ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠤᠨ ᠠᠵᠤ ᠠᠬᠤᠶᠢᠯᠠᠯ ᠤᠨ ᠬᠥᠭᠵᠢᠯᠲᠡ ᠶᠢ ᠲᠠᠮᠵᠢᠬᠦ ᠳᠣᠲᠣᠭᠠᠳᠤ ᠬᠡᠷᠡᠭᠴᠡᠭᠡ ᠶᠢ ᠥᠷᠭᠡᠳᠬᠡᠨ ᠠᠵᠢᠯ ᠣᠯᠭᠤᠯᠲᠠ ᠶᠢ ᠪᠠᠲᠤᠯᠠᠵᠤ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠤᠨ ᠲᠤᠭᠤᠷᠢᠨ ᠳᠤ ᠠᠰᠠᠭᠤᠳᠠᠯ ᠤᠨ ᠰᠦᠪᠡᠭᠴᠢ ᠴᠤᠭᠯᠠᠭᠤᠯᠬᠤ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2021/7/21

      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠳᠡ ᠶᠢ ᠪᠠᠲᠤᠯᠠᠬᠤ ᠶᠢᠨ ᠲᠤᠯᠠᠳᠠ᠂ ᠲᠥᠷᠥ ᠶᠢᠨ ᠶᠠᠪᠤᠳᠠᠯ ᠤᠨ ᠬᠤᠷᠢᠶ᠎ᠠ 8 ᠰᠠᠷ᠎ᠠ ᠶᠢᠨ ᠬᠤᠷᠢᠳ ᠠᠴᠠ 9 ᠰᠠᠷ᠎ᠠ ᠶᠢᠨ ᠠᠷᠪᠠᠳ ᠪᠣᠯᠲᠠᠯ᠎ᠠ ᠨᠠᠢᠮᠠᠳᠤᠭᠠᠷ ᠤᠳᠠᠭᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ ᠪᠠᠷ ᠪᠤᠢ᠃ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠱᠠᠯᠠᠪᠳᠠᠭᠤᠯᠤᠨ ᠪᠠᠶᠢᠴᠠᠭᠠᠬᠤ︾ ᠲᠠᠪᠴᠠᠩ ᠤᠨ ᠵᠢᠵᠢᠭ ᠫᠷᠤᠭ᠍ᠷᠠᠮ ︵ᠵᠢᠵᠢᠭ ᠫᠷᠤᠭ᠍ᠷᠠᠮ ᠤᠨ ᠮᠡᠷᠭᠡᠨ ᠴᠤᠬᠤᠷ ᠨᠢ ᠳᠤᠤᠷᠠᠬᠢ ᠮᠡᠲᠦ︶ ᠳᠤ ᠭᠠᠷᠴᠤ᠂ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠤᠨ ᠠᠵᠤ ᠠᠬᠤᠶᠢᠯᠠᠯ ᠤᠨ ᠬᠥᠭᠵᠢᠯᠲᠡ ᠶᠢ ᠲᠠᠮᠵᠢᠬᠦ᠂ ᠳᠣᠲᠣᠭᠠᠳᠤ ᠬᠡᠷᠡᠭᠴᠡᠭᠡ ᠶᠢ ᠥᠷᠭᠡᠳᠬᠡᠨ ᠠᠵᠢᠯ ᠣᠯᠭᠤᠯᠲᠠ ᠶᠢ ᠪᠠᠲᠤᠯᠠᠵᠤ ᠠᠷᠠᠳ ᠤᠨ ᠠᠮᠢᠳᠤᠷᠠᠯ ᠢ ᠪᠠᠲᠤᠯᠠᠬᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠭᠤᠤᠯᠳᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠠᠭᠤᠷᠮᠠᠭ᠂ ᠦᠡᠭᠭᠡᠪᠴᠢ᠂ ᠳᠤᠲᠠᠭᠤ ᠳᠣᠷᠭᠤᠨ ᠨᠠᠶᠢᠳᠠᠪᠤᠷᠢᠵᠢᠭᠤᠯᠤᠭᠰᠠᠨ᠂ ᠡᠰᠡᠪᠡᠯ ᠦᠭᠡᠷᠡᠳᠦᠭᠦᠯᠦᠨ ᠬᠤᠪᠢᠷᠠᠭᠤᠯᠤᠭᠰᠠᠨ᠂ ᠠᠵᠤ ᠠᠬᠤᠶᠢᠯᠠᠯ ᠪᠠ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠦᠨᠳᠦ ᠨᠣᠴᠢᠲᠠᠶ ᠬᠤᠬᠢᠷᠠᠭᠤᠯᠤᠭᠰᠠᠨ᠂ ᠵᠠᠷᠯᠢᠭ ᠪᠠᠶᠢᠪᠠᠴᠤ ᠬᠡᠷᠡᠭᠵᠢᠭᠦᠯᠬᠦ ᠥᠬᠡᠶ᠂ ᠬᠤᠷᠢᠭ᠎ᠠ ᠪᠠᠶᠢᠪᠠᠴᠤ ᠵᠤᠬᠰᠤᠬᠤ ᠦᠭᠡᠢ ᠵᠢᠴᠢ ᠠᠵᠢᠯ ᠢᠶᠠᠨ ᠥᠯᠥ ᠬᠢᠬᠦ᠂ ᠠᠵᠢᠯ ᠢᠶᠠᠨ ᠤᠳᠠᠭᠠᠨ ᠬᠢᠬᠦ᠂ ᠳᠤᠷ᠎ᠠ ᠪᠠᠷ ᠢᠶᠠᠨ ᠦᠢᠯᠡᠳᠬᠦ ᠵᠡᠷᠭᠡ ᠲᠠᠯ᠎ᠠ ᠶᠢᠨ ᠠᠰᠠᠭᠤᠳᠠᠯ ᠤᠨ ᠲᠤᠭᠤᠷᠢᠨ ᠳᠤ᠂ ᠤᠯᠠᠨ ᠲᠦᠮᠠᠨ ᠠᠴᠠ ᠰᠦᠪᠡᠭᠴᠢ ᠬᠠᠩᠭᠠᠬᠤ ᠶᠢ ᠪᠠᠶᠠᠷᠯᠠᠨ ᠤᠭᠳᠤᠵᠤ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠬᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠲᠠᠯ᠎ᠠ ᠳᠤ ᠬᠤᠯᠪᠣᠭᠳᠠᠭᠰᠠᠨ ᠠᠰᠠᠭᠤᠳᠠᠯ ᠤᠨ ᠰᠦᠪᠡᠭᠴᠢ ᠶᠢ ᠴᠦ ᠲᠤᠰ ᠲᠠᠪᠴᠠᠩ ᠢᠶᠠᠷ ᠳᠠᠮᠵᠢᠭᠤᠯᠤᠨ ᠲᠤᠰᠬᠠᠵᠤ ᠪᠣᠯᠤᠨ᠎ᠠ᠃ ᠡᠭᠦᠨ ᠤ ᠳᠣᠲᠣᠷᠠᠬᠢ ᠲᠥᠯᠥᠭᠡᠯᠡᠬᠦ ᠴᠢᠨᠠᠷᠲᠠᠶ ᠨᠡᠶᠢᠲᠡᠯᠢᠭ ᠠᠰᠠᠭᠤᠳᠠᠯ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠰᠦᠪᠡᠭᠴᠢ ᠶᠢᠨ ᠲᠠᠭᠠᠤ ᠠᠰᠠᠭᠤᠳᠠᠯ ᠢ ᠮᠦ᠋ᠷᠳᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠭᠤᠷᠪᠠᠨ ᠤ ᠬᠤᠶᠠᠷ ᠠᠴᠠ ᠳᠡᠭᠡᠭᠰᠢᠬᠢ ᠠᠵᠢᠯᠲᠠᠨ ᠭᠤᠷᠪᠠᠨ ᠤ ᠬᠤᠶᠠᠷ ᠠᠴᠠ ᠳᠡᠭᠡᠭᠰᠢᠬᠢ ᠴᠠᠭ ᠢᠶᠠᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠨ ᠱᠠᠯᠠᠪᠳᠠᠭᠤᠯᠤᠨ ᠪᠠᠶᠢᠴᠠᠭᠠᠬᠤ ᠳᠤ ᠬᠡᠷᠡᠭᠯᠡᠬᠦ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠭᠦᠨ᠎ᠡ᠃ ᠰᠦᠪᠡᠭᠴᠢ ᠴᠤᠭᠯᠠᠭᠤᠯᠬᠤ ᠴᠠᠭ᠄ 2021 ᠣᠨ ᠤ 7 ᠰᠠᠷ᠎ᠠ ᠶᠢᠨ 16 ᠤ ᠡᠳᠦᠷ ᠠᠴᠠ 8 ᠰᠠᠷ᠎ᠠ ᠶᠢᠨ 31 ᠤ ᠡᠳᠦᠷ ᠪᠣᠯᠲᠠᠯ᠎ᠠ᠃
     ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠪᠠᠷ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠯᠠᠮᠵᠢᠯᠠᠨ ᠳᠡᠮᠵᠢᠬᠦ ᠶᠢ ᠬᠥᠰᠡᠵᠥ ᠪᠠᠶᠢᠨ᠎ᠠ︕

                            ᠲᠥᠷᠥ ᠶᠢᠨ ᠶᠠᠪᠤᠳᠠᠯ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ
                                      2021 ᠣᠨ ᠤ 7 ᠰᠠᠷ᠎ᠠ ᠶᠢᠨ 16 ᠤ ᠡᠳᠦᠷ



ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ