ᠪᠦ᠋ ᠰᠢᠶᠤᠤ ᠯᠢᠨ ᠰᠢᠯᠢ ᠶᠢᠨ ᠭᠤᠤᠯ ᠠᠶᠢᠮᠠᠭ ᠲᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠤᠯᠠᠮᠵᠢᠯᠠᠯᠲᠤ ᠴᠠᠭᠠᠨ ᠢᠳᠡᠭᠡᠨ  ᠤ ᠠᠵᠤ ᠦᠢᠯᠡᠰ ᠤᠨ ᠬᠥᠭᠵᠢᠯᠲᠡ ᠪᠠ ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠨ ᠤᠯᠠᠮᠵᠢᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/7/28

      7 ᠰᠠᠷ᠎ᠠ ᠶᠢᠨ 25 ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠦᠬᠡ ᠬᠤᠰᠢᠭᠤ᠂ ᠠᠪᠠᠭ᠎ᠠ ᠬᠤᠰᠢᠭᠤ᠂ ᠰᠢᠯᠢᠩᠬᠤᠲᠠ ᠳᠤ ᠭᠦᠨᠵᠡᠭᠡᠶᠢᠷᠡᠵᠦ᠂ ᠮᠠᠯᠵᠢᠬᠤ ᠣᠷᠣᠨ ᠤ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠪᠣᠯᠤᠨ ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠨ ᠤᠯᠠᠮᠵᠢᠯᠠᠬᠤ ᠠᠵᠢᠯ ᠢ ᠪᠠᠶᠢᠴᠠᠭᠠᠨ ᠰᠤᠳᠤᠯᠪᠠ᠃



布小林在锡林郭勒盟调研.jpg


2.jpg


3.jpg


4.jpg


      ᠳᠡᠯᠭᠡᠷ ᠵᠤᠨ ᠤ ᠤᠯᠠᠷᠢᠯ ᠳᠤ᠂ ᠰᠢᠯᠢ ᠶᠢᠨ ᠭᠤᠣᠯ ᠤᠨ ᠲᠠᠯ᠎ᠠ ᠨᠤᠲᠤᠭ ᠲᠤ ᠨᠠᠷᠠ ᠬᠤᠷ᠎ᠡ ᠲᠠᠩᠴᠡᠵᠤ᠂ ᠦᠬᠡᠷ ᠬᠤᠨᠢᠳ ᠲᠠᠪᠠᠳᠠᠢ ᠢᠳᠡᠰᠢᠯᠡᠨ᠂ ᠮᠠᠯᠴᠢᠨ ᠠᠷᠠᠳ ᠰᠡᠳᠬᠢᠯ ᠲᠡᠨᠢᠬᠦᠨ᠃ ᠪᠦ᠋ ᠰᠢᠶᠤᠤ ᠯᠢᠨ ᠰᠢᠯᠤᠭᠤᠨ ᠬᠥᠬᠡ ᠬᠤᠰᠢᠭᠤᠨ ᠤ ᠮᠣᠩᠭᠤᠯ ᠬᠡᠷ ᠤᠨ ᠠᠵᠤ ᠦᠢᠯᠡᠰ ᠤᠨ ᠬᠦᠷᠢᠶᠡᠯᠡᠩ᠂ ᠮᠣᠩᠭᠤᠯ ᠬᠡᠷ ᠤᠨ ᠦᠢᠯᠡᠳᠪᠦᠷᠢ ᠳᠤ ᠬᠦᠷᠴᠦ᠂ ᠲᠤᠬᠠᠶ ᠶᠢᠨ ᠭᠠᠵᠠᠷ ᠤᠨ ᠮᠣᠩᠭᠤᠯ ᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ︔ ᠰᠢᠯᠢᠩᠬᠤᠲᠠ ᠶᠢᠨ ᠪᠤᠯᠠᠭᠠᠨ ᠰᠤᠮᠤ᠂ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠢ᠊ · ᠪᠤᠯᠠᠭ ᠣᠯᠠᠨ ᠤᠯᠤᠰ ᠤᠨ ᠮᠣᠷᠢᠨ ᠬᠤᠭᠤᠷ ᠤᠨ ᠳᠡᠭᠡᠳᠦ ᠰᠤᠷᠭᠠᠭᠤᠯᠢ ᠳᠤ ᠬᠦᠷᠴᠦ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠭᠰᠡᠨ ᠢ ᠪᠠᠶᠢᠴᠠᠭᠠᠨ ᠰᠤᠳᠤᠯᠪᠠ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠪᠤᠯᠬᠤ ᠠᠪᠠᠭ᠎ᠠ ᠬᠤᠰᠢᠭᠤᠨ ᠳᠤ᠂ ᠪᠦ᠋ ᠰᠢᠶᠤᠤ ᠯᠢᠨ ᠲᠤᠬᠠᠶ ᠶᠢᠨ ᠭᠠᠵᠠᠷ ᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠩᠭᠤᠷᠭᠤᠤᠯ ᠪᠠᠯᠭᠠᠰᠤᠨ ᠤ ᠬᠦᠢᠲᠡᠨ ᠰᠢᠯᠢ ᠪᠠᠶᠢᠭᠠᠯᠢ ᠶᠢᠨ ᠬᠠᠳᠤᠯᠠᠩ ᠤᠨ ᠭᠠᠵᠠᠷ ᠲᠤ ᠬᠦᠷᠴᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠ ᠬᠠᠳᠤᠯᠠᠩ ᠤᠨ ᠶᠡᠷᠦᠩᠬᠡᠶᠢᠯᠡᠭᠰᠡᠨ ᠠᠰᠢᠬᠯᠠᠯᠳᠠ ᠶᠢᠨ ᠦᠷ᠎ᠡ ᠠᠰᠢᠭ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠤᠷᠢᠳ ᠬᠤᠵᠢᠳ ᠣᠯᠠᠨ ᠭᠠᠴᠠᠭ᠎ᠠ ᠵᠢᠴᠢ ᠮᠠᠯᠴᠢᠳ ᠤᠨ ᠬᠡᠷ ᠲᠤ ᠬᠦᠷᠴᠦ᠂ ᠮᠠᠯᠵᠢᠬᠤ ᠣᠷᠣᠨ ᠤ ᠠᠮᠢ ᠠᠬᠤᠶ ᠶᠢᠨ ᠬᠠᠮᠠᠭᠠᠯᠠᠯᠲᠠ᠂ ᠣᠲᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠪᠠ ᠮᠠᠯᠴᠢᠳ ᠤᠨ ᠣᠷᠣᠯᠭ᠎ᠠ ᠶᠢᠨ ᠨᠡᠮᠡᠭᠳᠡᠯ ᠤᠨ ᠪᠠᠶᠢᠳᠠᠯ ᠢ ᠣᠶᠢᠯᠠᠭᠠᠪᠠ᠃ ᠪᠦ᠋ ᠰᠢᠶᠤᠤ ᠯᠢᠨ᠂ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠪᠣᠯ ᠮᠠᠨ ᠤ ᠣᠷᠣᠨ ᠤ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠮᠥᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠶᠢᠨ ᠪᠠᠶᠢᠪᠠᠰᠤ ᠵᠣᠬᠢᠬᠤ ᠠᠭᠤᠯᠭ᠎ᠠ ᠮᠥᠨ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠱᠠᠭᠠᠷᠳᠠᠯᠭ᠎ᠠ ᠶᠣᠰᠣᠭᠠᠷ᠂ ᠥᠷᠭᠡᠨ ᠣᠯᠠᠨ ᠮᠠᠯᠵᠢᠬᠤ ᠣᠷᠣᠨ ᠤ ᠨᠤᠲᠤᠭ ᠪᠡᠯᠴᠢᠭᠡᠷ᠂ ᠨᠤᠭᠤ ᠭᠠᠵᠠᠷ ᠵᠡᠷᠭᠡ ᠠᠮᠢ ᠠᠬᠤᠶ ᠶᠢᠨ ᠰᠢᠰᠲ᠋ᠧᠮ ᠢ ᠦᠨᠡᠨ ᠬᠦ ᠰᠠᠶᠢᠲᠤᠷ ᠬᠠᠮᠠᠭᠠᠯᠠᠵᠤ᠂ ᠤᠯᠠᠮᠵᠢᠯᠠᠯᠲᠤ ᠮᠠᠯ ᠠᠵᠤ ᠠᠬᠤᠶ ᠶᠢ ᠣᠲᠣ ᠦᠶ᠎ᠡ ᠶᠢᠨ ᠮᠠᠯ ᠠᠵᠤ ᠠᠬᠤᠶ ᠲᠡᠶᠢᠰᠢ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠮᠠᠯᠵᠢᠬᠤ ᠣᠷᠣᠨ ᠤ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠶᠢᠨ ᠰᠠᠶᠢᠬᠠᠨ ᠣᠷᠭᠠᠨᠢᠭ ᠨᠢᠭᠡᠳᠦᠯ ᠢ ᠠᠬᠢᠭᠤᠯᠵᠤ᠂ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠰᠢᠨ᠎ᠡ ᠠᠶᠠᠨ ᠳᠤᠮᠳᠠ ᠲᠠᠰᠤᠷᠠᠯᠲᠠ ᠦᠭᠡᠢ ᠰᠢᠨ᠎ᠡ ᠠᠯᠬᠤᠭ᠎ᠠ ᠶᠢ ᠠᠯᠬᠤᠬᠤ ᠬᠡᠷᠡᠭᠲᠡᠶ ᠭᠡᠵᠤ ᠵᠢᠭᠠᠵᠤ ᠭᠠᠷᠭᠠᠪᠠ᠃ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠪᠣᠯ ᠰᠢᠯᠢ ᠶᠢᠨ ᠭᠤᠤᠯ ᠠᠶᠢᠮᠠᠭ ᠤᠨ ᠣᠨᠴᠠᠯᠢᠭᠲᠤ ᠠᠵᠤ ᠦᠢᠯᠡᠰ ᠪᠣᠯᠤᠨ᠎ᠠ᠃ ᠪᠦ᠋ ᠰᠢᠶᠤᠤ ᠯᠢᠨ ᠴᠠᠩ ᠬᠤᠩ ᠴᠠᠭᠠᠨ ᠢᠳᠡᠭᠡᠨ ᠤ ᠦᠢᠯᠡᠳᠪᠦᠷᠢ ᠳᠤ ᠬᠦᠷᠴᠦ᠂ ᠴᠠᠭᠠᠨ ᠢᠳᠡᠭᠡᠨ ᠢ ᠨᠠᠷᠢᠯᠢᠭ ᠡᠳ᠋ᠰᠢᠭᠦᠯᠬᠦ ᠠᠵᠢᠯ ᠢ ᠰᠢᠨᠵᠢᠯᠡᠨ ᠪᠠᠶᠢᠴᠠᠭᠠᠪᠠ︔ ᠡᠷᠳᠡᠨᠢᠲᠠᠯ᠎ᠠ ᠭᠠᠴᠠᠭᠠᠨ ᠤ ᠲᠠᠪᠤᠨᠬᠡᠰᠢᠭ ᠴᠠᠭᠠᠨ ᠢᠳᠡᠭᠡᠨ ᠤ ᠲᠤᠰᠬᠠᠢ ᠬᠤᠷᠰᠢᠶ᠎ᠠ ᠶᠢᠨ ᠴᠠᠭᠠᠨ ᠢᠳᠡᠭᠡᠨ ᠢ ᠡᠳ᠋ᠰᠢᠭᠦᠯᠬᠦ ᠲᠣᠭᠤᠷᠢᠭ ᠤᠨ ᠦᠢᠯᠡᠳᠪᠦᠷᠢᠯᠡᠯ ᠤᠨ ᠨᠥᠬᠦᠴᠡᠯ ᠢ ᠪᠠᠶᠢᠴᠠᠭᠠᠨ ᠦᠵᠡᠵᠦ᠂ ᠦᠢᠯᠡᠳᠬᠦᠨ ᠤ ᠲᠥᠷᠥᠯ ᠵᠦᠶ᠋ᠯ ᠪᠠ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠪᠠᠶᠢᠳᠠᠯ ᠢ ᠣᠶᠢᠯᠠᠭᠠᠪᠠ᠃ ᠪᠦ᠋ ᠰᠢᠶᠤᠤ ᠯᠢᠨ᠂ ᠮᠠᠨ ᠤ ᠣᠷᠣᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠶᠡᠭᠡ ᠪᠠᠶᠢᠨ᠎ᠠ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠭᠦᠨᠵᠡᠭᠡᠶ ᠠᠬᠢᠭᠤᠯᠵᠤ᠂ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠴᠣᠭᠴᠠᠯᠠᠨ᠂ ᠤᠯᠠᠮᠵᠢᠯᠠᠯᠲᠤ ᠴᠠᠭᠠᠨ ᠢᠳᠡᠭᠡᠨ ᠤ ᠪᠠᠷᠢᠮᠵᠢᠶᠠᠵᠢᠭᠰᠠᠨ᠂ ᠡᠷᠴᠢᠮᠵᠢᠭᠰᠡᠨ᠂ ᠲᠥᠷᠥᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃


5.jpg


      ᠠᠪᠠᠭ᠎ᠠ ᠬᠤᠰᠢᠭᠤᠨ ᠤ ᠳ᠋ᠠᠢ ᠯᠠᠮᠠ ᠶᠢᠨ ᠰᠦᠮ᠎ᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠤᠯᠪᠣᠭᠠᠲᠤ ᠬᠤᠷᠠᠯ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠶᠢᠭᠤᠯᠭ᠎ᠠ ᠶᠢᠨ ᠰᠠᠭᠤᠭ᠎ᠠ ᠭᠠᠵᠠᠷ ᠪᠠᠶᠢᠭᠰᠠᠨ ᠶᠤᠮ᠃ ᠪᠦ᠋ ᠰᠢᠶᠤᠤ ᠯᠢᠨ ᠳ᠋ᠠᠶ ᠯᠠᠮᠠ ᠶᠢᠨ ᠰᠦᠮ᠎ᠡ ᠶᠢᠨ ᠪᠠᠭᠤᠷᠢ ᠳᠤ ᠬᠦᠷᠴᠦ ᠪᠠᠶᠢᠴᠠᠭᠠᠨ ᠰᠤᠳᠤᠯᠵᠤ᠂ ᠲᠤᠬᠠᠶ ᠶᠢᠨ ᠭᠠᠵᠠᠷ ᠤᠨ ᠬᠥᠮᠦᠰ ᠤᠨ ᠲᠠᠶᠢᠯᠤᠮᠵᠢ ᠶᠢ ᠰᠣᠨᠣᠰᠴᠤ᠂ ᠬᠤᠯᠪᠣᠭᠳᠠᠯ ᠪᠥᠬᠦᠶ ᠪᠠᠶᠢᠳᠠᠯ ᠢ ᠪᠠᠶᠢᠨ ᠪᠠᠶᠢᠨ ᠠᠰᠠᠭᠤᠨ ᠯᠠᠪᠯᠠᠵᠤ ᠪᠠᠶᠢᠯ᠎ᠠ᠃ ᠲᠡᠷᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠨᠠᠮ ᠤᠨ ᠤᠳᠤᠷᠢᠳᠤᠯᠭ᠎ᠠ ᠳᠣᠣᠷ᠎ᠠ ᠬᠠᠮᠤᠭ ᠤᠨ ᠡᠷᠲᠡ ᠪᠠᠶᠢᠭᠤᠯᠤᠭᠳᠠᠭᠰᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠪᠣᠯᠤᠨ᠎ᠠ᠂ ᠢᠷᠠᠭᠤ ᠠᠯᠳᠠᠷᠲᠤ ᠬᠤᠪᠢᠰᠬᠠᠯ ᠤᠨ ᠤᠯᠠᠮᠵᠢᠯᠠᠯ ᠪᠠ ᠭᠦᠨ ᠵᠤᠵᠠᠭᠠᠨ ᠬᠤᠪᠢᠰᠬᠠᠯ ᠤᠨ ᠤᠳᠤᠮᠰᠢᠯ ᠲᠠᠢ ᠶᠤᠮ᠂ ᠥᠪᠥᠷ ᠮᠣᠩᠭᠤᠯ ᠤᠨ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠠᠰᠢᠬᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠤᠮᠳᠠ ᠨᠠᠮ ᠤᠨ ᠦᠯᠢᠭᠡᠷ᠂ ᠬᠤᠪᠢᠰᠬᠠᠯ ᠤᠨ ᠦᠯᠢᠭᠡᠷ᠂ ᠪᠠᠭᠠᠲᠤᠷ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠤᠯᠠᠮᠵᠢᠯᠠᠯ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠬᠤᠪᠢᠰᠬᠠᠯ ᠤᠨ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠬᠤ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ