ᠥᠪᠡᠷᠲᠡᠭᠡᠨ ᠵᠠᠰᠠᠬᠤ ᠣᠷᠣᠨ ᠦᠶᠡᠷ ᠢ ᠰᠡᠷᠭᠡᠶᠢᠯᠡᠬᠦ ᠠᠵᠢᠯ ᠤᠨ ᠪᠠᠴᠢᠮ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/21
      7 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠦᠶᠡᠷ ᠢ ᠰᠡᠷᠭᠡᠶᠢᠯᠡᠬᠦ ᠠᠵᠢᠯ ᠤᠨ ᠪᠠᠴᠢᠮ ᠸᠢᠳᠢᠣ᠋ ᠬᠤᠷᠠᠯ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠥᠬᠦᠳ ᠤᠨ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠠ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠠᠶᠤᠯ ᠠᠴᠠ ᠠᠪᠤᠷᠠᠨ ᠲᠤᠰᠠᠯᠠᠬᠤ ᠠᠵᠢᠯ ᠪᠠ ᠣᠳᠣᠬᠠᠨ ᠤ ᠪᠥᠬᠦ ᠣᠷᠣᠨ ᠤ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ ᠡᠭᠦᠷᠭᠡ ᠶᠢ ᠳᠠᠬᠢᠨ ᠳᠣᠭᠢᠷᠠᠭᠤᠯᠤᠨ ᠪᠠᠶᠢᠷᠢᠯᠠᠭᠤᠯᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠣᠤ ᠴᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠯᠢ ᠪᠢᠩ ᠷᠦᠩ ᠬᠤᠷᠠᠯ ᠢ ᠡᠷᠭᠢᠯᠡᠪᠡ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠥᠯᠥᠨ ᠪᠤᠶᠢᠷ ᠤᠨ ᠤᠰᠤᠨ ᠴᠥᠭᠦᠷᠥᠮ ᠤᠨ ᠬᠠᠰᠢᠯᠭ᠎ᠠ ᠨᠤᠷᠠᠭᠰᠠᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠪᠦᠬᠦ ᠣᠷᠣᠨ ᠤ ᠬᠡᠪᠴᠢᠶᠡᠨ ᠳᠤ ᠭᠤᠣᠯ ᠨᠠᠭᠤᠷ᠂ ᠤᠰᠤᠨ ᠴᠥᠭᠦᠷᠥᠮ ᠤᠨ ᠬᠠᠰᠢᠯᠭ᠎ᠠ᠂ ᠠᠭᠤᠯᠠᠨ ᠦᠶᠡᠷ ᠤᠨ ᠭᠤᠤ ᠵᠡᠷᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠥᠯᠥᠨ ᠪᠤᠶᠢᠷ ᠬᠤᠳᠠ ᠶᠢᠨ ᠬᠢᠨ ᠬᠦᠴᠦᠨ ᠢᠶᠠᠨ ᠲᠥᠪᠯᠡᠷᠡᠭᠦᠯᠦᠨ ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠵᠢᠭᠰᠠᠭᠠᠨ ᠪᠠᠶᠢᠴᠠᠭᠠᠵᠤ ᠠᠪᠤᠷᠠᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠭᠠᠮᠰᠢᠭᠳᠠᠭᠰᠠᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠲᠣᠬᠢᠲᠠᠢ ᠲᠥᠪᠬᠢᠨᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠢ ᠬᠤᠯᠪᠣᠭᠠᠯᠠᠨ ᠵᠥᠪᠳᠡᠯᠴᠡᠵᠤ ᠰᠣᠳᠤᠯᠤᠨ ᠮᠠᠭᠠᠳᠯᠠᠬᠤ ᠪᠠᠨ ᠴᠢᠩᠭᠠᠳᠬᠠᠵᠤ᠂ ᠤᠷᠢᠳᠴᠢᠯᠠᠨ ᠮᠡᠳᠡᠭᠡᠯᠡᠬᠦ ᠳᠠᠪᠲᠠᠮᠵᠢ ᠤᠳᠠᠭ᠎ᠠ ᠶᠢ ᠨᠡᠮᠡᠭᠳᠡᠭᠦᠯᠦᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠵᠦ᠂ ᠬᠠᠮᠢᠶ᠎ᠠ ᠪᠥᠬᠦᠶ ᠰᠠᠪᠠ ᠭᠠᠵᠠᠷ ᠤᠨ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠡᠭᠦᠰᠦᠮᠡᠯ ᠭᠠᠮᠰᠢᠭ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠠᠶᠤᠯ ᠠᠴᠠ ᠠᠪᠤᠷᠠᠨ ᠲᠤᠰᠠᠯᠠᠬᠤ ᠶᠠᠪᠤᠴᠠ ᠳᠤ ᠨᠢᠭᠡᠳᠦᠯᠲᠡᠶ ᠵᠢᠯᠣᠭᠤᠳᠤᠨ ᠲᠣᠬᠢᠷᠠᠭᠤᠯᠬᠤ ᠠᠵᠢᠯ ᠤᠨ ᠲᠣᠭᠲᠠᠴᠠ ᠶᠢ ᠤᠯᠠᠮ ᠴᠢᠩᠭᠠᠳᠬᠠᠵᠤ᠂ ᠡᠯ᠎ᠡ ᠲᠠᠯ᠎ᠠ ᠶᠢᠨ ᠠᠪᠤᠷᠠᠨ ᠲᠤᠰᠠᠯᠠᠬᠤ ᠬᠦᠴᠦᠨ ᠤ ᠦᠳᠲᠡᠷ ᠲᠦᠷᠭᠡᠨ ᠬᠦᠳᠡᠯᠦᠯᠴᠡᠵᠦ᠂ ᠪᠦᠲᠦᠮᠵᠢᠲᠡᠶ ᠪᠠᠷ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠠᠴᠠ ᠬᠠᠮᠲᠤᠷᠠᠨ ᠵᠢᠵᠢᠭᠦᠷᠯᠡᠵᠦ ᠰᠠᠬᠢᠬᠤ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠬᠢᠨᠠᠨ ᠵᠢᠯᠣᠭᠤᠳᠴᠤ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ ᠭᠡᠪᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ