2021 ᠣᠨ ᠤ ᠳᠣᠤᠷ᠎ᠠ ᠬᠠᠭᠠᠰ ᠵᠢᠯ ᠤᠨ ᠪᠥᠬᠦ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/21

      7 ᠳ᠋ᠤᠭᠠᠷ ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ 2021 ᠣᠨ ᠤ ᠳᠣᠤᠷ᠎ᠠ ᠬᠠᠭᠠᠰ ᠵᠢᠯ ᠤᠨ ᠪᠥᠬᠦ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠸᠤ ᠶᠠᠩ ᠰᠢᠶᠤᠤ ᠬᠤᠶ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃
      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠠᠬᠢᠭᠤᠯᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠸᠠᠺᠼᠢᠨ ᠤ ᠲᠠᠷᠢᠯᠭ᠎ᠠ ᠶᠢ ᠰᠠᠶᠢᠲᠤᠷ ᠬᠢᠬᠦ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠠᠷᠭ᠎ᠠ ᠪᠠᠷᠢᠯ ᠪᠣᠯᠭᠠᠵᠤ᠂ ᠨᠢᠭᠡᠳᠦᠯᠲᠡᠶ ᠲᠦᠯᠦᠪᠯᠡᠨ ᠵᠣᠬᠢᠴᠠᠭᠤᠯᠬᠤ ᠪᠠᠨ ᠴᠢᠩᠭᠠᠳᠬᠠᠨ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠵᠤ᠂ ︽ᠨᠠᠮ ᠤᠨ ᠬᠤᠷᠢᠶ᠎ᠠ ᠵᠠᠰᠠᠭ ᠤᠨ ᠣᠷᠳᠣᠨ ᠬᠥᠮᠦᠨ ᠡᠷᠢᠬᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠷᠢᠯᠭ᠎ᠠ ᠲᠠᠷᠢᠬᠤ︾ ᠵᠠᠷᠴᠢᠮ ᠶᠣᠰᠣᠭᠠᠷ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠢ᠂ ᠰᠤᠷᠭᠠᠭᠤᠯᠢ ᠵᠡᠷᠭᠡ ᠲᠠᠯ᠎ᠠ ᠶᠢᠨ ᠵᠣᠬᠢᠶᠠᠨ ᠪᠠᠶᠢᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠲᠠᠷᠢᠬᠤ ᠶᠣᠰᠣᠲᠠᠶ ᠶᠢ ᠨᠢ ᠪᠦᠬᠦᠨ ᠢ ᠲᠠᠷᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠷᠠᠯᠲᠠ ᠪᠠᠨ ᠴᠢᠩᠭ᠎ᠠ ᠣᠨᠢᠯᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠲᠠᠷᠢᠯᠭ᠎ᠠ ᠲᠠᠷᠢᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ