ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠯᠥᠰᠥᠨ ᠠᠵᠢᠯᠴᠢᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ | ᠲᠦᠷᠦᠭᠦᠯᠡᠵᠦ᠂ ᠬᠥᠯᠥᠰᠥᠨ ᠠᠵᠢᠯᠴᠢᠨ ᠤ ᠴᠠᠯᠢᠩ ᠣᠯᠭᠤᠯᠲᠠ ᠶᠢ ᠪᠠᠲᠤᠯᠠᠬᠤ ᠪᠠ ᠬᠥᠯᠥᠰᠥᠨ ᠠᠵᠢᠯᠴᠢᠨ ᠤ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ | ᠴᠢᠩᠭᠠᠳᠬᠠᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠪᠦᠬᠦ ᠤᠯᠤᠰ ᠤᠨ ᠬᠥᠯᠥᠰᠥᠨ ᠠᠵᠢᠯᠴᠢᠨ ᠤ | ᠠᠵᠢᠯ ᠢ ᠰᠢᠮᠳᠠᠭᠤᠯᠤᠨ ᠪᠠᠶᠢᠴᠠᠭᠠᠬᠤ᠂ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠬᠤ ᠪᠠ ᠥᠷᠢᠲᠦᠬᠦ ᠠᠵᠢᠯ ᠢ ᠦᠨᠳᠦᠰᠦᠨ ᠠᠴᠠ ᠨᠢ ᠵᠠᠰᠠᠬᠤ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠬᠥᠬᠡᠬᠤᠲᠠ ᠳᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠬᠤᠲᠠ ᠶᠢᠨ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠥᠪ ᠠᠴᠠ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠠᠵᠢᠯᠲᠠᠨ᠂ ᠬᠠᠤᠯᠢᠴᠢ ᠵᠢᠴᠢ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ | ᠠᠵᠢᠯᠯᠠᠭᠴᠢ ᠶᠢ ᠵᠣᠬᠢᠶᠠᠨ ᠪᠠᠶᠢᠭᠤᠯᠵᠤ ᠪᠠᠶᠢᠭᠠᠳ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠬᠥᠯᠥᠰᠥᠨ ᠠᠵᠢᠯᠴᠢᠨ ᠳᠤ ᠬᠠᠤᠯᠢ | ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠬᠠᠩᠭᠠᠬᠤ ᠬᠥᠳᠡᠯᠭᠡᠭᠡᠨ ᠥᠷᠨᠢᠭᠦᠯᠪᠡ᠃ 7 ᠳ᠋ᠤᠭᠠᠷ ᠰᠠᠷ᠎ᠠ ᠶᠢᠨ 21 ᠤ ᠡᠳᠦᠷ᠂ ᠭᠠᠳᠠᠭᠰᠢ ᠭᠠᠷᠴᠤ ᠬᠥᠯᠥᠰᠥᠨ | ᠠᠵᠢᠯ ᠬᠢᠭᠰᠡᠳ ᠤᠨ ᠦᠢᠯᠡᠴᠢᠯᠡᠭᠡᠨ ᠤ ᠲᠥᠪ ᠲᠤ ︽ᠬᠠᠤᠯᠢ ᠴᠠᠭᠠᠵᠠ ᠶᠢᠨ ᠦᠢᠯᠡᠴᠢᠯᠡᠭᠡ ᠪᠠᠷ ᠬᠥᠯᠥᠰᠥᠨ ᠠᠵᠢᠯᠴᠢᠨ ᠤ ᠵᠣᠯ ᠵᠢᠷᠭᠠᠯᠲᠤ ᠠᠮᠢᠳᠤᠷᠠᠯ ᠳᠤ ᠬᠦᠴᠦᠨ | ᠨᠡᠮᠡᠷᠢᠯᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠤᠬᠠᠭᠤᠯᠭ᠎ᠠ ᠶᠢᠨ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠵᠢᠴᠢ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠬᠡᠯᠪᠡᠷᠢ ᠪᠠᠷ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠠᠵᠢᠯᠲᠠᠨ ᠠᠴᠠ ᠬᠠᠤᠯᠢ ᠴᠠᠭᠠᠵᠠ ᠶᠢᠨ ᠲᠤᠰᠠᠯᠠᠮᠵᠢ ᠶᠢᠨ ᠬᠦᠷᠢᠶ᠎ᠡ ᠬᠡᠪᠴᠢᠶ᠎ᠡ ᠪᠣᠯᠤᠨ | ᠭᠤᠶᠤᠴᠢᠯᠠᠬᠤ ᠠᠷᠭ᠎ᠠ ᠬᠡᠯᠪᠡᠷᠢ ᠵᠢᠴᠢ ᠬᠥᠯᠥᠰᠥᠨ ᠠᠵᠢᠯᠴᠢᠨ ᠳᠤ ︽ᠰᠠᠭᠠᠳ ᠦᠭᠡᠶ ᠨᠡᠪᠲᠡᠷᠡᠬᠦ ᠵᠠᠮ︾ ᠨᠡᠭᠡᠭᠡᠬᠦ ᠵᠡᠷᠭᠡ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠢ | ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠵᠠᠶ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠪᠣᠳᠠᠲᠤ ᠬᠡᠷᠡᠭ ᠢᠶᠠᠷ ᠬᠠᠤᠯᠢ ᠴᠠᠭᠠᠵᠠ ᠳᠤ | ᠲᠠᠶᠢᠯᠤᠮᠵᠢ ᠬᠢᠬᠦ ᠪᠠᠷ ᠳᠠᠮᠵᠢᠭᠤᠯᠤᠨ᠂ ᠬᠥᠯᠥᠰᠥᠨ ᠠᠵᠢᠯᠴᠢᠨ ᠳᠤ ︽ᠬᠥᠳᠡᠯᠮᠦᠷᠢ ᠶᠢᠨ ᠭᠡᠷ᠎ᠡ︾᠂ ︽ᠬᠥᠯᠥᠰᠥᠨ ᠠᠵᠢᠯᠴᠢᠨ ᠤ ᠴᠠᠯᠢᠩ ᠣᠯᠭᠤᠯᠲᠠ ᠶᠢ ᠪᠠᠲᠤᠯᠠᠬᠤ | ᠲᠦᠷᠢᠮ︾ ᠵᠢᠴᠢ ᠬᠥᠯᠥᠰᠥᠨ ᠠᠵᠢᠯᠴᠢᠨ ᠤ ᠠᠰᠢᠭ ᠲᠤᠰᠠ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠮᠵᠢᠲᠠᠶ ᠪᠥᠭᠡᠳ ᠭᠦᠨᠵᠡᠭᠡᠶ | ᠲᠠᠶᠢᠯᠪᠤᠷᠢᠯᠠᠵᠤ ᠥᠭᠪᠡ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠬᠥᠯᠥᠰᠥᠨ ᠠᠵᠢᠯᠴᠢᠨ ᠤ ᠲᠤᠰ ᠪᠡᠶ᠎ᠡ ᠳᠤ ᠣᠷᠣᠰᠢᠵᠤ ᠪᠠᠶᠢᠭ᠎ᠠ | ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠵᠡᠢ᠃ | ᠬᠤᠲᠠ ᠶᠢᠨ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠠᠴᠠ ᠲᠣᠰ | ᠤᠳᠠᠭᠠᠨ ᠤ ᠰᠢᠮᠳᠠᠭᠤᠯᠤᠨ ᠪᠠᠶᠢᠴᠠᠭᠠᠯᠲᠠ ᠪᠠᠷ ᠲᠣᠬᠢᠶᠠᠯ ᠪᠣᠯᠭᠠᠵᠤ᠂ ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠥᠯᠥᠰᠥᠨ | ᠠᠵᠢᠯᠴᠢᠨ ᠤ ᠴᠠᠯᠢᠩ ᠣᠯᠭᠤᠯᠲᠠ ᠶᠢ ᠪᠠᠲᠤᠯᠠᠬᠤ ᠠᠵᠢᠯ ᠢ ᠨᠠᠶᠢᠳᠠᠪᠤᠷᠢᠵᠢᠭᠤᠯᠵᠤ᠂ ᠬᠥᠯᠥᠰᠥᠨ ᠠᠵᠢᠯᠲᠠᠳ ᠲᠤ ᠳᠥᠭᠦᠮ ᠳᠥᠲᠡ᠂ ᠬᠢᠯᠪᠠᠷ ᠣᠶᠢᠯᠠᠭᠠᠮᠵᠢᠲᠠᠢ᠂ | ᠨᠠᠷᠢᠯᠢᠭ ᠣᠨᠣᠪᠴᠢᠲᠠᠢ᠂ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠬᠠᠩᠭᠠᠪᠠ᠃ |