ᠪᠦᠬᠦ ᠣᠷᠣᠨ ᠤ ᠤᠢ ᠰᠢᠭᠤᠢ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠲᠦᠷᠢᠮ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/26
      7 ᠰᠠᠷ᠎ᠠ ᠶᠢᠨ 16 ᠤ ᠡᠳᠦᠷ᠂ ᠪᠦᠬᠦ ᠣᠷᠣᠨ ᠤ ᠤᠢ ᠰᠢᠭᠤᠢ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠲᠦᠷᠢᠮ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠧᠯᠸᠢᠰ ᠤᠲᠠᠰᠤ ᠬᠤᠷᠠᠯ ᠬᠤᠷᠠᠯᠳᠤᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠯᠢ ᠪᠢᠩ ᠷᠦᠩ᠂ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠳᠤ ᠣᠷᠣᠯᠴᠠᠵᠠᠶ᠃       ᠬᠤᠷᠠᠯ ᠠᠴᠠ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠡᠭᠤᠯᠤᠯᠲᠠ ᠮᠥᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠤᠯᠠᠮ ᠴᠢᠨᠠᠭᠰᠢᠳᠠ ᠨᠢᠭᠡᠳᠦᠯᠲᠡᠢ ᠲᠥᠯᠥᠪᠵᠢᠭᠦᠯᠬᠦ ᠴᠢᠬᠤᠯᠠ ᠶᠡᠭᠡ ᠲᠦᠷᠢᠮ ᠤᠨ ᠰᠢᠨ᠎ᠡ ᠡᠭᠦᠳᠦᠯᠲᠡ ᠮᠥᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠶᠡᠭᠡ ᠠᠵᠢᠯ ᠤᠨ ᠠᠷᠭ᠎ᠠ ᠠᠪᠴᠠᠯ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠤᠯᠭᠡᠵᠢᠭᠦᠯᠬᠦ ᠬᠡᠷᠡᠭᠲᠡᠶ᠃ ᠣᠶ ᠰᠢᠭᠤᠶ᠂ ᠨᠤᠲᠤᠭ ᠪᠡᠯᠴᠢᠭᠡᠷ ᠢ ᠬᠠᠮᠠᠭᠠᠯᠠᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ᠂ ᠬᠥᠭᠵᠢᠯᠲᠡ ᠶᠢᠨ ᠡᠭᠦᠷᠭᠡ᠂ ᠠᠷᠠᠳ ᠤᠨ ᠠᠮᠢᠳᠤᠷᠠᠯ ᠤᠨ ᠡᠭᠦᠷᠭᠡ ᠪᠣᠯᠭᠠᠵᠤ᠂ ᠣᠶ ᠰᠢᠭᠤᠶ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠴᠣᠭᠴᠠᠯᠠᠬᠤ ᠳᠤ ᠲᠦᠷᠢᠮ ᠤᠨ ᠪᠠᠲᠤᠯᠠᠭ᠎ᠠ ᠬᠠᠩᠭᠠᠬᠤ ᠭᠡᠷᠡᠭᠳᠠᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠣᠶ ᠰᠢᠭᠤᠶ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ︽ᠤᠢ ᠰᠢᠭᠤᠢ ᠨᠤᠲᠤᠭ ᠪᠡᠯᠴᠢᠭᠡᠷ︾ ᠭᠡᠬᠦ ᠭᠤᠣᠯ ᠰᠡᠳᠦᠪ ᠤᠨ ᠲᠣᠭᠤᠷᠢᠨ ᠳᠤ᠂ ᠬᠠᠮᠤᠭ ᠤᠨ ᠴᠢᠩᠭ᠎ᠠ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠡᠨᠡ ᠬᠦ ᠬᠠᠲᠠᠭᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠠᠮᠠᠭᠠᠯᠠᠵᠤ ᠬᠥᠭᠵᠢᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ︔ ︽ᠲᠠᠷᠤᠭ᠎ᠠ︾ ᠭᠡᠬᠦ ᠡᠨᠡ ᠬᠦ ᠭᠤᠤᠯᠳᠠᠯᠭ᠎ᠠ ᠶᠢ ᠡᠵᠡᠮᠳᠡᠨ᠂ ᠲᠠᠪᠤᠨ ᠱᠠᠲᠤᠨ ᠤ ᠣᠶ ᠰᠢᠭᠤᠶ ︵ᠨᠤᠲᠤᠭ ᠪᠡᠯᠴᠢᠭᠡᠷ︶ ᠶᠢᠨ ᠲᠠᠷᠤᠭ᠎ᠠ ᠶᠢᠨ ᠲᠦᠷᠢᠮ ᠤᠨ ᠰᠢᠰᠲ᠋ᠧᠮ ᠢ ᠱᠠᠯᠠᠪᠳᠠᠨ ᠪᠠᠶᠢᠭᠤᠯᠵᠤ᠂ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠦᠨ᠂ ᠬᠠᠮᠳᠤᠷᠠᠯ ᠬᠥᠴᠥᠨ ᠢ ᠪᠥᠷᠢᠯᠳᠥᠬᠦᠯᠵᠥ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢ ᠠᠬᠢᠭᠤᠯᠬᠤ ᠶᠢ ᠭᠡᠷᠡᠭᠳᠠᠢ︔ ︽ᠲᠦᠷᠢᠮ︾ ᠭᠡᠬᠦ ᠡᠨᠡ ᠬᠦ ᠵᠠᠩᠭᠢᠯᠠᠭ᠎ᠠ ᠶᠢ ᠠᠳᠬᠤᠵᠤ᠂ ᠲᠦᠷᠢᠮ ᠲᠣᠭᠲᠠᠭᠠᠯ ᠲᠣᠭᠲᠠᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ︽ᠤᠢ ᠰᠢᠭᠤᠢ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠲᠦᠷᠢᠮ︾ ᠢ ︽ᠤᠢ ᠰᠢᠭᠤᠢ ︵ᠨᠤᠲᠤᠭ ᠪᠡᠯᠴᠢᠭᠡᠷ︶ ᠶᠢ ᠤᠷᠲᠤ ᠬᠤᠭᠤᠴᠠᠭ᠎ᠠ ᠪᠠᠷ ᠵᠠᠰᠠᠵᠤ ᠤᠷᠲᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ︾ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂  ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠢᠨᠠᠨ ᠰᠢᠯᠭᠠᠵᠤ ᠬᠢᠨᠠᠯᠲᠠ ᠲᠠᠯᠪᠢᠬᠤ ᠶᠢ ᠰᠠᠶᠢᠲᠤᠷ ᠬᠢᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠣᠶ ᠰᠢᠭᠤᠢ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠲᠦᠷᠢᠮ ᠢ ᠦᠨᠡᠨ ᠬᠦ ᠨᠡᠷ᠎ᠡ ᠨᠢᠳᠡᠷ ᠲᠠᠢ᠂ ᠬᠦᠴᠦᠲᠡᠶ ᠪᠥᠭᠡᠳ ᠪᠦᠲᠦᠮᠵᠢᠲᠡᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃       ᠡᠯ᠎ᠡ ᠠᠶᠢᠮᠠᠭ ᠬᠤᠲᠠ ᠪᠣᠯᠤᠨ ᠮᠠᠨᠵᠤᠤᠷ᠂ ᠡᠷᠢᠶᠡᠨ ᠬᠤᠲᠠ᠂ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠭᠤᠤᠯ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ