7 ᠳ᠋ᠤᠭᠠᠷ ᠰᠠᠷ᠎ᠠ ᠶᠢᠨ 19 ᠤ ᠡᠳᠦᠷ ᠤᠨ ᠣᠷᠣᠶ᠂ ᠲᠦᠩᠯᠢᠶᠣᠤ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ ᠬᠤᠷᠠᠯᠳᠤᠵᠤ᠂ | ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠬᠦ ᠠᠵᠢᠯ ᠤᠨ ᠪᠠᠴᠢᠮ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠢ ᠵᠠᠳᠠᠯᠤᠨ ᠰᠤᠳᠤᠯᠵᠤ᠂ ᠲᠦᠩᠯᠢᠶᠣᠤ ᠬᠤᠲᠠ ᠶᠢᠨ ᠦᠶᠡᠷ ᠢ | ᠰᠡᠷᠭᠡᠶᠢᠯᠡᠬᠦ ᠭᠤᠤᠯᠳᠠᠯᠭ᠎ᠠ ᠲᠠᠢ ᠠᠵᠢᠯ ᠳᠤ ᠳᠠᠬᠢᠨ ᠳᠠᠶᠢᠴᠢᠯᠠᠯᠲᠠ᠂ ᠳᠠᠬᠢᠨ ᠪᠠᠶᠢᠷᠢᠯᠠᠭᠤᠯᠤᠯᠲᠠ ᠬᠢᠪᠡ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠳᠠ ᠶᠢᠨ ᠳᠠᠷᠤᠭ᠎ᠠ᠂ ᠬᠤᠳᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠭᠦᠸᠧ ᠢᠦᠢ | ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ᠂ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠶ | ᠵᠢᠯᠣᠭᠤᠳᠣᠭᠴᠢ ᠵᠠᠩ ᠬᠤᠩ ᠹᠦ᠋ ᠬᠤᠷᠠᠯ ᠢ ᠡᠷᠭᠢᠯᠡᠪᠡ᠃ | ᠬᠤᠷᠠᠯ ᠠᠴᠠ ᠵᠢᠭᠠᠭᠰᠠᠨ ᠨᠢ᠂ ᠡᠨᠡ ᠵᠢᠯ ᠲᠦᠩᠯᠢᠶᠣᠤ ᠬᠤᠳᠠ ᠶᠢᠨ ᠦᠶᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠬᠡᠴᠡᠭᠦᠦ ᠪᠠᠶᠢᠵᠤ᠂ ᠦᠶᠡᠷ ᠢ | ᠠᠮᠤᠷ ᠲᠦᠪᠰᠢᠨ ᠢᠶᠠᠷ ᠥᠩᠭᠡᠷᠡᠭᠡᠵᠦ ᠳᠡᠶᠢᠯᠬᠦ ᠡᠰᠡᠬᠦ ᠪᠣᠯ ᠨᠢᠭᠡ ᠤᠳᠠᠭ᠎ᠠ ᠶᠢᠨ ︽ᠶᠡᠭᠡ ᠰᠢᠯᠭᠠᠯᠲᠠ︾ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠳ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠨᠣᠯᠵᠢᠬᠤᠨ ᠢ ᠯᠠᠪᠳᠠᠭᠤᠨ ᠪᠠᠲᠤᠲᠠᠢ ᠪᠣᠶ ᠪᠣᠯᠭᠠᠵᠤ᠂ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠪᠠᠬᠢᠯᠡᠯᠲᠡ ᠪᠠᠨ ᠴᠢᠩᠳᠠᠯᠠᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠪᠠᠲᠤᠯᠠᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯᠳᠠᠯᠭ᠎ᠠ ᠶᠢ ᠠᠳᠬᠤᠨ᠂ ᠵᠠᠩᠭᠢᠯᠠᠭ᠎ᠠ ᠶᠢ ᠴᠢᠩᠭ᠎ᠠ ᠣᠨᠢᠯᠠᠵᠤ᠂ ᠦᠶᠡᠷ ᠢ ᠰᠡᠷᠭᠡᠶᠢᠯᠡᠬᠦ ᠶᠡᠭᠡ ᠪᠠᠶᠢᠴᠠᠭᠠᠯᠲᠠ ᠶᠢ | ᠳᠠᠷᠤᠢ ᠲᠦᠷᠭᠡᠨ ᠥᠷᠨᠢᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠪᠣᠯᠤᠨ ᠪᠠᠭᠤᠷᠠᠢ ᠭᠤᠭᠴᠤᠭ᠎ᠠ ᠶᠢᠨ ᠪᠠᠶᠢᠴᠠᠭᠠᠯᠲᠠ ᠶᠢ ᠨᠢᠭᠡ ᠶᠢ ᠴᠦ ᠣᠷᠬᠢᠭᠳᠠᠭᠤᠯᠬᠤ | ᠦᠭᠡᠢ᠂ ᠠᠶᠤᠯ ᠲᠥᠭᠰᠢᠭᠦᠷᠢ ᠶᠢ ᠨᠢᠭᠡ ᠶᠢ ᠴᠦ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ ᠦᠶᠡᠷ ᠢ ᠰᠡᠷᠭᠡᠶᠢᠯᠡᠬᠦ ᠰᠠᠭᠤᠷᠢ ᠠᠵᠢᠯ ᠢ ᠪᠣᠳᠠᠲᠠᠢ ᠪᠠᠷ ᠬᠢᠬᠦ ᠬᠡᠷᠡᠭᠲᠡᠢ᠃ | ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠴᠢᠩᠭᠠᠳᠬᠠᠵᠤ᠂ ᠲᠤᠰᠬᠠᠢ ᠮᠡᠷᠭᠡᠵᠢᠯᠲᠡᠨ ᠤ ᠰᠤᠳᠤᠯᠤᠨ ᠮᠠᠭᠠᠳᠯᠠᠬᠤ ᠳᠤᠭᠤᠶᠢᠯᠠᠩ ᠢ ᠵᠣᠬᠢᠶᠠᠨ | ᠪᠠᠶᠢᠭᠤᠯᠵᠤ᠂ ᠶᠡᠷᠦᠩᠬᠡᠶᠢᠯᠡᠨ ᠵᠥᠪᠳᠡᠯᠴᠡᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤ | ᠨᠢ ᠤᠯᠠᠨ ᠠᠷᠭ᠎ᠠ ᠵᠠᠮ ᠢᠶᠠᠷ ᠣᠨᠣᠪᠴᠢᠲᠠᠢ ᠨᠡᠶᠢᠲᠡᠯᠡᠵᠦ᠂ ᠦᠶᠡᠷ ᠢ ᠰᠡᠷᠭᠡᠶᠢᠯᠡᠬᠦ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠪᠥᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠨ᠂ ᠪᠣᠳᠠᠲᠤ | ᠪᠠᠶᠢᠯᠳᠤᠭᠠᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠨ ᠠᠶᠤᠯ ᠭᠠᠮᠰᠢᠭ ᠠᠴᠠ ᠠᠪᠤᠷᠠᠬᠤ ᠠᠵᠢᠯ ᠢ ᠡᠮᠬᠢ ᠵᠢᠷᠤᠮ ᠲᠠᠢ ᠪᠥᠭᠡᠳ ᠡᠷᠴᠢᠮᠲᠡᠢ | ᠬᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ᠂ | ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠦᠶᠡᠷ ᠢ ᠰᠡᠷᠭᠡᠶᠢᠯᠡᠬᠦ ︽ᠬᠠᠮᠠᠭᠠᠯᠠᠯᠲᠠ ᠶᠢᠨ ᠲᠠᠶᠢᠨ︾ ᠢ ᠰᠠᠶᠢᠲᠤᠷ ᠬᠢᠬᠦ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭᠠᠲᠤ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠪᠦᠬᠦ | ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠤᠨ ᠰᠤᠷᠲᠠᠯ ᠢᠶᠠᠨ ᠴᠢᠩᠳᠠᠯᠠᠨ᠂ ᠦᠶᠡᠷ ᠢ ᠰᠡᠷᠭᠡᠶᠢᠯᠡᠬᠦ | ᠰᠠᠬᠢᠯᠭ᠎ᠠ ᠪᠠᠲᠤ ᠶᠢ ᠴᠢᠩᠳᠠᠯᠠᠵᠤ᠂ ᠲᠤᠰ ᠲᠤᠰ ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ | ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠬᠤ᠂ ᠵᠢᠯᠤᠭᠤᠳᠤᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠰᠡᠷᠭᠡᠶᠢᠯᠡᠨ ᠡᠵᠡᠮᠳᠡᠬᠦ ᠶᠢ | ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠠᠮᠤᠷ ᠲᠦᠪᠰᠢᠨ ᠤ ︽ᠰᠡᠷᠭᠡᠶᠢᠯᠡᠯᠲᠡ ᠬᠠᠮᠠᠭᠠᠯᠠᠯᠲᠠ ᠶᠢᠨ ᠳᠠᠯᠠᠩ︾ ᠢ ᠪᠠᠬᠢᠵᠢᠭᠦᠯᠵᠦ᠂ ᠦᠶᠡᠷ ᠢ ᠠᠮᠤᠷ ᠲᠦᠪᠰᠢᠨ ᠢᠶᠠᠷ | ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠠ᠃ | ᠬᠤᠷᠠᠯ ᠠᠴᠠ ᠲᠦᠩᠯᠢᠶᠣᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠠᠷᠢᠨ | ᠨᠢᠮᠪᠠᠶ ᠵᠣᠬᠢᠶᠠᠨ ᠪᠠᠶᠢᠭᠤᠯᠵᠤ᠂ ᠲᠠᠷᠢᠯᠭ᠎ᠠ ᠶᠢᠨ ᠡᠭᠦᠷᠭᠡ ᠪᠠᠨ ᠡᠷᠬᠡᠪᠰᠢ ᠴᠠᠭ ᠲᠤᠬᠠᠶ ᠳᠤ ᠨᠢ ᠪᠡᠶᠡᠯᠡᠭᠦᠯᠬᠦ ᠶᠢ ᠪᠠᠲᠤᠯᠠᠵᠤ᠂ ᠣᠯᠠᠨ ᠨᠡᠶᠢᠲᠡ ᠶᠢᠨ ᠡᠭᠡᠯᠢᠯᠡᠭᠡ ᠶᠢᠨ | ᠬᠠᠯᠬᠠᠪᠴᠢ ᠶᠢ ᠪᠠᠶᠢᠭᠤᠯᠬᠤ ᠬᠡᠷᠡᠭᠲᠡᠶ ᠭᠡᠪᠠ᠃ | ᠬᠤᠳᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠢ ᠵᠢᠯᠤᠭᠤᠳᠤᠬᠴᠢ᠂ ᠡᠯ᠎ᠡ ᠪᠦᠷᠢᠯᠳᠦᠬᠦᠨ | ᠨᠢᠭᠡᠴᠢ ᠶᠢᠨ ᠬᠠᠷᠢᠭᠤᠴᠠᠯᠭᠠᠲᠠᠨ ᠨᠠᠷ ᠭᠤᠣᠯ ᠲᠠᠯᠠᠪᠠᠢ ᠶᠢᠨ ᠬᠤᠷᠠᠯ ᠳᠤ ᠣᠷᠣᠯᠴᠠᠵᠠᠢ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠦᠶᠡᠷ ᠢ ᠰᠡᠷᠭᠡᠶᠢᠯᠡᠵᠦ | ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ᠂ ᠳᠡᠳ᠋ ᠶᠡᠷᠦᠩᠬᠡᠶ ᠵᠢᠯᠣᠭᠤᠳᠣᠭᠴᠢ᠂ ᠡᠯ᠎ᠡ ᠪᠦᠷᠢᠯᠳᠦᠬᠦᠨ ᠨᠢᠭᠡᠴᠢ ᠶᠢᠨ | ᠬᠠᠷᠢᠭᠤᠴᠠᠯᠭᠠᠲᠠᠨ ᠨᠠᠷ ᠬᠤᠪᠢᠶᠠᠷᠢ ᠲᠠᠯᠠᠪᠠᠶ ᠶᠢᠨ ᠬᠤᠷᠠᠯ ᠳᠤ ᠣᠷᠣᠯᠴᠠᠪᠠ᠃ |