲᠷ ᠭᠡᠷᠡᠯᠯᠢᠭ ᠳᠡᠭᠡᠰᠦ ᠶᠢ ᠳᠡᠪᠢᠰᠴᠦ᠂ 1.78 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ᠃ 2021 ᠣᠨ ᠤ 1 — 6 ᠳ᠋ᠤᠭᠠᠷ ᠰᠠᠷ᠎ᠠ ᠳᠤ᠂ ᠪᠥᠬᠦ ᠠᠶᠢᠮᠠᠭ 5G ᠶᠢᠨ ᠰᠠᠭᠤᠷᠢ ᠥᠷᠲᠡᠭᠡ ᠶᠢ ᠨᠡᠶᠢᠲᠡ 242 ᠪᠠᠶᠢᠭᠤᠯᠵᠤ᠂ ᠣᠨ ᠤ ᠬᠠᠷᠠᠯᠲᠠ ᠡᠭᠦᠷᠭᠡ ᠶᠢᠨ 34.6% ᠶᠢ ᠪᠡᠶᠡᠯᠡᠭᠦᠯᠪᠡ︔ 5G ᠶᠢᠨ ᠰᠠᠭᠤᠷᠢ ᠥᠷᠲᠡᠭᠡ ᠶᠢ 88 ᠨᠡᠪᠲᠡᠷᠡᠭᠦᠯᠦᠨ ᠠᠵᠢᠯᠯᠠᠭᠤᠯᠵᠤ᠂ ᠡᠭᠦᠨ ᠳᠤ ᠰᠢᠯᠢᠩᠬᠤᠲᠠ ᠳᠤ 69᠂ ᠡᠷᠢᠶᠡᠨ ᠬᠤᠲᠠ ᠳᠤ 19 ᠪᠣᠶ︔ ᠨᠡᠶᠢᠲᠡ 6534 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠡᠭᠦᠨ ᠳᠤ ᠰᠢᠯᠢᠩᠬᠤᠲᠠ 2943 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ᠃
     ᠪᠥᠬᠦ ᠠᠶᠢᠮᠠᠭ ᠤᠨ 5G ᠶᠢᠨ ᠰᠠᠭᠤᠷᠢ ᠥᠷᠲᠡᠭᠡ ᠨᠢ ᠭᠤᠤᠯᠳᠠᠭᠤ ᠡᠯ᠎ᠡ ᠱᠠᠲᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠨᠢᠰᠬᠡᠯ ᠤᠨ ᠪᠠᠭᠤᠳᠠᠯ᠂ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ᠂ ᠬᠤᠳᠠᠯᠳᠤᠭᠠᠨ ᠤ ᠵᠡᠭᠡᠯᠢ ᠲᠣᠭᠤᠷᠢᠭ ᠵᠡᠷᠭᠡ ᠨᠢᠭᠡᠴᠢ ᠪᠠ ᠲᠠᠯᠠᠪᠤᠷ ᠲᠤ ᠲᠠᠷᠬᠠᠵᠤ ᠪᠠᠶᠢᠨ᠎ᠠ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ