ᠪᠦ᠋ ᠰᠢᠶᠤᠤ ᠯᠢᠨ ᠰᠢᠯᠢ ᠶᠢᠨ ᠭᠤᠣᠯ ᠠᠶᠢᠮᠠᠭ ᠲᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠠᠪᠤᠳᠠᠯ ᠢ ᠦᠨᠡᠨ ᠬᠦ ᠲᠡᠷᠢᠭᠦᠨ ᠪᠠᠶᠢᠷᠢᠨ ᠳᠤ ᠳᠠᠯᠪᠢᠵᠥ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠵᠤ ᠭᠠᠮᠰᠢᠭ ᠠᠴᠠ ᠠᠪᠤᠷᠬᠠᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠲᠦᠷᠭᠡᠨ ᠰᠡᠷᠭᠦᠭᠡᠬᠦ ᠬᠡᠷᠡᠭᠲᠡᠶ
ᠨᠡᠶᠢᠲᠡᠯᠡᠭᠰᠡᠨ ᠴᠠᠭ᠄
2021/7/26

      7 ᠰᠠᠷ᠎ᠠ ᠶᠢᠨ 24 ᠠᠴᠠ 25 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠰᠢᠯᠢ ᠶᠢᠨ ᠭᠤᠣᠯ ᠠᠶᠢᠮᠠᠭ ᠤᠨ ᠲᠠᠶᠢᠪᠤᠰᠧ ᠬᠤᠰᠢᠭᠤ᠂ ᠰᠢᠯᠤᠭᠤᠨ ᠬᠦᠬᠡ ᠬᠤᠰᠢᠭᠤ᠂ ᠰᠢᠯᠢᠩᠬᠤᠲᠠ ᠳᠤ ᠭᠦᠨᠵᠡᠭᠡᠶᠢᠷᠡᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠳᠦᠷᠬᠡᠨ ᠰᠡᠷᠭᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃


布小林在锡林郭勒盟调研防汛救灾工作时强调.jpg     


2.jpg


      ᠣᠶᠢᠷ᠎ᠠ ᠳᠤ᠂ ᠰᠢᠷᠦᠭᠦᠨ ᠪᠣᠷᠣᠭᠠᠨ᠂ ᠬᠤᠶ ᠰᠠᠯᠬᠢ ᠵᠡᠷᠭᠡ ᠤᠨᠴᠠᠭᠠᠢ ᠴᠠᠭ ᠠᠭᠤᠷ ᠤᠨ ᠨᠥᠯᠥᠭᠡ ᠠᠴᠠ ᠪᠣᠯᠵᠣ᠂ ᠲᠠᠶᠢᠪᠤᠰᠧ ᠬᠤᠰᠢᠭᠤ᠂ ᠰᠢᠯᠤᠭᠤᠨ ᠬᠥᠬᠡ ᠬᠤᠰᠢᠭᠤᠨ ᠤ ᠬᠡᠰᠡᠭ ᠭᠠᠵᠠᠷ ᠣᠷᠣᠨ ᠭᠠᠮᠰᠢᠭᠳᠠᠪᠠ᠃ ᠪᠦ᠋ ᠰᠢᠶᠤᠤ ᠯᠢᠨ ᠲᠠᠶᠢᠪᠤᠰᠧ ᠬᠤᠰᠢᠭᠤᠨ ᠤ ᠴᠢᠶᠠᠨ ᠶᠢᠨ ᠭᠸᠤ ᠪᠠᠯᠭᠠᠰᠤᠨ ᠤ ᠵᠢᠶᠠᠨ ᠭᠦᠸᠧ ᠲᠣᠰᠬᠤᠨ ᠳᠤ ᠬᠦᠷᠴᠦ᠂ ᠲᠣᠰᠬᠤᠨ ᠤ ᠠᠷᠠᠳ ᠤᠨ ᠲᠠᠷᠢᠮᠠᠯ᠂ ᠮᠠᠯ ᠤᠨ ᠬᠤᠬᠢᠷᠠᠯ ᠪᠠ ᠬᠡᠷ ᠪᠠᠶᠢᠰᠢᠩ᠂ ᠰᠠᠭᠤᠷᠢ ᠲᠥᠬᠦᠭᠡᠷᠦᠮᠵᠢ ᠶᠢᠨ ᠡᠪᠳᠡᠭᠳᠡᠯ ᠤᠨ ᠪᠠᠶᠢᠳᠠᠯ ᠢ ᠣᠶᠢᠯᠠᠭᠠᠵᠤ᠂ ᠭᠠᠮᠰᠢᠭ ᠤᠨ ᠳᠠᠷᠠᠭᠠᠬᠢ ᠳᠠᠬᠢᠨ ᠪᠥᠲᠥᠭᠡᠨ ᠪᠠᠶᠢᠭᠤᠯᠤᠯᠳᠠ ᠶᠢᠨ ᠠᠬᠢᠴᠠ ᠶᠢ ᠪᠠᠶᠢᠴᠠᠭᠠᠨ ᠦᠵᠡᠪᠡ᠃ ᠪᠣᠷᠣᠭᠠᠨ ᠤ ᠳᠤᠮᠳᠠ ᠰᠢᠯᠤᠭᠤᠨ ᠬᠦᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠴᠢᠩ ᠹᠧᠩ ᠲᠣᠰᠬᠤᠨ ᠳᠤ ᠬᠦᠷᠴᠦ᠂ ᠦᠶᠡᠷ ᠲᠤ ᠲᠠᠭᠠᠷᠢᠬᠳᠠᠨ ᠨᠤᠷᠠᠭᠰᠠᠨ ᠴᠢᠩ ᠹᠧᠩ ᠾᠧ ᠬᠥᠭᠦᠷᠭᠡ ᠶᠢᠨ ᠡᠪᠳᠡᠭᠳᠡᠭᠰᠡᠨ ᠪᠠᠶᠢᠳᠠᠯ ᠪᠣᠯᠤᠨ ᠲᠠᠬᠢᠨ ᠪᠦᠳᠦᠭᠡᠨ ᠪᠠᠶᠢᠭᠤᠯᠵᠤ ᠪᠠᠶᠢᠭ᠎ᠠ ᠠᠬᠢᠴᠠ ᠶᠢ ᠪᠠᠶᠢᠴᠠᠭᠠᠨ ᠦᠵᠡᠵᠦ᠂ ᠲᠣᠰᠬᠤᠨ ᠤ ᠠᠶᠠᠨᠳᠠᠭᠠᠨ ᠪᠦᠷᠢᠯᠳᠦᠭᠰᠡᠨ ︽ᠤᠰᠤᠨ ᠵᠠᠮ︾ ᠤᠨ ᠳᠠᠭᠠᠤ ᠠᠭᠤᠯᠠᠨ ᠦᠶᠡᠷ ᠤᠨ ᠲᠠᠭᠠᠷᠢᠬᠰᠠᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠭᠠᠮᠰᠢᠭᠳᠠᠭᠰᠠᠨ ᠡᠷᠦᠬᠡ ᠵᠢᠶᠠ ᠸᠧᠨ ᠰᠢᠶᠠᠩ ᠤᠨ ᠬᠢᠨ ᠳᠤ ᠬᠦᠷᠴᠦ ᠪᠤᠯᠭᠤᠭᠠᠨ ᠲᠣᠬᠤᠨᠢᠭᠤᠯᠵᠠᠶ᠃ ᠵᠢᠶᠠ ᠸᠧᠨ ᠰᠢᠶᠠᠩ ᠤᠨ ᠭᠡᠷ ᠪᠠᠶᠢᠰᠢᠩ ᠨᠢ ᠦᠶᠡᠷ ᠲᠤ ᠠᠪᠲᠠᠬᠰᠡᠨ ᠢᠶᠠᠷ᠂ ᠡᠪᠦᠭᠡᠨ ᠬᠥᠭᠰᠢᠨ ᠬᠤᠶᠠᠭᠤᠯᠠ ᠶᠢ ᠴᠠᠭ ᠲᠤᠬᠠᠶ ᠳᠤᠨᠢ ᠰᠢᠯᠵᠢᠭᠦᠯᠦᠨ ᠲᠥᠪᠬᠢᠨᠡᠭᠦᠯᠵᠦ᠂ ᠰᠢᠨ᠎ᠡ ᠪᠠᠷ ᠪᠠᠷᠢᠭᠰᠠᠨ ᠭᠡᠷ ᠪᠠᠶᠢᠰᠢᠩ ᠤᠨ ᠭᠤᠣᠯ ᠴᠣᠭᠴᠠ ᠶᠢᠨ ᠠᠵᠢᠯ ᠢ ᠨᠢᠭᠡᠨᠳᠠ ᠳᠠᠭᠤᠰᠬᠠᠪᠠ᠃ ᠪᠦ᠋ ᠰᠢᠶᠤᠤ ᠯᠢᠨ ᠲᠤᠬᠠᠶ ᠶᠢᠨ ᠭᠠᠵᠠᠷ ᠤᠨ ᠠᠵᠢᠯ ᠢ ᠨᠤᠲᠠᠯᠠᠵᠤ᠂ ᠬᠡᠮ ᠰᠤᠭᠤᠭ ᠢ ᠵᠢᠭᠰᠠᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠲᠠᠭᠠᠯᠳᠠ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃


3.jpg


      ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠭᠤᠣᠯ ᠮᠥᠷᠡᠨ᠂ ᠤᠰᠤᠨ ᠴᠥᠭᠦᠷᠥᠮ᠂ ᠬᠠᠰᠢᠯᠭ᠎ᠠ ᠳᠠᠯᠠᠩ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠭᠤᠣᠯᠳᠠᠯᠭ᠎ᠠ ᠲᠠᠢ ᠭᠡᠰᠡᠭ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠡᠰᠡᠬᠦ ᠶᠢ ᠪᠦ᠋ ᠰᠢᠶᠤᠤ ᠯᠢᠨ ᠲᠦᠢᠯ ᠢᠶᠠᠷ ᠬᠠᠯᠠᠮᠵᠢᠯᠠᠨ ᠠᠩᠬᠠᠷᠴᠤ ᠪᠠᠶᠢᠯ᠎ᠠ᠃ ᠲᠡᠷᠡ ᠰᠢᠯᠢᠩᠭᠤᠣᠯ ᠤᠰᠤᠨ ᠴᠥᠭᠦᠷᠥᠮ ᠳᠤ ᠬᠦᠷᠴᠦ᠂ ᠬᠠᠰᠢᠯᠭ᠎ᠠ ᠶᠢ ᠪᠠᠬᠢᠯᠡᠬᠦ᠂ ᠤᠰᠤᠨ ᠲᠦᠪᠰᠢᠨ ᠥᠰᠴᠦ ᠪᠠᠭᠤᠷᠠᠬᠤ᠂ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠶᠦᠩ ᠠᠨ ᠤᠰᠤᠨ ᠴᠥᠭᠦᠷᠥᠮ ᠤᠨ ᠰᠡᠲᠡᠷᠡᠭᠰᠡᠨ᠂ ᠰᠢᠨ ᠹᠠ ᠤᠰᠤᠨ ᠴᠥᠭᠦᠷᠥᠮ ᠤᠨ ᠬᠠᠰᠢᠯᠭ᠎ᠠ ᠨᠤᠷᠠᠬᠰᠡᠨ ᠶᠠᠪᠤᠳᠠᠯ ᠠᠴᠠ ᠬᠦᠨᠵᠡᠭᠡᠢ ᠰᠤᠷᠭᠠᠮᠵᠢ ᠠᠪᠴᠤ᠂ ᠭᠤᠣᠯ ᠮᠥᠷᠡᠨ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠵᠢᠮ᠎ᠡ ᠶᠣᠰᠣ ᠶᠢ ᠰᠠᠶᠢᠲᠤᠷ ᠡᠵᠡᠮᠳᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠵᠤ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃


4.jpg 


     ᠪᠦ᠋ ᠰᠢᠶᠤᠤ ᠯᠢᠨ᠂ ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠠᠴᠠ ᠠᠪᠤᠷᠬᠠᠤ᠂ ᠶᠡᠭᠡ ᠭᠠᠮᠰᠢᠭ ᠠᠴᠠ ᠠᠪᠤᠷᠬᠠᠤ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠦᠶᠡᠷ ᠤᠨ ᠪᠠᠶᠢᠳᠠᠯ ᠢ ᠬᠢᠨᠠᠨ ᠬᠡᠮᠵᠢᠵᠤ ᠵᠦᠪᠳᠡᠯᠴᠡᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠮᠡᠳᠡᠭᠡᠯᠡᠬᠦ ᠠᠵᠢᠯ ᠢ ᠣᠨᠣᠴᠠᠲᠠᠢ ᠰᠠᠶᠢᠲᠤᠷ ᠬᠢᠵᠦ᠂ ᠠᠶᠤᠯ ᠲᠦᠭᠰᠢᠭᠦᠷᠢ ᠲᠠᠢ ᠭᠠᠵᠠᠷ ᠣᠷᠣᠨ ᠤ ᠤᠯᠠᠨ ᠲᠦᠮᠡᠨ ᠢ ᠴᠠᠭ ᠲᠤᠬᠠᠢ ᠳᠤᠨᠢ ᠡᠷᠡᠰ ᠰᠢᠭᠤᠷᠬᠠᠢ ᠰᠢᠯᠵᠢᠭᠦᠯᠬᠦ ᠬᠡᠷᠡᠭᠲᠡᠢ᠃ ᠪᠣᠳᠠᠲᠤ ᠲᠠᠶᠢᠨ ᠤ ᠱᠠᠭᠠᠷᠳᠠᠯᠭ᠎ᠠ ᠪᠠᠷ ᠡᠯ᠎ᠡ ᠲᠦᠷᠦᠯ ᠤᠨ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ ᠠᠵᠢᠯ ᠢ ᠰᠠᠶᠢᠲᠤᠷ ᠬᠢᠵᠦ᠂ ᠪᠡᠯᠡᠳᠬᠡᠯ ᠲᠠᠢ ᠪᠣᠯ ᠪᠠᠯᠠᠳᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠦᠷᠭᠦᠯᠵᠢᠯᠡᠨ ᠭᠤᠤᠯ ᠮᠥᠷᠡᠨ ᠤ ᠳᠠᠯᠠᠩ ᠬᠠᠰᠢᠯᠭ᠎ᠠ᠂ ᠠᠭᠤᠯᠠᠨ ᠦᠶᠡᠷ ᠭᠠᠵᠠᠷ ᠤᠨ ᠭᠠᠮᠰᠢᠭ ᠤᠨ ᠬᠡᠮ ᠰᠤᠭᠤᠬ ᠤᠨ ᠴᠡᠭ᠂ ᠬᠤᠲᠠ ᠶᠢᠨ ᠳᠣᠲᠣᠷ᠎ᠠ ᠤᠰᠤᠲᠤᠯ ᠠᠮᠠᠷᠬᠠᠨ ᠡᠭᠦᠰᠬᠦ ᠣᠷᠣᠨ ᠵᠡᠷᠭᠡ ᠭᠤᠤᠯᠳᠠᠯᠭ᠎ᠠ ᠲᠠᠢ ᠣᠷᠣᠨ ᠲᠤᠭᠤᠷᠢᠬ ᠤᠨ ᠲᠤᠭᠤᠷᠢᠨ ᠳᠤ᠂ ᠲᠦᠭᠰᠢᠭᠦᠷᠢ ᠶᠢᠨ ᠬᠡᠮ ᠰᠤᠭᠤᠬ ᠢ ᠭᠦᠨᠵᠡᠭᠡᠶ ᠵᠢᠭᠰᠠᠭᠠᠨ ᠪᠠᠶᠢᠴᠠᠭᠠᠵᠤ ᠰᠢᠢᠳᠪᠤᠷᠢᠯᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠶᠡᠷ ᠤᠨ ᠬᠤᠭᠤᠴᠠᠭᠠᠨ ᠤ 24 ᠴᠠᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠ ᠲᠣᠭᠤᠷᠢᠨ ᠰᠡᠷᠭᠡᠶᠢᠯᠡᠬᠦ ᠴᠠᠭᠳᠠᠨ ᠪᠠᠶᠢᠴᠠᠭᠠᠬᠤ ᠶᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠡᠭᠦᠰᠪᠡᠯ ᠳᠠᠷᠤᠢ ᠲᠦᠷᠭᠡᠨ ᠬᠦᠴᠦᠨ ᠲᠤᠬᠢᠷᠠᠭᠤᠯᠤᠨ ᠠᠪᠤᠷᠠᠨ ᠲᠤᠰᠠᠯᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠭᠠᠮᠰᠢᠭ ᠤᠨ ᠬᠤᠬᠢᠷᠠᠯ ᠢ ᠬᠠᠮᠤᠭ ᠤᠨ ᠪᠠᠭ᠎ᠠ ᠬᠡᠮᠵᠢᠶᠡᠨ ᠳᠤ ᠡᠵᠡᠮᠳᠡᠬᠦ ᠬᠡᠷᠡᠭᠲᠡᠢ᠃ ᠭᠠᠮᠰᠢᠭᠳᠠᠭᠰᠠᠨ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠪᠠ ᠭᠠᠮᠰᠢᠭᠳᠠᠭᠰᠠᠨ ᠭᠠᠵᠠᠷ ᠣᠷᠣᠨ ᠤ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠥᠲᠥᠭᠡᠨ ᠪᠠᠶᠢᠭᠤᠯᠬᠤ ᠠᠵᠢᠯ ᠢ ᠲᠦᠷᠭᠡᠨ ᠠᠬᠢᠭᠤᠯᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠠᠬᠢ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠭᠠᠮᠰᠢᠭᠳᠠᠭᠰᠠᠨ ᠪᠠᠶᠢᠳᠠᠯ ᠢ ᠨᠢᠭᠲᠠ ᠠᠩᠬᠠᠷᠴᠤ᠂ ᠴᠢᠭᠯᠡᠯᠳᠤ ᠴᠢᠨᠠᠷᠲᠠᠢ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠠᠮᠰᠢᠭ ᠠᠴᠠ ᠪᠤᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠬᠡᠵᠤ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ