ᠪᠦ᠋ ᠰᠢᠶᠤᠤ ᠯᠢᠨ ᠤᠯᠠᠭᠠᠨᠴᠠᠪ ᠬᠤᠲᠠ ᠳᠤ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠨ ᠰᠢᠨᠡᠳᠬᠡᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/7/26

      7 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤᠯᠠᠭᠠᠨᠴᠠᠪ ᠬᠤᠳᠠ ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠨ ᠰᠢᠨᠡᠳᠬᠡᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠤᠨ ᠲᠤᠬᠠᠢ ᠶᠢᠨ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠨ ᠰᠢᠨᠡᠳᠭᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠯᠠᠪᠳᠠᠭᠤᠨ ᠢᠶᠠᠷ ᠬᠡᠷᠡᠭᠵᠢᠭᠦᠯᠵᠦ᠂ ᠲᠤᠭ᠎ᠠ ᠬᠡᠮᠵᠢᠶ᠎ᠡ ᠨᠢ ᠶᠠᠰᠤ ᠴᠢᠨᠠᠷ ᠢ ᠲᠠᠭᠠᠬᠤ ᠶᠢ ᠡᠷᠡᠰ ᠪᠡᠶᠡᠯᠡᠭᠦᠯᠵᠦ᠂ ᠨᠢᠭᠡ ᠶᠢ ᠦᠬᠡᠷᠡᠴᠢᠯᠡᠪᠠᠯ ᠨᠢᠬᠡ ᠶᠢ ᠪᠦᠳᠦᠬᠡᠬᠦ ᠶᠢ ᠦᠨᠡᠨ ᠬᠦ ᠪᠠᠲᠤᠯᠠᠵᠤ᠂ ᠡᠨᠡ ᠬᠦ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠤᠳᠠᠳᠤ ᠶᠠᠪᠤᠳᠠᠯ ᠢ ᠪᠤᠳᠠᠳᠠᠢ ᠪᠠᠷ ᠬᠢᠬᠦ ᠬᠡᠷᠡᠭᠳᠡᠢ ᠬᠡᠵᠥ ᠴᠢᠬᠤᠯᠠᠴᠢᠯᠠᠪᠠ᠃


0726布小林在乌兰察布市调研督导农村牧区厕所改造工作.jpg


      ᠪᠦ᠋ ᠰᠢᠶᠤᠤ ᠯᠢᠨ ᠬᠤᠸᠠᠳᠧ ᠰᠢᠶᠠᠨ ᠤ ᠴᠠᠩ ᠱᠦᠨ ᠪᠠᠯᠭᠠᠰᠤᠨ ᠤ ᠲᠤᠯᠤᠭᠠᠨ ᠬᠤᠳᠳᠤᠭ ᠲᠣᠰᠬᠤᠨ ᠳᠤ ᠬᠦᠷᠴᠦ᠂ ᠤᠷᠢᠳ ᠬᠤᠵᠢᠳ ᠭᠤᠷᠪᠠᠨ ᠡᠷᠦᠭᠡ ᠳᠤ ᠤᠷᠤᠵᠥ᠂ ᠭᠡᠷ ᠤᠨ ᠵᠣᠷᠯᠣᠩ ᠢ ᠥᠭᠡᠷᠡᠴᠢᠯᠡᠨ ᠰᠢᠨᠡᠳᠭᠡᠵᠤ ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠲᠣᠰᠬᠤᠨ ᠤ ᠠᠷᠠᠳ ᠠᠴᠠ ᠲᠤᠬᠠᠶ ᠶᠢᠨ ᠭᠠᠵᠠᠷ ᠲᠤ ᠳᠣᠭᠢᠷᠠᠬᠤ ᠭᠡᠷ ᠤᠨ ᠵᠣᠷᠯᠣᠩ ᠤᠨ ᠲᠥᠷᠥᠯ ᠬᠡᠯᠪᠡᠷᠢ᠂ ᠵᠣᠷᠯᠣᠩ ᠢ ᠥᠭᠡᠷᠡᠴᠢᠯᠡᠨ ᠰᠢᠨᠡᠳᠭᠡᠬᠦ ᠳᠤᠮᠳᠠᠴᠢ ᠦᠷᠳᠡᠭ ᠪᠠ ᠬᠡᠷᠡᠭᠯᠡᠭᠰᠡᠨ ᠦᠷ᠎ᠡ ᠠᠰᠢᠬ ᠢ ᠣᠶᠢᠯᠠᠭᠠᠪᠠ᠃ ᠲᠡᠷᠡ᠂ ᠭᠡᠷ ᠤᠨ ᠵᠣᠷᠯᠣᠩ ᠢ ᠥᠭᠡᠷᠡᠴᠢᠯᠡᠨ ᠰᠢᠨᠡᠳᠬᠡᠬᠦ ᠳᠤ ᠵᠠᠪᠠᠯ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠡᠷᠭᠡᠵᠢᠯ ᠨᠢ ᠪᠣᠯᠪᠠᠰᠤᠷᠠᠩᠭᠤᠶ᠂ ᠥᠪᠡᠷ ᠤᠨ ᠥᠷᠲᠡᠭ ᠨᠢ ᠲᠣᠬᠢᠷᠠᠮᠵᠢᠲᠠᠶ᠂ ᠳᠥᠭᠦᠮ ᠳᠥᠲᠡ ᠪᠥᠭᠡᠳ ᠠᠰᠢᠬᠯᠠᠮᠵᠢᠳᠠᠢ᠂ ᠣᠯᠠᠨ ᠢᠶᠠᠷ ᠢᠶᠠᠨ ᠳᠤᠷᠠᠲᠠᠶ᠎ᠠ ᠭᠥᠯᠢᠶᠡᠨ ᠠᠪᠬᠤ ᠵᠠᠭᠪᠤᠷ ᠢ ᠰᠣᠩᠭᠤᠵᠤ᠂ ᠶᠠᠭᠠᠬᠢᠭᠰᠠᠨ ᠴᠤ ᠬᠡᠯᠪᠡᠷᠢ ᠶᠢ ᠬᠦᠭᠡᠭᠡᠴᠡᠯᠳᠤᠵᠦ ᠮᠠᠶ᠋ᠢᠭ ᠭᠠᠷᠭᠠᠵᠦ᠂ ᠥᠩᠭᠡᠪᠴᠢ ᠠᠵᠢᠯ ᠬᠢᠵᠦ ᠪᠣᠯᠬᠤ ᠥᠬᠡᠶ᠂ ᠡᠶᠢᠮᠦᠷᠬᠦᠦ ᠠᠰᠠᠭᠤᠳᠠᠯ ᠣᠷᠣᠰᠢᠵᠤ ᠪᠠᠶᠢᠪᠠᠯ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠪᠡ᠃ ᠪᠠᠶᠢᠴᠠᠭᠠᠨ ᠰᠤᠳᠤᠯᠤᠯᠲᠠ ᠬᠢᠬᠦ ᠵᠠᠮ ᠳᠠᠭᠠᠨ᠂ ᠪᠦ᠋ ᠰᠢᠶᠤᠤ ᠯᠢᠨ ᠤᠯᠠᠭᠠᠨᠴᠠᠪ ᠬᠤᠲᠠ ᠶᠢᠨ ᠬᠠᠷᠢᠭᠤᠴᠠᠯᠭᠠᠲᠠᠨ ᠨᠥᠬᠦᠳ ᠠᠴᠠ ᠪᠥᠬᠦ ᠬᠤᠲᠠ ᠶᠢᠨ ᠵᠣᠷᠯᠣᠩ ᠢ ᠦᠭᠡᠷᠡᠴᠢᠯᠡᠨ ᠰᠢᠨᠡᠳᠭᠡᠭᠰᠡᠨ ᠲᠤᠭ᠎ᠠ ᠬᠡᠮᠵᠢᠶ᠎ᠡ᠂ ᠠᠪᠤᠭᠰᠠᠨ ᠬᠡᠪ ᠵᠠᠭᠪᠤᠷ᠂ ᠣᠯᠠᠨ ᠲᠦᠮᠡᠨ ᠤ ᠲᠤᠰᠬᠠᠯ ᠵᠢᠴᠢ ᠵᠣᠷᠯᠣᠩ ᠢ ᠥᠭᠡᠷᠡᠴᠢᠯᠡᠨ ᠰᠢᠨᠡᠳᠭᠡᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
      ᠪᠦ᠋ ᠰᠢᠶᠤᠤ ᠯᠢᠨ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠪᠣᠯ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠨᠥᠬᠦᠴᠡᠯ ᠢ ᠰᠠᠶᠢᠵᠢᠷᠠᠭᠤᠯᠬᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠮᠠᠯᠵᠢᠬᠤ ᠲᠠᠷᠢᠶᠠᠯᠠᠬᠤ ᠣᠷᠣᠨ ᠤ ᠪᠥᠬᠦ ᠲᠠᠯ᠎ᠠ ᠶᠢᠨ ᠳᠠᠪᠰᠢᠯᠲᠠ᠂ ᠮᠠᠯᠴᠢᠨ ᠲᠠᠷᠢᠶᠠᠴᠢᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠦᠴᠦᠲᠡᠶ ᠭᠠᠷᠳᠠᠴᠠ ᠮᠥᠨ᠂ ᠵᠠᠪᠠᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠴᠢᠬᠤᠯᠠ ᠠᠵᠢᠯ ᠪᠣᠯᠭᠠᠵᠤ᠂ ᠴᠢᠬᠤᠯᠠ ᠪᠠᠶᠢᠷᠢᠨ ᠳᠤ ᠳᠡᠯᠪᠢᠨ ᠪᠣᠳᠠᠲᠠᠶ ᠠᠳᠬᠤᠵᠤ ᠰᠠᠶᠢᠲᠤᠷ ᠠᠳᠬᠤᠬᠤ ᠬᠡᠷᠡᠭᠲᠡᠶ᠃ ᠤᠯᠤᠰ ᠤᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠶᠣᠰᠣᠭᠠᠷ᠂ ᠣᠳᠣᠬᠠᠨ ᠤ ᠵᠣᠷᠯᠣᠩ ᠢ ᠥᠭᠡᠷᠡᠴᠢᠯᠡᠨ ᠰᠢᠨᠡᠳᠬᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠰᠢᠰᠲ᠋ᠧᠮ ᠲᠠᠢ ᠵᠢᠭᠰᠠᠭᠠᠨ ᠪᠠᠶᠢᠴᠠᠭᠠᠵᠤ᠂ ᠲᠥᠷᠥᠯ ᠬᠤᠪᠢᠶᠠᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠣᠭᠲᠠᠭᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠭ ᠤᠨ ᠠᠭᠤᠯᠵᠠᠷ ᠴᠡᠭ ᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠪᠠ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠶ ᠲᠥᠯᠥᠪᠵᠢᠭᠦᠯᠦᠨ ᠬᠡᠷᠡᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠤ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠨ ᠰᠢᠨᠡᠳᠭᠡᠬᠦ ᠲᠥᠯᠥᠪᠵᠢᠭᠦᠯᠭᠡ ᠶᠢ ᠨᠠᠷᠢᠨ ᠬᠢᠨᠠᠮᠠᠭᠠᠶ ᠨᠠᠶᠢᠷᠠᠭᠤᠯᠤᠨ ᠵᠣᠬᠢᠶᠠᠵᠤ᠂ ᠵᠣᠷᠯᠣᠩ ᠢ ᠥᠭᠡᠷᠡᠴᠢᠯᠡᠨ ᠰᠢᠨᠡᠳᠭᠡᠬᠦ ᠳᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠬᠠᠩᠭᠠᠬᠤ ᠬᠡᠷᠡᠭᠲᠡᠶ᠃ ᠠᠷᠠᠳ ᠲᠦᠮᠡᠨ ᠢᠶᠠᠷ ᠭᠤᠤᠯ ᠪᠣᠯᠭᠠᠬᠤ ᠠᠵᠢᠯ ᠤᠨ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠮᠠᠯᠴᠢᠨ ᠲᠠᠷᠢᠶᠠᠴᠢᠨ ᠤ ᠭᠤᠤᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠬᠥᠲᠥᠯᠥᠨ ᠲᠠᠭᠠᠭᠤᠯᠵᠤ᠂ ᠵᠣᠷᠯᠣᠩ ᠢ ᠥᠭᠡᠷᠡᠴᠢᠯᠡᠨ ᠰᠢᠨᠡᠳᠭᠡᠬᠦ ᠲᠣᠬᠢᠷᠠᠮᠵᠢᠲᠠᠶ ᠠᠷᠭ᠎ᠠ ᠬᠡᠮᠵᠢᠶ᠎ᠡ ᠪᠠ ᠮᠡᠷᠭᠡᠵᠢᠯ ᠤᠨ ᠵᠠᠭᠪᠤᠷ ᠢ ᠰᠦᠪᠡᠭᠴᠢᠯᠡᠨ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠠᠬᠢᠴᠠ ᠨᠢ ᠪᠣᠳᠠᠲᠤ ᠦᠷ᠎ᠡ ᠪᠦᠲᠦᠮᠵᠢ ᠶᠢ ᠳᠠᠭᠠᠬᠤ ᠶᠢ ᠪᠠᠷᠢᠮᠳᠠᠯᠠᠵᠤ᠂ ᠯᠠᠪᠳᠠᠭᠤᠨ ᠪᠠᠲᠤᠲᠠᠶ ᠪᠠᠷ ᠤᠷᠤᠭᠰᠢ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠰᠢᠨᠡᠳᠭᠡᠭᠰᠡᠨ ᠵᠣᠷᠯᠣᠩ ᠨᠢ ᠬᠡᠷᠡᠭᠯᠡᠵᠦ ᠳᠡᠶᠢᠯᠬᠦ᠂ ᠬᠡᠷᠡᠭᠯᠡᠬᠦ ᠳᠤ ᠰᠠᠶᠢᠨ᠂ ᠮᠠᠯᠴᠢᠨ ᠲᠠᠷᠢᠶᠠᠴᠢᠨ ᠳᠤ ᠲᠠᠭᠠᠰᠢᠶᠠᠭᠳᠠᠬᠤ ᠶᠢ ᠪᠠᠳᠤᠯᠠᠵᠤ᠂ ᠵᠣᠷᠯᠣᠩ ᠤᠨ ᠬᠤᠪᠢᠰᠬᠠᠯ ᠢ ᠦᠨᠡᠨ ᠬᠦ ᠣᠯᠠᠨ ᠲᠦᠮᠡᠨ ᠳᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠬᠤ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ