ᠪᠦ᠋ ᠰᠢᠶᠣᠣ ᠯᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠪᠠᠶᠢᠭ᠎ᠠ ᠨᠠᠮ ᠤᠨ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/7/23

      7 ᠰᠠᠷ᠎ᠠ ᠶᠢᠨ 22 ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤ ᠪᠠᠷ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠬᠡᠭᠡᠷᠡᠭᠦᠯᠵᠦ᠂ ᠪᠣᠳᠠᠲᠠᠢ ᠠᠵᠢᠯ ᠬᠢᠵᠦ᠂ ᠰᠢᠨ᠎ᠡ ᠪᠠᠶᠢᠳᠠᠯ ᠢ ᠡᠭᠦᠳᠬᠦ︾ ᠭᠤᠣᠯ ᠰᠡᠳᠦᠪ ᠤᠨ ᠲᠣᠭᠤᠷᠢᠨ ᠳᠤ ᠰᠤᠷᠤᠯᠴᠠᠯᠭ᠎ᠠ ᠶᠢᠨ ᠣᠯᠣᠯᠲᠠ ᠪᠠᠨ ᠳ᠋ᠦᠩᠨᠡᠵᠦ᠂ ᠣᠯᠣᠯᠲᠠ ᠲᠥᠷᠥᠭᠳᠡᠯ ᠢᠶᠠᠨ ᠰᠣᠯᠢᠯᠴᠠᠪᠠ᠃

1.jpg


      ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠬᠠᠭᠠᠰ ᠵᠢᠯ ᠤᠨ ᠲᠤᠷᠰᠢᠬᠢ ᠨᠠᠮ ᠤᠨ ᠡᠭᠦᠷ ᠤᠨ ᠠᠵᠢᠯ ᠤᠨ ᠪᠠᠶᠢᠳᠠᠯ ᠢᠯᠠᠩᠭᠤᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠬᠢᠵᠦ᠂ ᠨᠠᠮ ᠤᠨ ᠡᠭᠦᠷ ᠤᠨ ᠭᠡᠰᠢᠭᠦᠳ ᠤᠨ ᠬᠤᠷᠠᠯ ᠤᠨ ᠠᠰᠠᠭᠤᠳᠠᠯ ᠢ ᠪᠠᠶᠢᠴᠠᠭᠠᠨ ᠦᠵᠡᠭᠰᠡᠨ ᠪᠠᠶᠢᠳᠠᠯ ᠢ ᠮᠡᠳᠡᠭᠳᠡᠪᠡ᠃ ᠨᠠᠮ ᠤᠨ ᠡᠭᠦᠷ ᠤᠨ ᠨᠠᠮ ᠤᠨ ᠭᠡᠰᠢᠭᠦᠳ ᠭᠤᠣᠯ ᠰᠡᠳᠦᠪ ᠤᠨ ᠲᠣᠭᠤᠷᠢᠨ ᠳᠤ ᠨᠢᠭᠡ ᠨᠢᠭᠡ ᠪᠠᠷ ᠦᠭᠡ ᠬᠡᠯᠡᠵᠦ᠂ ᠣᠯᠣᠯᠲᠠ ᠳᠠᠪᠰᠢᠯᠲᠠ ᠪᠠᠨ ᠶᠠᠷᠢᠵᠤ᠂ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠶᠠᠷᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠵᠦ᠂ ᠬᠤᠷᠠᠯ ᠤᠨ ᠠᠬᠤᠢ ᠲᠠᠯᠠᠪᠠᠢ ᠲᠥᠪ ᠬᠢᠴᠢᠶᠡᠩᠭᠦᠢ ᠪᠥᠭᠡᠳ ᠬᠥᠭᠵᠢᠶᠡᠨ ᠲᠠᠢ ᠪᠠᠶᠢᠯ᠎ᠠ᠃

      ᠪᠦ᠋ ᠰᠢᠶᠣᠣ ᠯᠢᠨ ᠣᠯᠠᠨ ᠲᠠᠢ ᠰᠠᠨᠠᠯ ᠢᠶᠠᠨ ᠰᠣᠯᠢᠯᠴᠠᠬᠤ ᠳᠠᠭᠠᠨ᠂ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠡᠭᠦᠨ ᠤ ᠳᠤᠮᠳᠠ ᠠᠴᠠ ᠢᠲᠡᠭᠡᠯ ᠪᠢᠰᠢᠷᠡᠯ ᠤᠨ ᠬᠦᠴᠦᠨ᠂ ᠦᠵᠡᠯ ᠰᠠᠨᠠᠭᠠᠨ ᠤ ᠬᠦᠴᠦᠨ ᠪᠠ ᠲᠡᠮᠡᠴᠡᠯ ᠤᠨ ᠬᠦᠴᠦᠨ ᠢ ᠰᠢᠩᠭᠡᠭᠡᠨ ᠠᠪᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠡᠨᠡ ᠬᠦ ᠭᠤᠣᠯ ᠰᠡᠳᠦᠪ ᠢ ᠭᠦᠨᠵᠡᠭᠡᠢ ᠣᠶᠢᠯᠠᠭᠠᠵᠤ᠂ ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠥᠬᠦᠷᠡᠰᠢ ᠦᠭᠡᠢ ᠲᠡᠮᠡᠴᠡᠬᠦ ᠬᠡᠷᠡᠭᠲᠡᠢ︔ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠭᠦᠳᠦᠨ ᠪᠦᠲᠦᠭᠡᠭᠰᠡᠨ ᠠᠭᠤᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠢ ᠣᠶᠢᠯᠠᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ︔ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠬᠤᠪᠢᠰᠬᠠᠯᠲᠤ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠨ ᠵᠠᠯᠭᠠᠮᠵᠢᠯᠠᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ︔ ᠲᠡᠦᠬᠡ ᠪᠠᠷ ᠲᠣᠯᠢ ᠪᠣᠯᠭᠠᠵᠤ᠂ ᠢᠷᠡᠭᠡᠳᠦᠢ ᠶᠢ ᠨᠡᠭᠡᠭᠡᠬᠦ ︽ᠶᠢᠰᠦᠨ ᠡᠷᠬᠡᠪᠰᠢ︾ ᠶᠢᠨ ᠴᠢᠬᠤᠯᠠ ᠶᠡᠭᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠭᠠᠷᠤᠭ᠎ᠠ ᠳᠤ ᠰᠠᠭᠤᠷᠢᠯᠠᠵᠤ᠂ ︽ᠰᠢᠯᠭᠠᠯᠲᠠ ᠳᠤ ᠣᠷᠣᠯᠴᠠᠬᠤ︾ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ︔ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠡᠮᠦᠨ᠎ᠡ ᠠᠴᠠ ᠳᠤᠷᠠᠳᠤᠭᠰᠠᠨ ᠠᠭᠤᠤ ᠶᠡᠭᠡ ᠤᠷᠢᠶᠠᠯᠠᠭ᠎ᠠ ᠶᠢ ᠭᠦᠨᠵᠡᠭᠡᠢ ᠣᠶᠢᠯᠠᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠰ ᠪᠠᠲᠤ ᠤᠷᠤᠭᠰᠢᠯᠠᠬᠤ ᠬᠡᠷᠡᠭᠲᠡᠢ ᠭᠡᠵᠡᠢ᠃

      ᠪᠦ᠋ ᠰᠢᠶᠣᠣ ᠯᠢᠨ᠂ ᠪᠢᠳᠡ ᠶᠡᠷᠦᠩᠬᠡᠢ ᠱᠦᠵᠢ ᠶᠢᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠭᠦᠨᠵᠡᠭᠡᠢ ᠥᠷᠨᠢᠭᠦᠯᠬᠦ ᠶᠢ ᠰᠢᠨ᠎ᠡ ᠬᠥᠭᠵᠢᠯᠲᠡ ᠶᠢᠨ ᠱᠠᠲᠤᠨ ᠤ ᠠᠵᠢᠯ ᠢ ᠰᠠᠶᠢᠲᠤᠷ ᠬᠢᠬᠦ ᠲᠠᠢ ᠨᠡᠩ ᠰᠠᠶᠢᠲᠤᠷ ᠤᠶᠠᠯᠳᠤᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ ᠠᠵᠢᠯᠯᠠᠭᠠᠨ ᠤ ᠬᠥᠲᠥᠯᠪᠦᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠡᠨᠡ ᠵᠢᠯ ᠤᠨ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠥᠪᠥᠷ ᠮᠣᠩᠭᠤᠯ ᠳᠠᠬᠢ ᠲᠡᠦᠬᠡ ᠶᠢ ᠰᠠᠶᠢᠲᠤᠷ ᠰᠤᠷᠤᠯᠴᠠᠵᠤ᠂ ᠥᠪᠥᠷ ᠮᠣᠩᠭᠤᠯ ᠤᠨ ᠭᠦᠨ ᠵᠤᠵᠠᠭᠠᠨ ᠬᠤᠪᠢᠰᠬᠠᠯ ᠤᠨ ᠤᠳᠤᠮᠰᠢᠯ ᠢ ᠰᠠᠶᠢᠲᠤᠷ ᠬᠠᠳᠠᠭᠠᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠲᠠᠨᠢᠯᠲᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠰᠢᠨ᠎ᠡ ᠴᠠᠭ ᠦᠶ᠎ᠡ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠬᠤ ᠬᠡᠷᠡᠭᠲᠡᠢ ᠭᠡᠪᠡ᠃

      ᠪᠦ᠋ ᠰᠢᠶᠣᠣ ᠯᠢᠨ᠂ ᠨᠠᠮ ᠤᠨ ᠡᠭᠦᠷ ᠪᠣᠯ ᠨᠠᠮ ᠤᠨ ᠪᠦᠬᠦ ᠠᠵᠢᠯ ᠪᠠ ᠳᠠᠶᠢᠴᠢᠨ ᠬᠦᠴᠦᠨ ᠤ ᠰᠠᠭᠤᠷᠢ ᠮᠥᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠡᠴᠦᠰ ᠲᠡᠭᠡᠨ ᠴᠥᠮ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠲᠤᠭᠤᠰᠢᠯᠠᠭᠤᠯᠤᠭᠳᠠᠨ ᠨᠠᠶᠢᠳᠠᠪᠤᠷᠢᠵᠢᠭᠤᠯᠤᠭᠳᠠᠨ᠎ᠠ᠃ ᠨᠠᠮ ᠤᠨ ᠡᠭᠦᠷ ᠤᠨ ᠨᠢᠭᠡ ᠭᠡᠰᠢᠭᠦᠨ ᠪᠣᠯᠣᠭᠰᠠᠨ ᠤ ᠬᠤᠪᠢ ᠳᠤ᠂ ᠪᠢᠳᠡ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠢᠳᠡᠪᠬᠢᠲᠡᠢ ᠣᠷᠣᠯᠴᠠᠵᠤ᠂ ᠨᠠᠮ ᠤᠨ ᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠨᠠᠮ ᠤᠨ ᠡᠭᠦᠷ ᠤᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠵᠠᠮᠨᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠦᠢᠯᠡᠳᠦᠯᠭᠡ ᠳᠤᠮᠳᠠ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ ᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ